ᠮᠠᠨ ᠤ᠋ ᠤᠷᠤᠨ ᠪᠦᠬᠦᠢᠯᠡ ᠡᠮ ᠤ᠋ᠨ ᠵᠦᠢᠯᠡᠰ ᠤ᠋ᠨ ᠪᠦᠬᠦ ᠶᠠᠪᠤᠴᠠ ᠵᠢᠨ ᠮᠦᠷᠳᠡᠯᠳᠡ ᠵᠢᠨ ᠰᠢᠰᠲ᠋ᠧᠮ ᠤ᠋ᠨ ᠪᠠᠢᠭᠤᠯᠤᠯᠳᠠ ᠶ᠋ᠢ ᠲᠦᠷᠬᠡᠳᠬᠡᠨ ᠠᠬᠢᠭᠤᠯᠵᠤ ᠪᠤᠢ
2026-03-31 10:34:56
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢᠨ ᠵᠦᠪᠯᠡᠯ ᠪᠤᠯᠤᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠳᠤᠯᠠᠭ᠎ᠠ ᠶ᠋ᠢᠨ ᠲᠤᠪᠴᠢᠶ᠎ᠠ ᠲᠠᠢ ᠬᠠᠮᠳᠤᠷᠠᠨ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠢᠭᠤᠯᠤᠮᠵᠢ ᠶ᠋ᠢᠨ ᠪᠦᠬᠦᠢᠯᠡ ᠡᠮ ᠤ᠋ᠨ ᠵᠦᠢᠯᠡᠰ ᠤ᠋ᠨ ᠪᠦᠬᠦ ᠶᠠᠪᠤᠴᠠ ᠵᠢᠨ ᠮᠦᠷᠳᠡᠯᠳᠡ ᠵᠢᠨ ᠰᠢᠰᠲ᠋ᠧᠮ ᠤ᠋ᠨ ᠪᠠᠢᠭᠤᠯᠤᠯᠳᠠ ᠶ᠋ᠢᠨ ᠠᠵᠢᠯ ᠤ᠋ᠨ ᠬᠡᠷᠡᠭᠵᠢᠭᠦᠯᠬᠦ ᠲᠦᠰᠦᠯ》 ᠢ᠋ ᠳᠠᠷᠤᠮᠠᠯᠯᠠᠨ ᠲᠠᠷᠬᠠᠭᠠᠪᠠ᠃

ᠬᠡᠷᠡᠭᠵᠢᠭᠦᠯᠬᠦ ᠲᠦᠰᠦᠯ ᠳ᠋ᠤ᠂ 2026 ᠤᠨ ᠤ᠋ 6 ᠰᠠᠷ᠎ᠠ ᠶ᠋ᠢᠨ ᠰᠡᠭᠦᠯᠴᠢ ᠪᠤᠯᠳᠠᠯ᠎ᠠ ᠪᠦᠬᠦ ᠤᠷᠤᠨ ᠤ᠋ ᠨᠢᠭᠡᠳᠦᠭᠡᠷ ᠳᠡᠰ ᠡᠴᠡ ᠳᠡᠭᠡᠭᠰᠢᠬᠢ ᠡᠮᠴᠢᠯᠡᠭᠡᠨ ᠤ᠋ ᠪᠠᠢᠭᠤᠯᠤᠮᠵᠢ (ᠨᠢᠭᠡᠳᠦᠭᠡᠷ ᠳᠡᠰ ᠢ᠋ ᠪᠠᠭᠳᠠᠭᠠᠨ᠎ᠠ) ᠵᠢᠴᠢ ᠡᠮᠴᠢᠯᠡᠭᠡᠨ ᠤ᠋ ᠳᠠᠭᠠᠳᠬᠠᠯ ᠤ᠋ᠨ ᠳᠤᠭᠳᠠᠭᠰᠠᠨ ᠡᠮᠴᠢᠯᠡᠭᠡᠨ ᠤ᠋ ᠪᠠᠢᠭᠤᠯᠤᠮᠵᠢ ᠳ᠋ᠤ ᠪᠦᠷ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠮᠦᠷᠳᠡᠯᠳᠡ ᠶ᠋ᠢᠨ ᠰᠢᠰᠲ᠋ᠧᠮ ᠢ᠋ ᠪᠠᠢᠭᠤᠯᠵᠤ᠂ ᠦᠪᠡᠷᠳᠡᠭᠡᠨ ᠵᠠᠰᠠᠬᠤ ᠤᠷᠤᠨ ᠡᠴᠡ ᠡᠷᠬᠡ ᠤᠯᠭᠤᠭᠰᠠᠨ ᠨᠤᠷᠮ᠎ᠠ ᠶ᠋ᠢ 100% ᠳ᠋ᠤ ᠬᠦᠷᠭᠡᠨ᠂ ᠡᠬᠢᠨ ᠤ᠋ ᠦᠢᠯᠡᠳᠭᠦᠨ ᠤ᠋ ᠠᠵᠤ ᠠᠬᠤᠢᠯᠠᠯ ᠤ᠋ᠨ ᠬᠦᠮᠦᠷᠭᠡ ᠡᠴᠡ ᠭᠠᠷᠭᠠᠬᠤ ᠳ᠋ᠤ ᠰᠢᠯᠭᠠᠨ ᠪᠠᠢᠴᠠᠭᠠᠬᠤ ᠨᠤᠷᠮ᠎ᠠ᠂ ᠲᠤᠰ ᠪᠠᠢᠭᠤᠯᠤᠮᠵᠢ ᠶ᠋ᠢᠨ ᠬᠦᠮᠦᠷᠭᠡ ᠡᠴᠡ ᠭᠠᠷᠭᠠᠬᠤ ᠳ᠋ᠠᠭᠠᠨ ᠦᠪᠡᠰᠦᠪᠡᠨ ᠰᠢᠯᠭᠠᠨ ᠪᠠᠢᠴᠠᠭᠠᠬᠤ ᠨᠤᠷᠮ᠎ᠠ ᠶ᠋ᠢ ᠴᠦᠮ 95% ᠡᠴᠡ ᠳᠡᠭᠡᠭᠰᠢ ᠳ᠋ᠤ ᠬᠦᠷᠭᠡᠨ᠎ᠠ; 2026 ᠤᠨ ᠤ᠋ 12 ᠰᠠᠷ᠎ᠠ ᠶ᠋ᠢᠨ ᠰᠡᠭᠦᠯᠴᠢ ᠪᠤᠯᠳᠠᠯ᠎ᠠ ᠡᠯ᠎ᠠ ᠰᠤᠮᠤ ᠰᠢᠶᠠᠩ ᠪᠠᠯᠭᠠᠰᠤ ᠶ᠋ᠢᠨ ᠡᠷᠡᠭᠦᠯ ᠬᠠᠮᠠᠭᠠᠯᠠᠯ ᠤ᠋ᠨ ᠬᠤᠷᠢᠶ᠎ᠠ᠂ ᠨᠡᠢᠭᠡᠮ ᠲᠤᠭᠤᠷᠢᠭ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠲᠦᠪ᠂ ᠨᠡᠢᠭᠡᠮ ᠲᠤᠭᠤᠷᠢᠭ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠦᠷᠳᠡᠭᠡ᠂ ᠭᠠᠴᠠᠭ᠎ᠠ ᠲᠤᠰᠬᠤᠨ ᠤ᠋ ᠡᠷᠡᠭᠦᠯ ᠬᠠᠮᠠᠭᠠᠯᠠᠯ ᠤ᠋ᠨ ᠲᠠᠰᠤᠭ᠂ ᠬᠤᠪᠢ ᠬᠦᠮᠦᠨ ᠤ᠋ ᠡᠮᠨᠡᠯᠭᠡ ᠶ᠋ᠢᠨ ᠭᠠᠵᠠᠷ ᠵᠡᠷᠭᠡ ᠡᠯ᠎ᠠ ᠲᠦᠷᠦᠯ ᠤ᠋ᠨ ᠦᠨᠳᠦᠰᠦᠨ ᠱᠠᠳᠤᠨ ᠤ᠋ ᠡᠮᠴᠢᠯᠡᠭᠡᠨ ᠤ᠋ ᠪᠠᠢᠭᠤᠯᠤᠮᠵᠢ ᠳ᠋ᠤ ᠮᠦᠷᠳᠡᠯᠳᠡ ᠶ᠋ᠢᠨ ᠰᠢᠰᠲ᠋ᠧᠮ ᠤ᠋ᠨ ᠪᠠᠢᠭᠤᠯᠤᠯᠳᠠ ᠶ᠋ᠢ ᠪᠦᠬᠦ ᠲᠠᠯ᠎ᠠ ᠪᠡᠷ ᠪᠡᠶᠡᠯᠡᠭᠦᠯᠵᠦ᠂ ᠦᠪᠡᠷᠳᠡᠭᠡᠨ ᠵᠠᠰᠠᠬᠤ ᠤᠷᠤᠨ ᠡᠴᠡ ᠡᠷᠬᠡ ᠤᠯᠭᠤᠭᠰᠠᠨ ᠨᠤᠷᠮ᠎ᠠ ᠶ᠋ᠢ 100% ᠳ᠋ᠤ ᠬᠦᠷᠭᠡᠨ᠎ᠠ᠃ ᠡᠭᠦᠨ ᠳ᠋ᠤ ᠰᠤᠮᠤ ᠰᠢᠶᠠᠩ ᠪᠠᠯᠭᠠᠰᠤ ᠶ᠋ᠢᠨ ᠡᠷᠡᠭᠦᠯ ᠬᠠᠮᠠᠭᠠᠯᠠᠯ ᠤ᠋ᠨ ᠬᠤᠷᠢᠶ᠎ᠠ᠂ ᠨᠡᠢᠭᠡᠮ ᠲᠤᠭᠤᠷᠢᠭ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠲᠦᠪ ᠤ᠋ᠨ ᠬᠤᠯᠪᠤᠭᠳᠠᠯ ᠪᠦᠬᠦᠢ ᠰᠢᠯᠭᠠᠨ ᠪᠠᠢᠴᠠᠭᠠᠬᠤ ᠨᠤᠷᠮ᠎ᠠ ᠶ᠋ᠢᠨ ᠪᠠᠷᠢᠮᠵᠢᠶ᠎ᠠ ᠶ᠋ᠢ ᠨᠢᠭᠡᠳᠦᠭᠡᠷ ᠳᠡᠰ ᠡᠴᠡ ᠳᠡᠭᠡᠭᠰᠢᠬᠢ ᠡᠮᠴᠢᠯᠡᠭᠡᠨ ᠤ᠋ ᠪᠠᠢᠭᠤᠯᠤᠮᠵᠢ ᠲᠠᠢ ᠨᠢᠭᠡᠳᠦᠯᠳᠠᠢ ᠪᠠᠢᠯᠭᠠᠵᠤ᠂ ᠨᠡᠢᠭᠡᠮ ᠲᠤᠭᠤᠷᠢᠭ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠦᠷᠳᠡᠭᠡ᠂ ᠭᠠᠴᠠᠭ᠎ᠠ ᠲᠤᠰᠬᠤᠨ ᠤ᠋ ᠡᠷᠡᠭᠦᠯ ᠬᠠᠮᠠᠭᠠᠯᠠᠯ ᠤ᠋ᠨ ᠲᠠᠰᠤᠭ᠂ ᠬᠤᠪᠢ ᠬᠦᠮᠦᠨ ᠤ᠋ ᠡᠮᠨᠡᠯᠭᠡ ᠶ᠋ᠢᠨ ᠭᠠᠵᠠᠷ ᠵᠡᠷᠭᠡ ᠦᠨᠳᠦᠰᠤᠨ ᠱᠠᠳᠤᠨ ᠤ᠋ ᠡᠮᠴᠢᠯᠡᠭᠡᠨ ᠤ᠋ ᠪᠠᠢᠭᠤᠯᠤᠮᠵᠢ ᠶ᠋ᠢᠨ ᠡᠬᠢᠨ ᠤ᠋ ᠦᠢᠯᠡᠳᠭᠦᠨ ᠤ᠋ ᠠᠵᠤ ᠠᠬᠤᠢᠯᠠᠯ ᠤ᠋ᠨ ᠬᠦᠮᠦᠷᠭᠡ ᠡᠴᠡ ᠭᠠᠷᠭᠠᠬᠤ ᠳ᠋ᠤ ᠰᠢᠯᠭᠠᠨ ᠪᠠᠢᠴᠠᠭᠠᠬᠤ ᠨᠤᠷᠮ᠎ᠠ᠂ ᠲᠤᠰ ᠪᠠᠢᠭᠤᠯᠤᠮᠵᠢ ᠶ᠋ᠢᠨ ᠬᠦᠮᠦᠷᠭᠡ ᠡᠴᠡ ᠭᠠᠷᠭᠠᠬᠤ ᠳ᠋ᠠᠭᠠᠨ ᠦᠪᠡᠰᠦᠪᠡᠨ ᠰᠢᠯᠭᠠᠨ ᠪᠠᠢᠴᠠᠭᠠᠬᠤ ᠨᠤᠷᠮ᠎ᠠ ᠶ᠋ᠢ ᠪᠦᠷ 90% ᠡᠴᠡ ᠳᠡᠭᠡᠭᠰᠢ ᠳ᠋ᠤ ᠬᠦᠷᠭᠡᠨ᠎ᠠ ᠭᠡᠵᠦ ᠬᠤᠶᠠᠷ ᠱᠠᠳᠤᠴᠢ ᠴᠢᠨᠠᠷᠳᠠᠢ ᠬᠠᠷᠠᠯᠳᠠ ᠳᠤᠷᠠᠳᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号