ᠪᠦᠬᠦ ᠣᠷᠣᠨ ᠤ᠋ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠠᠵᠢᠯ ᠰᠢᠨ᠎ᠡ ᠦᠷ᠎ᠡ ᠪᠦᠲᠦᠮᠵᠢ ᠤᠯᠪᠠ
2026-03-31 10:21:02
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ  ᠬᠤᠷᠠᠯᠳᠤᠭᠰᠠᠨ 2026 ᠣᠨ ᠤ᠋ ᠪᠦᠬᠦ ᠣᠷᠣᠨ ᠤ᠋ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢᠨ ᠠᠵᠢᠯ ᠤ᠋ᠨ ᠬᠤᠷᠠᠯ ᠡᠴᠡ ᠤᠢᠯᠠᠭᠠᠭᠰᠠᠨ ᠵᠢᠡᠷ᠂ 2025 ᠣᠨ ᠳ᠋ᠤ ᠪᠦᠬᠦ ᠣᠷᠣᠨ ᠤ᠋ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠠᠵᠢᠯ ᠰᠢᠨ᠎ᠡ ᠦᠷ᠎ᠡ ᠪᠦᠲᠦᠮᠵᠢ ᠤᠯᠪᠠ᠃

2025 ᠣᠨ ᠳ᠋ᠤ᠂ ᠥᠪᠥᠷ ᠮᠣᠩᠭᠣᠯ ᠤ᠋ᠨ ᠠᠩᠬᠠᠳᠠᠭᠴᠢ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢᠨ ᠫᠣᠰᠲ ᠳ᠋ᠣᠺᠲ᠋ᠣᠷ ᠤ᠋ᠨ ᠰᠤᠳᠤᠯᠭᠠᠨ ᠤ᠋ ᠠᠵᠢᠯᠯᠠᠬᠤ ᠥᠷᠲᠡᠭᠡ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠳ᠋ᠤ᠌ ᠪᠠᠢᠭᠤᠯᠤᠭᠳᠠᠪᠠ; ᠠᠷᠠᠳ ᠲᠤ᠌ ᠦᠢᠯᠡᠴᠢᠯᠡᠬᠦ ᠨᠠᠢ᠍ᠮᠠᠨ ᠪᠣᠳᠠᠲᠤ ᠶᠠᠪᠤᠳᠠᠯ ᠢ᠋ ᠬᠡᠷᠡᠭᠵᠢᠭᠦᠯᠵᠦ᠂ 《ᠹᠦ ᠷᠦ ᠭᠦᠧᠧ ᠡᠮ ᠤ᠋ᠨ ᠳᠠᠩᠬᠢᠮ》 ᠤ᠋ᠨ ᠵᠠᠭᠪᠤᠷ ᠢ᠋ ᠳᠡᠯᠭᠡᠷᠡᠭᠦᠯᠵᠦ᠂ ᠰᠢᠯᠢᠳᠡᠭ ᠡᠮᠴᠢᠯᠡᠭᠡᠨ ᠤ᠋ ᠡᠬᠢ ᠪᠠᠶᠠᠯᠢᠭ ᠢ᠋ ᠦᠷᠭᠦᠯᠵᠢᠯᠡᠨ ᠨᠠᠢᠳᠠᠪᠤᠷᠢᠵᠢᠭᠤᠯᠪᠠ; ᠤᠯᠠᠮᠵᠢᠯᠠᠬᠤ ᠪᠠ ᠰᠢᠨ᠎ᠡ ᠵᠢ ᠡᠭᠦᠳᠬᠦ ᠠᠵᠢᠯ ᠰᠢᠨ᠎ᠡ ᠠᠬᠢᠴᠠ ᠲᠠᠢ ᠪᠣᠯᠵᠤ᠂ ᠲᠦᠩᠯᠢᠶᠣᠣ ᠬᠣᠲᠠ ᠵᠢᠨ ᠤᠯᠤᠰ ᠤ᠋ᠨ ᠬᠢᠲᠠᠳ ᠡᠮ ᠡᠮᠨᠡᠯᠭᠡ ᠵᠢ ᠵᠠᠯᠭᠠᠮᠵᠢᠯᠠᠬᠤ ᠪᠠ ᠰᠢᠨ᠎ᠡ ᠵᠢ ᠡᠭᠦᠳᠬᠦ ᠬᠥᠭᠵᠢᠯᠲᠡ ᠵᠢᠨ ᠲᠤᠷᠰᠢᠯᠲᠠ ᠵᠢᠨ ᠣᠷᠣᠨ ᠤ᠋ ᠪᠦᠲᠦᠭᠡᠨ ᠪᠠᠢᠭᠤᠯᠤᠯᠲᠠ ᠯᠠᠪᠳᠠᠭᠤᠨ ᠵᠢᠠᠷ ᠠᠬᠢᠵᠤ᠂ ᠮᠣᠩᠭᠣᠯ ᠡᠮ ᠡᠮᠨᠡᠯᠭᠡ ᠵᠢᠨ ᠡᠷᠲᠡᠨ ᠤ᠋ ᠡᠮ ᠤ᠋ᠨ ᠰᠣᠩᠭᠣᠳᠠᠭ 20 ᠵᠣᠷ ᠢ᠋ ᠰᠤᠳᠤᠯᠤᠨ ᠨᠤᠲᠠᠯᠠᠵᠤ᠂ ᠮᠣᠩᠭᠣᠯ ᠡᠮ ᠤ᠋ᠨ ᠰᠢᠨ᠎ᠡ ᠡᠮ 《ᠰᠣᠯᠣᠩᠭ᠎ᠠ — 4》 ᠶ᠋ᠢ ᠡᠮᠴᠢᠯᠡᠭᠡᠨ ᠤ᠋ ᠲᠤᠷᠰᠢᠯᠲᠠ ᠳ᠋ᠤ᠌ ᠣᠷᠣᠭᠤᠯᠵᠠᠢ; ᠴᠢᠳᠠᠪᠤᠷᠢᠲᠠᠨ ᠤ᠋ ᠬᠥᠭᠵᠢᠯᠲᠡ ᠵᠢᠨ ᠰᠢᠨ᠎ᠡ ᠠᠮᠵᠢᠯᠲᠠ ᠵᠢ ᠤᠯᠵᠤ᠂ ᠴᠢ ᠬᠤᠸᠠᠩ ᠢᠨᠵᠧᠨᠧᠷᠢᠩ ᠪᠣᠯᠤᠨ ᠰᠢᠯᠢᠳᠡᠭ ᠴᠢᠳᠠᠪᠤᠷᠢᠲᠠᠨ ᠢ᠋ ᠬᠥᠮᠦᠵᠢᠭᠦᠯᠬᠦ ᠬᠠᠮᠵᠢᠯᠴᠠᠭ᠎ᠠ ᠵᠢ ᠬᠦᠴᠦᠯᠡᠨ ᠬᠡᠷᠡᠭᠵᠢᠭᠦᠯᠵᠤ᠂ ᠡᠧᠦ᠋ᠷᠦᠫᠠ ᠡᠮᠨᠡᠯᠭᠡ ᠵᠢ ᠰᠤᠷᠤᠯᠴᠠᠬᠤ ᠬᠢᠳᠠᠳ ᠡᠮᠨᠡᠯᠭᠡ (ᠮᠣᠩᠭᠣᠯ ᠡᠮᠨᠡᠯᠭᠡ) ᠵᠢᠨ ᠡᠩᠨᠡᠭᠡ ᠵᠢ ᠦᠷᠭᠦᠯᠵᠢᠯᠡᠨ ᠥᠷᠭᠡᠳᠪᠡ; ᠨᠡᠭᠡᠭᠡᠯᠲᠡᠲᠦ ᠰᠣᠶᠣᠯ ᠎ᠦᠨ ᠰᠢᠨ᠎ᠡ ᠪᠠᠢᠳᠠᠯ ᠢ᠋ ᠪᠣᠢ ᠪᠣᠯᠭᠠᠵᠤ᠂ 《ᠲᠠᠯ᠎ᠠ ᠨᠤᠲᠤᠭ ᠤ᠋ᠨ ᠲᠣᠷᠭᠠᠨ ᠵᠠᠮ ᠤ᠋ᠨ ᠦᠢᠯᠡᠳᠬᠡᠯ》 ᠮᠣᠩᠭᠣᠯ  ᠤᠯᠤᠰ ᠲᠤ᠌ ᠫᠠᠢᠰᠠ ᠡᠯᠭᠦᠨ ᠠᠵᠢᠯᠯᠠᠵᠤ᠂ ᠳᠤᠮᠳᠠᠳᠤ ᠤᠯᠤᠰ — ᠷᠦᠸᠠᠨᠳᠠ ᠵᠢᠨ ᠬᠢᠲᠠᠳ ᠡᠮᠨᠡᠯᠭᠡ ᠵᠢᠨ ᠣᠨᠣᠰᠢᠯᠠᠨ ᠡᠮᠨᠡᠬᠦ ᠲᠥᠪ ᠤ᠋ᠨ ᠠᠭᠤᠯᠤᠭᠳᠠᠬᠤᠨ ᠢ᠋ ᠥᠷᠭᠡᠳᠬᠡᠨ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢᠨ ᠰᠣᠶᠣᠯ ᠤ᠋ᠨ ᠬᠡᠪ ᠪᠣᠯᠪᠠᠰᠤᠷᠠᠯ ᠢ᠋ 29.55% ᠪᠣᠯᠲᠠᠯ᠎ᠠ ᠳᠡᠭᠡᠭᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号