ᠥᠪᠥᠷ ᠮᠣᠩᠭᠣᠯ᠎ᠤᠨ ᠡᠪᠡᠰᠦᠨ ᠤ᠋ ᠡᠭᠦᠯᠳᠡᠷ ᠢ᠋ ᠬᠢᠨᠠᠨ ᠲᠣᠭ᠍ᠲᠠᠭᠠᠭᠰᠠᠨ ᠬᠡᠮᠵᠢᠶ᠎ᠡ ᠪᠥᠬᠥ᠌ ᠤᠯᠤᠰ ᠲᠤ᠌ ᠲᠦᠷᠦᠬᠦᠯᠡᠪᠡ
2026-03-31 10:43:00
ᠵᠣᠬᠢᠶᠠᠭ᠍ᠴᠢ᠄
​ ᠨᠠᠮᠤᠭ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠦᠪᠦᠷ ᠮᠤᠩᠭᠤᠯ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ 2025 ᠣᠨ᠎ᠤ ᠡᠪᠡᠰᠦᠨ ᠤ᠋ ᠡᠭᠦᠯᠳᠡᠷ ᠢ᠋ ᠬᠢᠨᠠᠨ ᠲᠣᠭ᠍ᠲᠠᠭᠠᠵᠤ ᠪᠠᠲᠤᠯᠠᠭ᠍ᠰᠠᠨ ᠨᠡᠷᠡᠰ ᠤ᠋ᠨ ᠵᠢᠭ᠍ᠰᠠᠭᠠᠯᠲᠠ ᠶ᠋ᠢ ᠨᠡᠢᠲᠡᠯᠡᠪᠡ᠂ ᠡᠭᠦᠨ ᠳ᠋ᠤ 32 ᠪᠣᠢᠵᠢᠭᠤᠯᠤᠭ᠍ᠰᠠᠨ ᠡᠭᠦᠯᠳᠡᠷ᠂ 4 ᠵᠡᠷᠯᠢᠭ ᠡᠪᠡᠰᠤ ᠶ᠋ᠢ ᠲᠠᠷᠢᠵᠤ ᠪᠤᠢᠵᠢᠭᠤᠯᠤᠭᠰᠠᠨ ᠡᠭᠦᠯᠳᠡᠷ ᠪᠠᠭ᠍ᠲᠠᠵᠤ᠂ ᠨᠡᠢᠲᠡ 36 ᠡᠪᠡᠰᠦᠨ ᠤ᠋ ᠡᠭᠦᠯᠳᠡᠷ ᠢ᠋ ᠬᠢᠨᠠᠨ ᠲᠣᠭ᠍ᠲᠠᠭᠠᠭ᠍ᠰᠠᠨ ᠪᠠᠢᠨ᠎ᠠ᠃ ᠤᠳᠤᠬᠠᠨ ᠪᠤᠯᠲᠠᠯ᠎ᠠ᠂ ᠥᠪᠥᠷ ᠮᠣᠩᠭᠣᠯ ᠨᠢᠭᠡᠨᠲᠡ 313 ᠡᠪᠡᠰᠦᠨ ᠤ᠋ ᠡᠭᠦᠯᠳᠡᠷ ᠢ᠋ ᠬᠢᠨᠠᠨ ᠲᠣᠭ᠍ᠲᠠᠭᠠᠵᠤ᠂ ᠦᠷᠭᠦᠯᠵᠢᠯᠡᠨ ᠪᠥᠬᠥ᠌ ᠤᠯᠤᠰ᠎ᠤᠨ ᠲᠡᠷᠢᠭᠦᠨ ᠤ᠋ ᠪᠠᠢᠷᠢ ᠰᠠᠭᠤᠷᠢ᠎ᠪᠠᠨ ᠪᠠᠲᠤᠯᠠᠪᠠ᠃

ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠴᠢᠬᠢ ᠪᠤᠯ ᠤᠯᠤᠰ᠎ᠤᠨ ᠨᠤᠲᠤᠭ ᠳᠡᠪᠢᠰᠭᠡᠷ ᠢ᠋ ᠨᠣᠭᠣᠭᠠᠷᠠᠭᠤᠯᠬᠤ ᠂ ᠣᠶ ᠱᠢᠭᠤᠶ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠠᠵᠤ ᠦᠶ᠋ᠯᠡᠰ ᠢ᠋ ᠲᠠᠰ ᠳᠡᠪᠱᠢᠭᠦᠯᠬᠦ᠌ ᠶ᠋ᠢᠨ ᠭᠤᠤᠯᠳᠠᠯᠭ᠎ᠠ ᠮᠥᠨ᠃ 2025 ᠣᠨ᠎ᠳᠤ ᠡᠪᠡᠰᠦᠨ ᠤ᠋ ᠲᠥᠷᠥᠯ ᠵᠦᠶ᠋ᠯ ᠢ᠋ ᠬᠢᠨᠠᠨ ᠲᠣᠭ᠍ᠲᠠᠭᠠᠬᠤ᠎ᠳᠠᠭᠠᠨ ᠥᠪᠥᠷ ᠮᠣᠩᠭᠣᠯ᠎ᠭᠤᠤᠯᠳᠠᠭᠤ ᠱᠢᠯᠢᠳᠡᠭ ᠰᠠᠢᠨ ᠨᠤᠲᠤᠭ᠎ᠤᠨ ᠡᠪᠡᠰᠦᠨ ᠤ᠋ ᠲᠥᠷᠥᠯ ᠪᠠ ᠴᠢᠨᠠᠷ ᠰᠠᠢᠲᠠᠶ ᠲᠡᠵᠢᠭᠡᠯ ᠡᠪᠡᠰᠦᠨ ᠤ᠋ ᠲᠥᠷᠥᠯ ᠵᠦᠶ᠋ᠯ ᠤ᠋ᠨ ᠬᠠᠩᠭᠠᠯᠭ᠎ᠠ ᠶ᠋ᠢ ᠳᠡᠭᠡᠭ᠌ᠰᠢᠯᠡᠭᠦᠯᠬᠦ ᠪᠡᠷ ᠬᠦᠴᠦᠯᠡᠵᠦ᠍᠂ ᠮᠠᠨ᠎ᠤ ᠤᠯᠤᠰ᠎ᠤᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠶ᠋ᠢ ᠪᠠᠲᠤ ᠴᠣᠭ᠍ᠴᠠᠯᠠᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠬᠡᠭᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠳᠤ ᠦᠷ᠎ᠡ ᠶ᠋ᠢᠨ ᠦᠶ᠋ᠯᠡᠰ ᠤ᠋ᠨ ᠪᠠᠲᠤᠯᠠᠭ᠎ᠠ ᠬᠠᠩᠭᠠᠪᠠ᠃

ᠭᠠᠩ ᠬᠠᠭ᠍ᠰᠠᠷᠠᠭᠠᠨ ᠲᠠᠢ ᠳᠡᠮᠡᠴᠡᠬᠦ᠂ ᠰᠠᠯᠬᠢ ᠡᠯᠡᠰᠦᠨ ᠳ᠋ᠤ ᠳᠠᠭᠠᠭᠠᠴᠠᠲᠠᠢ ᠨᠤᠲᠤᠭ᠎ᠤᠨ ᠡᠪᠡᠰᠦᠨ ᠦᠷ᠎ᠡ ᠶ᠋ᠢ ᠰᠣᠩᠭᠣᠨ ᠪᠣᠢᠵᠢᠭᠤᠯᠬᠤ᠎ᠳᠤ ᠠᠩᠬᠠᠷᠤᠯ ᠵᠢᠡᠨ ᠲᠥᠪᠯᠡᠷᠡᠭᠦᠯᠵᠦ᠍᠂ ᠵᠦᠩ ᠼᠤᠤ 63 ᠨᠣᠮᠧᠷᠲᠤ ᠶᠦᠷᠬᠦᠭ᠂ ᠵᠦᠩ ᠼᠤᠤ 73 ᠨᠣᠮᠧᠷᠲᠤ ᠬᠢᠶᠠᠭ ᠡᠪᠡᠰᠦ ᠵᠡᠷᠭᠡ ᠠᠮᠢ ᠠᠬᠤᠶ ᠶ᠋ᠢ ᠰᠡᠷᠭᠦᠭᠡᠬᠦ᠌ ᠳ᠋ᠤ ᠬᠡᠷᠡᠭ᠌ᠯᠡᠬᠦ᠌ 8 ᠦᠷ᠎ᠡ ᠶ᠋ᠢ ᠬᠢᠨᠠᠨ ᠲᠣᠭ᠍ᠲᠠᠭᠠᠵᠤ᠂ ᠨᠤᠲᠤᠭ ᠪᠡᠯᠴᠢᠭᠡᠷ ᠤ᠋ᠨ ᠮᠠᠭᠤᠳᠠᠬᠤ᠂ ᠡᠯᠡᠰᠦᠷᠬᠡᠭ᠌ᠵᠢᠬᠦ᠌ ᠪᠠ ᠬᠤᠵᠢᠷᠱᠢᠬᠤ ᠶ᠋ᠢ ᠰᠡᠷᠭᠦᠭᠡᠨ ᠵᠠᠰᠠᠬᠤ᠂ ᠨᠠᠯᠠᠨ ᠤᠨᠠᠬᠤ ᠶ᠋ᠢ ᠳᠠᠭᠠᠭᠠᠬᠤ᠂ ᠴᠢᠨᠠᠷ ᠰᠠᠢᠲᠠᠶ ᠨᠤᠲᠤᠭ᠎ᠤᠨ ᠡᠪᠡᠰᠦᠨ ᠡᠭᠦᠯᠳᠡᠷ ᠤ᠋ᠨ ᠬᠡᠷᠡᠭ᠌ᠴᠡᠭᠡ ᠶ᠋ᠢ ᠬᠠᠩᠭᠠᠪᠠ᠃ ᠰᠦ ᠵᠢᠨ ᠦᠶ᠋ᠯᠡᠰ᠂ ᠮᠢᠬᠠᠨ᠎ᠤ ᠦᠶ᠋ᠯᠡᠰ ᠵᠡᠷᠭᠡ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠴᠢᠨᠠᠷ ᠰᠠᠢᠲᠠᠶ ᠲᠡᠵᠢᠭᠡᠯ ᠡᠪᠡᠰᠦ ᠵᠢᠴᠢ ᠬᠤᠵᠢᠷᠯᠢᠭ ᠭᠠᠵᠠᠷ ᠢ᠋ ᠰᠠᠢᠵᠢᠷᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ ᠵᠢᠡᠨ ᠲᠥᠪᠯᠡᠷᠡᠭᠦᠯᠵᠦ᠍᠂ ᠴᠢᠨᠠᠷ ᠰᠠᠢᠲᠠᠶ ᠥᠨᠳᠥᠷ ᠤᠨᠠᠯᠲᠠ᠎ᠲᠠᠶ ᠪᠠ ᠨᠠᠯᠠᠨ ᠤᠨᠠᠬᠤ ᠶ᠋ᠢ ᠳᠠᠭᠠᠭᠠᠬᠤ ᠴᠢᠨᠠᠷᠲᠠᠶ ᠴᠠᠷᠭᠠᠰᠤ ᠵᠡᠷᠭᠡ ᠡᠪᠡᠰᠦᠨ ᠤ᠋ ᠲᠥᠷᠥᠯ ᠵᠦᠶ᠋ᠯ ᠢ᠋ ᠰᠣᠩᠭᠣᠨ ᠪᠣᠢᠵᠢᠭᠤᠯᠬᠤ ᠶ᠋ᠢ ᠲᠦᠷᠭᠡᠳᠭᠡᠵᠦ᠍᠂ ᠲᠠᠯ᠎ᠠ ᠨᠤᠲᠤᠭ᠎ᠤᠨ 7 ᠨᠣᠮᠧᠷᠲᠤ ᠬᠦᠷᠡᠩ ᠴᠠᠷᠭᠠᠰᠤ ᠵᠡᠷᠭᠡ ᠥᠨᠳᠥᠷ ᠤᠨᠠᠯᠲᠠ᠎ᠲᠠᠶ᠂ ᠬᠦᠶ᠋ᠲᠡᠨ ᠳ᠋ᠤ ᠲᠡᠰᠪᠦᠷᠢᠲᠠᠢ᠂ ᠭᠠᠩ ᠬᠠᠭ᠍ᠰᠠᠷᠠᠭᠠᠨ ᠲᠠᠢ ᠳᠡᠮᠡᠴᠡᠬᠦ᠂ ᠬᠤᠵᠢᠷ᠎ᠲᠤ ᠳᠠᠭᠠᠭᠠᠴᠠᠲᠠᠢ ᠵᠡᠷᠭᠡ ᠣᠨᠴᠠᠯᠢᠭ ᠪᠥᠬᠥᠶ ᠴᠢᠨᠠᠷ ᠰᠠᠢᠲᠠᠶ ᠲᠡᠵᠢᠭᠡᠯ ᠡᠪᠡᠰᠦᠨ ᠤ᠋ ᠲᠥᠷᠥᠯ ᠵᠦᠶ᠋ᠯ ᠢ᠋ 28 ᠭᠠᠷᠭᠠᠵᠤ᠂ ᠨᠤᠲᠤᠭ ᠪᠡᠯᠴᠢᠭᠡᠷ ᠤ᠋ᠨ ᠠᠮᠢ ᠠᠬᠤᠶ ᠶ᠋ᠢ ᠵᠠᠰᠠᠨ ᠰᠡᠷᠭᠦᠭᠡᠬᠦ᠌ ᠦᠷ᠎ᠡ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠶ᠋ᠢ ᠤᠯᠠᠮ ᠨᠢᠭᠡ ᠠᠯᠬᠤᠮ ᠪᠠᠲᠤᠯᠠᠵᠤ᠂ ᠪᠤᠷᠤ ᠴᠠᠷᠭᠠᠰᠤ ᠵᠡᠷᠭᠡ ᠴᠢᠨᠠᠷ ᠰᠠᠢᠲᠠᠶ ᠲᠡᠵᠢᠭᠡᠯ ᠡᠪᠡᠰᠦᠨ ᠤ᠋ ᠦᠷ᠎ᠡ ᠶ᠋ᠢ ᠤᠯᠤᠰ᠎ᠲᠠᠭᠠᠨ ᠦᠶ᠋ᠯᠡᠳᠪᠦᠷᠢᠯᠡᠬᠦ᠌ ᠨᠣᠷᠮ᠎ᠠ ᠶ᠋ᠢ ᠳᠡᠭᠡᠭ᠌ᠰᠢᠯᠡᠭᠦᠯᠤᠨ᠂ ᠤᠯᠤᠰ᠎ᠤᠨ ᠴᠢᠨᠠᠷ ᠰᠠᠢᠲᠠᠶ ᠲᠡᠵᠢᠭᠡᠯ ᠡᠪᠡᠰᠦᠨ ᠤ᠋ ᠰᠠᠭᠤᠷᠢᠨ ᠢ᠋ ᠪᠦᠲᠦᠭᠡᠨ ᠪᠠᠢᠭᠤᠯᠬᠤ᠂ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠪᠠᠢᠭᠤᠯᠬᠤ ᠳ᠋ᠤ ᠪᠠᠲᠤ ᠪᠡᠬᠢ ᠪᠠᠲᠤᠯᠠᠭ᠎ᠠ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号