ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠪᠦᠬᠦ ᠤᠷᠤᠨ ᠤ᠋ ᠬᠤᠳᠠ ᠬᠦᠳᠡᠭᠡ ᠶ᠋ᠢᠨ ᠠᠭᠤᠯᠵᠠᠷ ᠤᠷᠤᠨ ᠪᠠ ᠮᠠᠯᠵᠢᠬᠤ ᠲᠠᠷᠢᠶᠠᠯᠠᠬᠤ ᠤᠷᠤᠨ ᠤ᠋ ᠡᠮ ᠤ᠋ᠨ ᠵᠦᠢᠯᠡᠰ ᠤ᠋ᠨ ᠶᠠᠰᠤ ᠴᠢᠨᠠᠷ ᠤ᠋ᠨ ᠲᠦᠭᠰᠢᠭᠦᠷᠢ ᠶ᠋ᠢ ᠬᠢᠨᠠᠨ ᠰᠢᠯᠭᠠᠬᠤ ᠠᠵᠢᠯ ᠢ᠋ ᠡᠬᠢᠯᠡᠭᠦᠯᠪᠡ᠃
ᠲᠤᠰ ᠤᠳᠠᠭ᠎ᠠ ᠶ᠋ᠢᠨ ᠬᠢᠨᠠᠨ ᠰᠢᠯᠭᠠᠬᠤ ᠠᠵᠢᠯ ᠨᠢ ᠪᠦᠬᠦ ᠤᠷᠤᠨ ᠤ᠋ ᠬᠤᠳᠠ ᠬᠦᠳᠡᠭᠡ ᠶ᠋ᠢᠨ ᠠᠭᠤᠯᠵᠠᠷ ᠤᠷᠤᠨ᠂ ᠮᠠᠯᠵᠢᠬᠤ ᠲᠠᠷᠢᠶᠠᠯᠠᠬᠤ ᠤᠷᠤᠨ ᠵᠡᠷᠭᠡ ᠬᠢᠨᠠᠯᠳᠠ ᠬᠠᠮᠢᠶᠠᠷᠤᠯᠳᠠ ᠶ᠋ᠢᠨ ᠬᠦᠴᠦᠨ ᠬᠠᠷᠢᠴᠠᠩᠭᠤᠢ ᠪᠠᠭᠤᠷᠠᠢ᠂ ᠲᠦᠭᠰᠢᠭᠦᠷᠢ ᠪᠠ ᠳᠠᠯᠳᠠ ᠠᠶᠤᠯ ᠠᠮᠠᠷᠬᠠᠨ ᠡᠭᠦᠰᠴᠤ ᠤᠯᠠᠨᠳᠠ ᠡᠭᠦᠰᠬᠦ ᠪᠤᠢᠳᠠ ᠪᠦᠭᠯᠡᠭᠦᠦ ᠭᠠᠵᠠᠷ ᠤᠷᠤᠨ ᠶ᠋ᠢᠡᠷ ᠭᠤᠤᠯᠳᠠᠯᠭ᠎ᠠ ᠪᠤᠯᠭᠠᠨ᠂ ᠵᠢᠵᠢᠭᠯᠡᠨ ᠪᠤᠷᠤᠯᠠᠭᠤᠯᠬᠤ ᠡᠮ ᠤ᠋ᠨ ᠳᠡᠯᠭᠡᠭᠦᠷ᠂ ᠰᠢᠶᠠᠩ ᠪᠠᠯᠭᠠᠰᠤᠨ ᠤ᠋ ᠡᠷᠡᠭᠦᠯ ᠬᠠᠮᠠᠭᠠᠯᠠᠯ ᠤ᠋ᠨ ᠬᠤᠷᠢᠶ᠎ᠠ᠂ ᠲᠤᠰᠬᠤᠨ ᠤ᠋ ᠡᠷᠡᠭᠦᠯ ᠬᠠᠮᠠᠭᠠᠯᠠᠯ ᠤ᠋ᠨ ᠲᠠᠰᠤᠭ᠂ ᠬᠤᠪᠢ ᠶ᠋ᠢᠨ ᠡᠮᠨᠡᠯᠭᠡ ᠶ᠋ᠢᠨ ᠭᠠᠵᠠᠷ ᠵᠡᠷᠭᠡ ᠲᠠᠯᠠᠪᠤᠷ ᠭᠠᠵᠠᠷ ᠶ᠋ᠢᠡᠷ ᠭᠤᠤᠯ ᠪᠤᠯᠭᠠᠵᠤ᠂ ᠨᠠᠰᠤᠳᠠᠢᠴᠤᠳ᠂ ᠬᠡᠤᠬᠡᠳ᠂ ᠵᠢᠷᠮᠦᠰᠦᠨ ᠪᠦᠰᠡᠭᠦᠢ᠂ ᠮᠠᠯᠵᠢᠬᠤ ᠲᠠᠷᠢᠶᠠᠯᠠᠬᠤ ᠤᠷᠤᠨ ᠤ᠋ ᠪᠡᠶ᠎ᠠ ᠶ᠋ᠢᠨ ᠬᠦᠳᠡᠯᠮᠦᠷᠢᠴᠢᠳ ᠵᠡᠷᠭᠡ 4 ᠲᠦᠷᠦᠯ ᠤ᠋ᠨ ᠬᠦᠮᠦᠰ ᠤ᠋ᠨ ᠪᠠᠢᠩᠭᠤ ᠬᠡᠷᠡᠭᠯᠡᠬᠦ 12 ᠵᠦᠢᠯ ᠤ᠋ᠨ ᠡᠮ ᠢ᠋ ᠰᠤᠩᠭᠤᠨ᠂ 《ᠳᠠᠷᠠᠬᠠᠢ ᠪᠤᠳᠠᠷᠬᠠᠢ ᠪᠡᠷ ᠦᠯᠢᠭᠡᠷ ᠠᠪᠬᠤ᠂ ᠲᠦᠪᠯᠡᠷᠡᠭᠦᠯᠦᠨ ᠰᠢᠯᠭᠠᠨ ᠪᠠᠢᠴᠠᠭᠠᠬᠤ》 ᠬᠠᠷᠠᠯᠳᠠᠳᠤ ᠴᠢᠨᠠᠷᠳᠠᠢ ᠬᠢᠨᠠᠨ ᠰᠢᠯᠭᠠᠬᠤ ᠠᠷᠭ᠎ᠠ ᠬᠡᠯᠪᠡᠷᠢ ᠪᠡᠷ ᠪᠤᠢᠳᠠ ᠪᠦᠭᠯᠡᠭᠦᠦ ᠭᠠᠵᠠᠷ ᠤᠷᠤᠨ ᠤ᠋ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠡᠮ ᠰᠤᠭᠤᠭ ᠢ᠋ ᠪᠦᠬᠦ ᠲᠠᠯ᠎ᠠ ᠪᠡᠷ ᠵᠢᠭᠰᠠᠭᠠᠨ ᠪᠠᠢᠴᠠᠭᠠᠬᠤ ᠪᠤᠯᠤᠨ᠎ᠠ᠃
ᠡᠨᠡ ᠪᠤᠯ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠤᠯᠠᠨ ᠲᠦᠮᠡᠨ ᠤ᠋ ᠡᠮ ᠤ᠋ᠨ ᠵᠦᠢᠯᠡᠰ ᠢ᠋ ᠠᠮᠦᠷ ᠲᠦᠪᠰᠢᠨ ᠶ᠋ᠢᠡᠷ ᠬᠡᠷᠡᠭᠯᠡᠬᠦ ᠬᠡᠷᠡᠭᠴᠡᠭᠡ ᠳ᠋ᠤ ᠬᠠᠨᠳᠤᠭᠤᠯᠤᠨ ᠶᠠᠪᠤᠭᠤᠯᠤᠭᠰᠠᠨ ᠠᠩᠬᠠᠳᠠᠭᠴᠢ ᠪᠦᠬᠦ ᠤᠷᠤᠨ ᠤ᠋ ᠬᠡᠪᠴᠢᠶᠠᠨ ᠤ᠋ ᠲᠤᠰᠬᠠᠢ ᠴᠢᠭᠯᠡᠭᠦᠯᠦᠯᠳᠤ ᠴᠢᠨᠠᠷᠳᠠᠢ ᠬᠢᠨᠠᠨ ᠰᠢᠯᠭᠠᠬᠤ ᠠᠵᠢᠯ ᠪᠠᠢᠵᠤ᠂ ᠦᠨᠳᠦᠰᠦᠨ ᠱᠠᠳᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠳᠤᠳᠠᠭᠤᠳᠠᠯ ᠢ᠋ ᠨᠠᠷᠢᠨ ᠤᠨᠤᠴᠠᠳᠠᠢ ᠨᠦᠬᠦᠪᠤᠷᠢᠯᠡᠬᠦ᠂ ᠡᠮ ᠤ᠋ᠨ ᠵᠦᠢᠯᠡᠰ ᠤ᠋ᠨ ᠠᠮᠤᠷ ᠲᠦᠪᠰᠢᠨ ᠤ᠋ ᠪᠠᠳᠤᠯᠠᠭ᠎ᠠ ᠶ᠋ᠢᠨ 《ᠡᠴᠤᠰ ᠤ᠋ᠨ ᠨᠢᠭᠡ ᠺᠢᠯᠦᠮᠧᠲᠷ》 ᠢ᠋ ᠨᠡᠪᠳᠡᠷᠡᠭᠦᠯᠬᠦ ᠳ᠋ᠤ ᠴᠢᠬᠤᠯᠠ ᠦᠢᠯᠡᠳᠦᠯ ᠦᠵᠡᠭᠦᠯᠬᠦ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠬᠢᠨᠠᠨ ᠰᠢᠯᠭᠠᠬᠤ ᠠᠵᠢᠯ ᠤ᠋ᠨ ᠠᠬᠢᠴᠠ ᠶ᠋ᠢ ᠨᠢᠭᠳᠠ ᠠᠩᠬᠠᠷᠴᠤ᠂ ᠡᠯ᠎ᠠ ᠠᠢᠮᠠᠭ ᠬᠤᠳᠠ ᠬᠢᠭᠡᠳ ᠡᠯ᠎ᠠ ᠪᠠᠢᠴᠠᠭᠠᠬᠤ ᠪᠠᠢᠭᠤᠯᠭ᠎ᠠ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠤᠨ᠂ ᠬᠢᠨᠠᠨ ᠰᠢᠯᠭᠠᠬᠤ ᠠᠵᠢᠯ ᠤ᠋ᠨ ᠶᠠᠰᠤ ᠴᠢᠨᠠᠷ ᠤ᠋ᠨ ᠪᠤᠭᠤᠮᠳᠠ ᠶ᠋ᠢ ᠪᠠᠳᠤ ᠰᠠᠬᠢᠬᠤ ᠶ᠋ᠢᠨ ᠬᠠᠮᠳᠤ ᠬᠢᠨᠠᠨ ᠰᠢᠯᠭᠠᠭᠰᠠᠨ ᠦᠷ᠎ᠠ ᠳ᠋ᠦᠩ ᠢ᠋ ᠰᠤᠳᠤᠯᠤᠨ ᠮᠠᠭᠠᠳᠯᠠᠬᠤ ᠶ᠋ᠢ ᠴᠢᠩᠭᠠᠳᠬᠠᠨ᠂ ᠲᠦᠭᠰᠢᠭᠦᠷᠢ ᠶ᠋ᠢᠨ ᠰᠡᠷᠡᠮᠵᠢᠯᠡᠭᠦᠯᠦᠯ ᠢ᠋ ᠴᠠᠭ ᠲᠤᠬᠠᠢ ᠳ᠋ᠤᠨᠢ ᠨᠡᠢᠳᠡᠯᠡᠬᠦ ᠪᠤᠯᠤᠨ᠎ᠠ᠃