ᠬᠠᠨᠳᠤᠰᠢ ᠳ᠋ᠤ ᠠᠨᠭᠬᠠᠷᠤᠯ ᠵᠢᠡᠨ ᠲᠦᠪᠯᠡᠷᠡᠬᠦᠯᠤᠨ ᠡᠨ᠋ᠸᠷᠬᠢ ᠤᠯᠭᠤᠵᠤ ᠬᠦᠭᠵᠢᠨ ᠴᠡᠴᠡᠭᠯᠡᠭᠰᠡᠨ ᠰᠦᠯᠵᠢᠶᠡᠨ᠎ᠦ ᠠᠮᠢ ᠠᠬᠤᠢ᠎ᠶ᠋ᠢ ᠬᠠᠮᠳᠤ ᠪᠡᠷ ᠴᠤᠬᠴᠠᠯᠠᠨ᠎ᠠ
2026-03-31 10:09:02
ᠵᠣᠬᠢᠶᠠᠭ᠍ᠴᠢ᠄
ᠸᠠᠩ ᠴᠢᠶᠠᠨ ᠬᠤᠢ ᠸᠠᠩ ᠰᠧ ᠪᠸᠢ
ᠣᠩᠱᠢᠭ᠍ᠰᠠᠨ ᠣᠳᠠᠭ᠎ᠠ᠄
★★★☆☆

2026 ᠳᠤᠮᠳᠠᠳᠤ ᠤᠯᠤᠰ᠎ᠤᠨ ᠰᠦᠯᠵᠢᠶᠡᠨ᠎ᠦ ᠵᠠᠭᠤᠴᠢᠯᠠᠭᠤᠷ᠎ᠤᠨ ᠶᠠᠷᠢᠶᠠᠨ᠎ᠤ ᠲᠠᠪᠴᠠᠩ ᠤ᠋ᠨ ᠲᠤᠬᠠᠢ ᠬᠦᠤᠷᠨᠢᠯ


3 ᠰᠠᠷ᠎ᠠ ᠎ᠶ᠋ᠢᠨ 28 ᠡᠴᠡ 29 ᠎ᠤ᠋ ᠡᠳᠦᠷ ᠪᠣᠯᠲᠠᠯ᠎ᠠ᠂ 《ᠭᠤᠤᠯ ᠤᠷᠤᠰᠭᠠᠯ᠎ᠤᠨ ᠵᠠᠭᠤᠴᠢᠯᠠᠭᠤᠷ ᠎ᠤᠨ ᠬᠥᠲᠥᠯᠥᠨ ᠳᠠᠭᠠᠭᠤᠯᠬᠤ ᠬᠦᠴᠦᠨ ᠎ᠢ ᠪᠠᠳᠠᠷᠠᠭᠤᠯᠵᠤ ᠣᠯᠠᠨ ᠡᠱᠢᠲᠦ ᠭᠤᠤᠯ ᠴᠣᠭ᠍ᠴᠠ ᠎ᠶ᠋ᠢᠨ ᠪᠦᠲᠦᠭᠡᠯᠴᠢ ᠬᠦᠴᠦᠨ ᠎ᠢ ᠬᠥᠭ᠌ᠵᠢᠭᠡᠨ᠎ᠡ — ᠬᠦᠭᠵᠢᠨ ᠴᠡᠴᠡᠭᠯᠡᠭᠰᠡᠨ ᠰᠦᠯᠵᠢᠶᠡᠨ᠎ᠦ ᠠᠭᠤᠯᠭ᠎ᠠ ᠵᠢᠨ ᠠᠮᠢ ᠠᠬᠤᠶ ᠎ᠶ᠋ᠢ ᠬᠠᠮᠲᠤ᠎ᠪᠠᠷ ᠴᠣᠭ᠍ᠴᠠᠯᠠᠶ᠎ᠠ》 ᠭᠡᠬᠦ᠌ ᠭᠤᠤᠯ ᠰᠡᠳᠦᠪᠲᠦ 2026 ᠳᠤᠮᠳᠠᠳᠤ ᠤᠯᠤᠰ ᠎ᠤᠨ ᠰᠦᠯᠵᠢᠶᠡᠨ᠎ᠦ ᠵᠠᠭᠤᠴᠢᠯᠠᠭᠤᠷ᠎ᠤᠨ ᠶᠠᠷᠢᠶᠠᠨ᠎ᠤ ᠲᠠᠪᠴᠠᠩ ᠾᠧᠨᠠᠨ ᠎ᠤ ᠵᠸᠩᠵᠸᠦ᠍᠎ᠳᠦ ᠶᠠᠪᠤᠭ᠍ᠳᠠᠪᠠ᠃ ᠶᠠᠷᠢᠶᠠᠨ᠎ᠤ ᠲᠠᠪᠴᠠᠩ᠎ᠤᠨ ᠬᠤᠭᠤᠴᠠᠭᠠᠨ᠎ᠳᠤ ᠡᠬᠢᠯᠡᠯᠲᠡ᠎ᠶ᠋ᠢᠨ ᠶᠣᠰᠣᠯᠠᠯ᠂ ᠢᠳᠡᠪᠬᠢ ᠬᠦᠴᠦᠨ᠎ᠢ ᠵᠣᠬᠢᠶᠠᠨ ᠪᠦᠲᠦᠭᠡᠭ᠌ᠴᠢ᠎ᠶ᠋ᠢᠨ ᠶᠡᠬᠡ ᠬᠤᠷᠠᠯ᠂ ᠲᠤᠭᠠᠴᠢᠯᠠᠯᠳᠠ ᠤᠶᠤᠨᠴᠢᠯᠠᠯᠳᠠ ᠪᠡᠷ ᠢᠳᠡᠪᠬᠢ ᠬᠦᠴᠦᠨ ᠤ᠋ ᠦᠢᠯᠡᠳᠪᠤᠷᠢᠯᠡᠯ ᠲᠡᠮᠵᠢᠭᠤᠯᠭ᠎ᠠ ᠳ᠋ᠤ ᠬᠦᠴᠤᠨ ᠤᠯᠭᠤᠬᠤ ᠶᠡᠬᠡ ᠬᠤᠷᠠᠯ ᠵᠢᠴᠢ 4 ᠲᠠᠯᠠᠪᠤᠷ ᠭᠣᠣᠯ ᠰᠡᠳᠦᠪᠲᠦ ᠶᠠᠷᠢᠶᠠᠨ᠎ᠤ ᠲᠠᠪᠴᠠᠩ ᠎ᠢ ᠡᠷᠬᠢᠯᠡᠵᠦ᠍᠂ ᠡᠯ᠎ᠡ ᠡᠲᠡᠭᠡᠳ ᠎ᠦᠨ ᠲᠥᠯᠥᠭᠡᠯᠡᠭ᠌ᠴᠢᠳ ᠬᠠᠯᠠᠮᠱᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠦᠵᠡᠯ ᠰᠠᠨᠠᠭ᠎ᠠ᠎ᠪᠠᠨ ᠰᠣᠯᠢᠯᠴᠠᠵᠤ᠂ ᠲᠤᠷᠱᠢᠯᠭ᠎ᠠ᠎ᠪᠠᠨ ᠬᠤᠪᠢᠶᠠᠯᠴᠠᠵᠤ᠂ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃

ᠲᠤᠰ ᠬᠤᠭᠤᠴᠠᠭᠠᠨ ᠎ᠤ ᠶᠠᠷᠢᠶᠠᠨ᠎ᠤ ᠲᠠᠪᠴᠠᠩ ᠳᠡᠭᠡᠷ᠎ᠡ 2025 ᠣᠨ᠎ᠤ ᠳᠤᠮᠳᠠᠳᠤ ᠤᠯᠤᠰ᠎ᠤᠨ ᠢᠳᠡᠪᠬᠢ ᠬᠦᠴᠦᠨ ᠎ᠦ ᠰᠦᠯᠵᠢᠶᠡᠨ ᠎ᠦ ᠰᠣᠳᠣᠨ ᠪᠦᠲᠦᠭᠡᠯ᠎ᠢ ᠡᠯᠰᠡᠨ ᠴᠤᠭ᠍ᠯᠠᠭᠤᠯᠬᠤ ᠦᠵᠡᠭᠦᠯᠭᠡ᠎ᠶ᠋ᠢᠨ ᠠᠵᠢᠯᠯᠠᠭ᠎ᠠ᠎ᠶ᠋ᠢᠨ ᠦᠷ᠎ᠡ ᠳ᠋ᠦᠩ ᠎ᠢ ᠨᠡᠢᠲᠡᠯᠡᠵᠦ᠍᠂ 50 ᠬᠤᠪᠢ ᠠᠷᠪᠠᠨ ᠱᠢᠯᠢᠳᠡᠭ ᠰᠦᠯᠵᠢᠶᠡᠨ᠎ᠦ ᠰᠣᠳᠣᠨ ᠪᠦᠲᠦᠭᠡᠯ ᠵᠢᠴᠢ 500 ᠬᠤᠪᠢ ᠰᠦᠯᠵᠢᠶᠡᠨ᠎ᠦ ᠰᠣᠳᠣᠨ ᠪᠦᠲᠦᠭᠡᠯ ᠴᠣᠯᠭᠣᠷᠠᠨ ᠭᠠᠷᠪᠠ᠃ ᠡᠭᠦᠨ᠎ᠳᠦ᠂ 《ᠪᠢᠳᠡ ᠶᠠᠭᠤ᠎ᠶ᠋ᠢ ᠳᠤᠷᠠᠰᠭᠠᠵᠤ ᠪᠠᠢᠬᠤ ᠪᠣᠶ》᠂《ᠰᠡᠳᠬᠢᠯ ᠲᠤᠬᠳᠤᠯᠤᠭᠤᠯᠤᠨ᠎ᠠ ! ᠳᠣᠷᠣᠨᠠᠳᠠᠬᠢᠨ᠎ᠳᠤ ᠲᠠᠭᠤᠷᠢᠰᠬᠤ ᠬᠦᠴᠤᠳᠤ ᠠᠷᠰᠯᠡᠨ》᠂《ᠲᠠᠢᠨ ᠲᠠᠵᠢᠨ ᠤ᠋ ᠴᠠᠭ ᠦᠶ᠎ᠠ ᠳ᠋ᠡᠬᠢ ᠭᠠᠳᠠᠭᠠᠳᠤ ᠳ᠋ᠤ ᠰᠠᠭᠤᠭ᠎ᠠ ᠲᠤᠮᠳᠠᠳᠤ ᠵᠢᠨ ᠬᠠᠷᠢᠶᠠᠳᠤ ᠠᠬ᠎ᠠ ᠲᠡᠬᠦᠤ ᠨᠠᠷ ᠤ᠋ᠨ ᠬᠠᠢᠷ᠎ᠠ ᠰᠡᠳᠬᠢᠯᠭᠡ》 ᠵᠡᠷᠭᠡ ᠨᠢᠭᠡ ᠪᠦᠯᠦᠭ ᠪᠡᠶ᠎ᠡ᠎ᠪᠡᠨ ᠳᠠᠭᠠᠭᠠᠭ᠍ᠰᠠᠨ ᠭᠤᠤᠯ ᠤᠷᠤᠰᠭᠠᠯ᠎ᠤᠨ ᠵᠠᠭᠤᠴᠢᠯᠠᠭᠤᠷ᠎ᠤᠨ ᠰᠦᠯᠵᠢᠶᠡᠨ᠎ᠦ ᠰᠣᠳᠣᠨ ᠪᠦᠲᠦᠭᠡᠯ ᠬᠥᠮᠦᠰ᠎ᠲᠦ ᠭᠦᠨ ᠰᠠᠭᠤᠭ᠍ᠳᠠᠯ ᠦᠯᠡᠳᠡᠭᠡᠵᠡᠶ᠃

ᠳᠤᠮᠳᠠᠳᠤ ᠤᠯᠤᠰ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠶᠡᠬᠡ ᠰᠤᠷᠭᠠᠭᠤᠯᠢ᠎ᠶ᠋ᠢᠨ ᠲᠣᠭ᠎ᠠ ᠪᠠᠷᠢᠮᠲᠠ᠎ᠪᠡᠷ ᠬᠠᠤᠯᠢ᠎ᠪᠠᠷ ᠵᠠᠰᠠᠬᠤ ᠰᠤᠳᠤᠯᠭᠠᠨ᠎ᠤ ᠬᠦᠷᠢᠶᠡᠯᠡᠩ ᠎ᠦᠨ ᠳᠠᠷᠤᠭ᠎ᠠ ᠱ᠌ᠢ ᠵᠢᠶᠠᠨ ᠵᠥᠩ᠂ ᠣᠢᠷ᠎ᠠ᠎ᠶ᠋ᠢᠨ ᠵᠢᠯ᠎ᠳ᠋ᠤ᠂ ᠭᠤᠤᠯ ᠤᠷᠤᠰᠭᠠᠯ ᠎ᠤᠨ ᠵᠠᠭᠤᠴᠢᠯᠠᠭᠤᠷ᠎ᠤᠨ ᠱᠢᠰᠲ᠋ᠧᠮᠲᠦ ᠴᠢᠨᠠᠷᠲᠠᠶ ᠬᠤᠪᠢᠰᠤᠯᠲᠠ ᠨᠢ ᠱᠢᠨ᠎ᠡ ᠠᠭᠤᠷ ᠠᠮᠢᠰᠭᠤᠯ ᠎ᠢ ᠪᠣᠶ ᠪᠣᠯᠭᠠᠵᠤ᠂ ᠠᠭᠤᠯᠤᠭ᠍ᠳᠠᠬᠤᠨ᠎ᠲᠠᠶ᠂ ᠬᠠᠢᠷ᠎ᠠ ᠰᠡᠳᠭᠢᠯᠭᠡ᠎ᠲᠡᠶ᠂ ᠨᠥᠯᠥᠭᠡ᠎ᠲᠡᠶ ᠴᠢᠨᠠᠷ ᠰᠠᠢᠲᠠᠶ ᠠᠭᠤᠯᠭ᠎ᠠ ᠪᠥᠬᠥᠶ ᠪᠦᠲᠦᠭᠡᠯ ᠤᠯᠠᠮ᠎ᠡᠴᠡ ᠤᠯᠠᠮ ᠣᠯᠠᠱᠢᠷᠠᠵᠤ᠂ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ 《ᠲᠤᠬᠳᠠᠪᠤᠷᠢᠵᠢᠭᠤᠯᠤᠬᠴᠢ》 ᠪᠣᠯᠵᠤ ᠪᠠᠢᠨ᠎ᠠ ᠭᠡᠵᠤ ᠦᠵᠡᠪᠡ᠃

ᠡᠬᠢ ᠨᠢ ᠲᠤᠩᠭᠠᠯᠠᠭ ᠪᠣᠯ ᠤᠷᠤᠰᠭᠠᠯ ᠨᠢ ᠲᠤᠩᠭᠠᠯᠠᠭ᠃ ᠬᠤᠷᠠᠯ᠎ᠳᠤ ᠣᠷᠣᠯᠴᠠᠭ᠍ᠰᠠᠳ᠂ ᠭᠤᠤᠯ ᠤᠷᠤᠰᠬᠠᠯ ᠤ᠋ᠨ ᠵᠠᠭᠤᠴᠢᠯᠠᠭᠤᠷ᠎ᠨᠢ ᠰᠦᠯᠵᠢᠶᠡᠨ᠎ᠦ ᠴᠢᠨᠠᠷ ᠰᠠᠢᠲᠠᠶ ᠠᠭᠤᠯᠭ᠎ᠠ᠎ᠶ᠋ᠢᠨ ᠬᠠᠩᠭᠠᠯᠭ᠎ᠠ ᠳᠤᠮᠳᠠ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢᠶᠡᠨ ᠪᠠᠳᠠᠷᠠᠭᠤᠯᠵᠤ᠂ ᠠᠮᠢᠳᠤᠯᠢᠭ ᠪᠢᠴᠢᠯᠭᠡ ᠵᠢᠨ ᠠᠷᠭ᠎ᠠ ᠭᠡᠯᠪᠡᠷᠢ᠎ᠪᠡᠷ ᠤᠷᠤᠭ᠍ᠰᠢᠯᠠᠨ ᠳᠠᠪᠱᠢᠬᠤ ᠤᠯᠠ ᠮᠥᠷ᠎ᠢ ᠲᠡᠮᠳᠡᠭ᠌ᠯᠡᠵᠦ᠍᠂ ᠣᠯᠠᠨ ᠶᠠᠩᠵᠤ᠎ᠶ᠋ᠢᠨ ᠬᠠᠷᠠᠭᠠᠰᠤ᠎ᠡᠴᠡ ᠠᠮᠢᠳᠤᠯᠢᠭ ᠦᠶ᠋ᠯᠡᠳᠦᠯᠭᠡ᠎ᠶ᠋ᠢ ᠢᠯᠡᠷᠡᠭᠦᠯᠵᠦ᠍᠂ ᠰᠦᠯᠵᠢᠶᠡᠨ᠎ᠢᠷᠭᠡᠳ ᠲᠤ᠌ ᠮᠡᠳᠡᠷᠡᠭ᠌ᠳᠡᠭ᠌ᠰᠡᠨ ᠨᠠᠩ ᠣᠯᠠᠨ ᠱᠢᠯᠢᠳᠡᠭ ᠪᠦᠲᠦᠭᠡᠯ᠎ᠢ ᠴᠢᠷᠮᠠᠢᠨ ᠡᠭᠦᠳᠴᠦ᠍᠂ ᠵᠥᠪ ᠲᠠᠯ᠎ᠠ᠎ᠶ᠋ᠢᠨ ᠲᠠᠭᠤᠨ᠂ ᠭᠤᠤᠯ ᠤᠷᠤᠰᠭᠠᠯ᠎ᠤᠨ ᠦᠨ᠎ᠡ ᠥᠷᠲᠡᠭ᠂ ᠴᠠᠭ ᠦᠶ᠎ᠡ᠎ᠶ᠋ᠢᠨ ᠱᠢᠨ᠎ᠡ ᠰᠤᠷᠲᠠᠯ᠎ᠢ ᠰᠦᠯᠵᠢᠶᠡᠨ᠎ᠦ ᠣᠷᠣᠨ ᠵᠠᠶ᠎ᠲᠠᠶ ᠪᠣᠯᠭᠠᠬᠤ ᠬᠡᠷᠡᠭ᠌ᠲᠡᠶ ᠭᠡᠵᠦ᠍ ᠢᠯᠡᠳᠭᠡᠵᠡᠭᠡᠪᠡ᠃

ᠰᠦᠯᠵᠢᠶᠡᠨ᠎ᠦ ᠵᠠᠭᠤᠴᠢᠯᠠᠭᠤᠷ ᠪᠣᠯ ᠶᠡᠬᠡ ᠤᠷᠤᠰᠴᠠ᠎ᠶ᠋ᠢ ᠬᠤᠷᠠᠮᠳᠤᠭᠤᠯᠬᠤ ᠴᠢᠬᠤᠯᠠ ᠲᠠᠪᠴᠠᠩ ᠮᠥᠨ᠂ ᠪᠠᠰᠠ ᠴᠤ᠌ ᠢᠳᠡᠪᠬᠢ ᠬᠦᠴᠦᠨ᠎ᠢ ᠳᠠᠮᠵᠢᠭᠤᠯᠬᠤ ᠴᠢᠬᠤᠯᠠ ᠵᠢᠭ᠍ᠰᠠᠭᠠᠯ᠎ᠤᠨ ᠭᠠᠵᠠᠷ ᠮᠥᠨ᠃ ᠰᠦᠯᠵᠢᠶᠡᠨ᠎ᠦ ᠨᠡᠷᠡᠲᠦ ᠬᠥᠮᠦᠰ᠂ ᠲᠠᠪᠴᠠᠩ᠎ᠤᠨ ᠪᠠᠢᠭᠤᠯᠤᠮᠵᠢ ᠵᠡᠷᠭᠡ ᠣᠯᠠᠨ ᠡᠱᠢᠲᠦ ᠳᠠᠮᠵᠢᠭᠤᠯᠭ᠎ᠠ᠎ᠶ᠋ᠢᠨ ᠭᠤᠤᠯ ᠴᠣᠭ᠍ᠴᠠ ᠬᠡᠷᠬᠢᠨ ᠨᠡᠢᠭᠡᠮ᠎ᠦᠨ ᠬᠠᠷᠢᠭᠤᠴᠠᠯᠭ᠎ᠠ ᠡᠭᠦᠷᠭᠡᠯᠡᠵᠦ᠍᠂ ᠰᠦᠯᠵᠢᠶᠡᠨ ᠎ᠦ ᠠᠭᠤᠯᠭ᠎ᠠ᠎ᠶ᠋ᠢᠨ ᠠᠮᠢ ᠠᠬᠤᠶ᠎ᠶ᠋ᠢ ᠴᠡᠴᠡᠭ᠌ᠯᠡᠭᠦᠯᠦᠨ ᠬᠥᠭ᠌ᠵᠢᠭᠦᠯᠬᠦ᠌ ᠨᠢ ᠬᠤᠷᠠᠯ᠎ᠳᠤ ᠣᠷᠣᠯᠴᠠᠭ᠍ᠰᠠᠳ ᠎ᠤᠨ ᠠᠩᠬᠠᠷᠤᠯ᠎ᠤᠨ ᠲᠥᠪ ᠪᠣᠯᠵᠠᠶ᠃

《ᠬᠠᠯᠠᠮᠰᠢᠯ ᠴᠡᠭ ᠎ᠦᠨ ᠳᠤᠮᠳᠠ ᠴᠢᠭ᠌ᠯᠡᠯ᠎ᠢᠶᠡᠨ ᠣᠯᠵᠤ᠂ ᠶᠠᠷᠢᠶᠠᠨ᠎ᠤ ᠰᠡᠳᠦᠪ᠎ᠲᠦ ᠦᠨ᠎ᠡ ᠦᠷᠳᠡᠭ᠎ᠢᠶᠡᠨ ᠡᠷᠭᠦᠵᠦ᠍᠂ ᠴᠠᠭ ᠦᠶ᠎ᠡ᠎ᠶ᠋ᠢᠨ ᠤᠷᠤᠰᠭᠠᠯ ᠳᠤᠮᠳᠠ᠂ ᠨᠡᠩ ᠤᠯᠠᠨ ᠰᠦᠯᠵᠢᠶᠡᠨ ᠠᠨᠳᠠ᠎ᠶ᠋ᠢ ᠲᠠᠢ᠌ᠴᠢᠯᠠᠨ ᠥᠭᠡᠳᠡᠷᠬᠡᠭ ᠴᠠᠢᠯᠭᠠᠨ ᠪᠤᠯᠭᠠᠵᠤ᠂ ᠭᠦᠭ ᠠᠶᠠᠰ ᠨᠡᠢᠯᠡᠭᠦᠯᠬᠦ ᠬᠡᠷᠡᠭ᠌ᠲᠡᠢ》᠃ ᠪᠢᠴᠢᠯ ᠪᠦᠷᠭᠡ᠎ᠶ᠋ᠢᠨ ᠭᠦᠢᠴᠡᠳᠭᠡᠭ᠌ᠴᠢ ᠶᠡᠷᠦᠩᠬᠡᠢ ᠨᠠᠢᠷᠠᠭᠤᠯᠤᠭ᠍ᠴᠢ ᠢᠦᠢ ᠴᠢ᠄《ᠢᠳᠡᠪᠬᠢ ᠬᠦᠴᠦᠨ ᠪᠣᠯ ᠠᠯᠤᠰ ᠬᠡᠳᠦ᠍᠎ᠶ᠋ᠢᠨ ᠤᠷᠢᠶ᠎ᠠ ᠪᠢᠰᠢ᠂ ᠬᠠᠯᠠᠮᠱᠢᠯ ᠠᠰᠠᠭᠤᠳᠠᠯ ᠪᠣᠯ ᠬᠣᠷᠣᠮᠬᠠᠨ ᠵᠠᠭᠤᠷ᠎ᠠ ᠠᠷᠢᠯᠴᠢᠬᠠᠬᠤ ᠶᠠᠪᠤᠳᠠᠯ ᠪᠢᠰᠢ᠂ ᠰᠡᠳᠭᠢᠯ᠎ᠳᠡᠭᠡᠨ ᠤᠯᠤᠰ ᠭᠡᠷ ᠢ᠋ ᠪᠠᠭ᠍ᠲᠠᠭᠠᠵᠤ᠂ ᠦᠵᠦᠭ ᠪᠢᠷ ᠵᠢᠡᠷ ᠵᠢᠡᠨ ᠠᠮᠢᠳᠤᠷᠠᠯ᠎ᠵᠢᠡᠨ ᠪᠢᠴᠢᠭᠯᠡᠵᠤ᠂ ᠭᠠᠷ᠎ᠲᠠᠭᠠᠨ ᠪᠠᠭᠠᠵᠢ ᠬᠡᠷᠡᠭ᠌ᠰᠡᠯ᠎ᠲᠡᠶ ᠪᠠᠢᠵᠤ᠂ ᠢᠳᠡᠪᠬᠢ ᠬᠦᠴᠦᠨ᠎ᠦ ᠦᠯᠢᠭᠡᠷ᠎ᠢ ᠨᠡᠩ ᠠᠮᠢᠳᠤᠯᠢᠭ᠂ ᠨᠡᠩ ᠰᠠᠢᠬᠠᠨ᠂ ᠨᠡᠩ ᠪᠢᠱᠢᠷᠡᠭᠦᠯᠬᠦ᠌ ᠬᠦᠴᠦᠨ᠎ᠲᠡᠶ ᠪᠣᠯᠭᠠᠬᠤ ᠬᠡᠷᠡᠭ᠌ᠲᠡᠢ》 ᠭᠡᠪᠡ᠃

《ᠰᠡᠬᠦᠳᠡᠷᠯᠡᠭᠴᠢ ᠮᠠᠰᠢᠨ᠎ᠤ ᠳᠤᠷᠠᠨ᠎ᠵᠢᠡᠷ ᠬᠦᠮᠦᠨ ᠪᠦᠬᠦᠨ᠎ᠤ ᠪᠡᠶ᠎ᠡ ᠳᠡᠭᠡᠷᠡᠬᠢ ᠬᠢᠯᠠᠰ ᠴᠡᠭ᠎ᠢ ᠠᠭᠤᠳᠠᠯᠤᠨ᠎ᠠ》᠃ ᠰᠡᠬᠦᠳᠡᠷᠯᠡᠭᠴᠢᠳ᠎ᠤᠨ ᠪᠦᠷᠭᠡ ᠵᠢᠨ ᠡᠵᠡᠨ《ᠯᠢᠶᠠᠩ ᠲᠢᠶᠠᠨ》᠂ ᠬᠦᠮᠦᠨ᠎ᠤ ᠶᠢᠷᠳᠢᠨᠴᠦ ᠳ᠋ᠤ ᠨᠢᠭᠤᠭᠳᠠᠵᠤ ᠪᠠᠢᠭ᠎ᠠ ᠦᠴᠦᠬᠡᠨ ᠭᠡᠷᠡᠯ᠎ᠢ ᠤᠯᠵᠤ ᠬᠠᠷᠠᠨ᠂ ᠳᠡᠮᠳᠡᠭᠯᠡᠵᠦ ᠬᠦᠦᠷᠨᠢᠬᠦ ᠶᠤᠰᠤᠳᠠᠢ᠂ ᠵᠤᠬᠢᠶᠠᠨ ᠪᠦᠳᠦᠭᠡᠭᠴᠢ ᠭᠡᠷᠡᠯ᠎ᠢ ᠲᠦᠪᠯᠡᠷᠡᠬᠦᠯᠵᠦ᠂ ᠭᠡᠷᠡᠯ᠎ᠢ ᠶᠡᠭᠡᠰᠭᠡᠵᠦ᠂ ᠨᠡᠩ ᠤᠯᠠᠨ ᠬᠦᠮᠦᠰ᠎ᠢ ᠭᠡᠷᠡᠯᠳᠦᠬᠦᠯᠪᠡᠯ ᠵᠤᠬᠢᠨ᠎ᠠ ᠭᠡᠵᠦ ᠪᠤᠳᠤᠯ ᠵᠢᠡᠨ ᠬᠤᠪᠢᠶᠠᠯᠴᠠᠪᠠ᠃

ᠲᠠᠪᠴᠠᠩ ᠪᠠ ᠰᠦᠯᠵᠢᠶᠡᠨ᠎ᠦ ᠨᠠᠷᠠᠲᠤ ᠬᠥᠮᠦᠰ᠎ᠡᠴᠡ ᠭᠠᠳᠠᠨ᠎ᠠ᠂ ᠵᠠᠰᠠᠭ ᠠᠵᠤ ᠠᠬᠤᠢᠯᠠᠯ᠎ᠤᠨ ᠱᠢᠨ᠎ᠡ ᠵᠠᠭᠤᠴᠢᠯᠠᠭᠤᠷ ᠴᠤ᠌ ᠬᠦᠷᠢᠶ᠎ᠡ᠎ᠶ᠋ᠢ ᠡᠪᠳᠡᠨ ᠤᠯᠠᠨ ᠲᠦᠮᠡᠨ ᠤ᠋ ᠰᠡᠳᠭᠢᠯ᠎ᠳᠦ ᠰᠠᠭᠤᠭ᠍ᠳᠠᠬᠤ ᠱᠢᠨ᠎ᠡ ᠠᠷᠭ᠎ᠠ ᠵᠠᠮ᠎ᠢ ᠢᠳᠡᠪᠬᠢᠲᠡᠶ ᠰᠦᠪᠡᠭ᠌ᠴᠢᠯᠡᠵᠦ᠍ ᠪᠠᠢᠨ᠎ᠠ᠃《ᠰᠤᠷᠲᠠᠯ᠎ᠢ ᠲᠥᠪ ᠪᠣᠯᠭᠠᠵᠤ ᠰᠠᠬᠢᠯᠭ᠎ᠠ ᠪᠠᠲᠤ᠎ᠶ᠋ᠢ ᠴᠢᠩᠳᠠᠯᠠᠨ ᠢᠯᠵᠢᠷᠠᠯ᠎ᠢ ᠡᠰᠡᠷᠭᠦᠴᠡᠭ᠌ᠰᠡᠨ ᠦᠯᠢᠭᠡᠷ᠎ᠢ ᠰᠠᠢᠲᠤᠷ ᠶᠠᠷᠢᠬᠤ᠎ᠳᠤ ᠠᠤᠭ᠎ᠠ ᠶᠡᠬᠡ ᠲᠥᠪ ᠴᠢᠩᠭ᠎ᠠ ᠬᠦᠦᠷᠨᠢᠯ ᠪᠠᠢᠬᠤ ᠬᠡᠷᠡᠭ᠌ᠲᠡᠢ᠎ᠪᠦᠭᠡᠳ ᠨᠡᠩ ᠴᠤ᠌ ᠱᠢᠨ᠎ᠡ ᠰᠣᠷᠭᠣᠭ ᠴᠠᠭ᠎ᠤᠨ ᠦᠨᠭ᠌ᠭᠡ᠎ᠶ᠋ᠢ ᠢᠯᠡᠷᠡᠭᠦᠯᠬᠦ᠌ ᠬᠡᠷᠡᠭ᠌ᠲᠡᠢ》᠃ ᠱᠠᠨ ᠰᠢ ᠮᠤᠵᠢ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠱᠢᠤᠢ ᠯᠢᠩ ᠶᠦᠨ᠂ ᠡᠨᠡ ᠪᠣᠯ ᠱᠢᠨ᠎ᠡ ᠴᠠᠭ ᠦᠶ᠎ᠡ᠎ᠶ᠋ᠢᠨ ᠠᠷᠢᠭᠤᠨ ᠴᠢᠬᠡᠴᠢ ᠰᠣᠶᠣᠯ᠎ᠤᠨ ᠪᠦᠲᠦᠭᠡᠭ᠌ᠳᠡᠬᠦᠨ᠎ᠦ 《ᠬᠠᠩᠭᠠᠯᠭ᠎ᠠ᠎ᠶ᠋ᠢᠨ ᠲᠠᠯ᠎ᠠ᠎ᠶ᠋ᠢᠨ ᠥᠭᠡᠷᠡᠴᠢᠯᠡᠯᠲᠡ》 ᠮᠥᠨ ᠭᠡᠵᠤ ᠦᠵᠡᠪᠡ᠃

ᠣᠳᠣᠬᠢ ᠴᠠᠭ ᠦᠶ᠎ᠡ᠎ᠳᠦ᠂ ᠡᠳᠦᠷ᠎ᠡᠴᠡ ᠡᠳᠦᠷ ᠱᠢᠨᠡᠳᠴᠦ᠍ ᠪᠠᠢᠭ᠎ᠠ ᠮᠡᠳᠡᠭᠡ ᠵᠠᠩᠭᠢ᠎ᠶ᠋ᠢᠨ ᠮᠡᠷᠭᠡᠵᠢᠯ ᠨᠢ ᠶᠠᠷᠢᠶ᠎ᠠ ᠬᠡᠯᠡᠯᠴᠡᠭᠡᠨ᠎ᠦ ᠣᠷᠴᠢᠨ ᠨᠥᠬᠥᠴᠡᠯ᠂ ᠵᠠᠭᠤᠴᠢᠯᠠᠭᠤᠷ᠎ᠤᠨ ᠪᠠᠢᠷᠢᠱᠢᠯ ᠪᠠ ᠤᠯᠠᠮᠵᠢᠯᠠᠨ ᠲᠠᠷᠬᠠᠭᠠᠬᠤ ᠠᠷᠭ᠎ᠠ ᠮᠠᠶᠢᠭ᠎ᠢ ᠭᠦᠨᠵᠡᠭᠡᠢ ᠨᠥᠯᠥᠭᠡᠯᠡᠵᠦ᠍ ᠪᠠᠢᠨ᠎ᠠ᠃

ᠶᠠᠷᠢᠶᠠᠨ᠎ᠤ ᠲᠠᠪᠴᠠᠩ᠎ᠤᠨ ᠬᠤᠭᠤᠴᠠᠭᠠᠨ᠎ᠳᠤ ᠨᠡᠢᠲᠡᠯᠡᠭ᠌ᠰᠡᠨ《ᠲᠤᠭᠠᠴᠢᠯᠠᠯᠳᠠ ᠤᠶᠤᠨᠴᠢᠯᠠᠯᠳᠠ ᠪᠡᠷ ᠢᠳᠡᠪᠬᠢ ᠬᠦᠴᠦᠨ ᠤ᠋ ᠦᠢᠯᠡᠳᠪᠤᠷᠢᠯᠡᠯ ᠲᠠᠮᠵᠢᠭᠤᠯᠭ᠎ᠠ ᠳ᠋ᠤ ᠡᠨ᠋ᠸᠷᠬᠢ ᠣᠯᠭᠣᠬᠰᠡᠨ ᠬᠠᠨᠳᠤᠰᠢ ᠪᠠᠢᠳᠠᠯ ᠎ᠤᠨ ᠮᠡᠳᠡᠭᠦᠯᠦᠯᠲᠡ》 ᠳ᠋ᠤ᠂ ᠲᠤᠭᠠᠴᠢᠯᠠᠯᠳᠠ ᠤᠶᠤᠨᠴᠢᠯᠠᠯᠳᠠ ᠵᠢᠨ ᠮᠡᠷᠭᠡᠵᠢᠯ ᠲᠠᠩ ᠴᠡᠭ ᠎ᠦᠨ ᠱᠢᠪᠲᠤᠯᠤᠯᠲᠠ᠎ᠡᠴᠡ ᠪᠥᠬᠥ᠌ ᠬᠡᠯᠬᠢᠶᠡᠨ᠎ᠳᠦ ᠨᠡᠪᠲᠡᠷᠡᠭ᠌ᠰᠡᠨ ᠴᠢᠳᠠᠪᠤᠷᠢ᠎ᠶ᠋ᠢᠨ ᠬᠤᠪᠢᠷᠠᠯᠲᠠ ᠎ᠶ᠋ᠢ ᠪᠡᠶᠡᠯᠡᠭᠦᠯᠵᠦ᠍᠂ ᠰᠦᠯᠵᠢᠶᠡᠨ ᠎ᠦ ᠠᠭᠤᠯᠭ᠎ᠠ᠎ᠶ᠋ᠢᠨ ᠦᠶ᠋ᠯᠡᠳᠪᠦᠷᠢᠯᠡᠯ᠎ᠦᠨ ᠪᠦᠲᠦᠴᠡ᠎ᠶ᠋ᠢᠨ ᠴᠢᠨᠠᠷᠲᠠᠶ ᠳᠠᠬᠢᠨ ᠴᠣᠭ᠍ᠴᠠᠯᠠᠯᠲᠠ ᠎ᠶ᠋ᠢ 《ᠲᠦᠷᠭᠡᠨ ᠵᠠᠮ》ᠳ᠋ᠤ ᠣᠷᠣᠭᠤᠯᠪᠠ᠃ ᠲᠠᠪᠴᠠᠩ᠎ᠨᠢ ᠬᠥᠩᠭᠡᠨ ᠬᠡᠮᠵᠢᠶᠡᠵᠢᠭᠦᠯᠦᠭ᠌ᠰᠡᠨ ᠪᠠᠭᠠᠵᠢ ᠎ᠪᠠᠷ ᠳᠠᠮᠵᠢᠭᠤᠯᠤᠨ ᠬᠡᠷᠡᠭ᠌ᠯᠡᠭ᠌ᠴᠢᠳ ᠎ᠦᠨ ᠠᠭᠤᠯᠭ᠎ᠠ ᠎ᠶ᠋ᠢᠨ ᠦᠶ᠋ᠯᠡᠳᠪᠦᠷᠢᠯᠡᠬᠦ᠌ ᠴᠢᠳᠠᠪᠤᠷᠢ ᠎ᠶ᠋ᠢ ᠳᠡᠭᠡᠭ᠌ᠰᠢᠯᠡᠭᠦᠯᠵᠦ᠍᠂ 《ᠬᠥᠮᠦᠨ ᠮᠠᠱᠢᠨ ᠬᠠᠮᠵᠢᠯᠴᠠᠭ᠍ᠰᠠᠨ》ᠠᠭᠤᠯᠭ᠎ᠠ ᠎ᠶ᠋ᠢ ᠦᠶ᠋ᠯᠡᠳᠪᠦᠷᠢᠯᠡᠵᠦ᠍ ᠤᠯᠠᠮᠵᠢᠯᠠᠬᠤ ᠱᠢᠨ᠎ᠡ ᠬᠡᠪ ᠵᠠᠭ᠍ᠪᠤᠷ ᠶᠠᠭ ᠪᠦᠷᠢᠯᠳᠦᠵᠦ᠍ ᠪᠣᠶ᠃

ᠰᠦᠯᠵᠢᠶᠡᠨ᠎ᠦ ᠵᠠᠭᠤᠴᠢᠯᠠᠭᠤᠷ ᠮᠡᠷᠭᠡᠵᠢᠯ᠎ᠡᠴᠡ ᠪᠤᠯᠵᠤ ᠪᠤᠢ ᠪᠤᠯᠵᠤ᠂ ᠱᠢᠨ᠎ᠡ᠎ᠶ᠋ᠢ ᠡᠭᠦᠳᠬᠦ᠌᠎ᠡᠴᠡ ᠪᠤᠯᠵᠤ ᠬᠥᠭ᠌ᠵᠢᠨ ᠮᠠᠨᠳᠤᠪᠠ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ᠎ᠤᠨ ᠤᠷᠤᠰᠭᠠᠯ᠎ᠢ ᠬᠡᠷᠬᠢᠨ ᠳᠠᠭᠠᠵᠤ ᠡᠵᠡᠮᠳᠡᠬᠦ᠌ ᠪᠣᠯ ᠰᠦᠯᠵᠢᠶᠡᠨ᠎ᠦ ᠵᠠᠭᠤᠴᠢᠯᠠᠭᠤᠷ᠎ᠤᠨ ᠡᠷᠬᠡᠪᠰᠢ ᠬᠠᠷᠢᠭᠤᠯᠬᠤ ᠴᠢᠬᠤᠯᠠ ᠶᠡᠬᠡ ᠴᠠᠭ ᠦᠶ᠎ᠡ᠎ᠶ᠋ᠢᠨ ᠰᠡᠳᠦᠪ ᠪᠣᠯᠤᠨ᠎ᠠ᠃

ᠬᠤᠷᠠᠯ᠎ᠳᠤ ᠣᠷᠣᠯᠴᠠᠭ᠍ᠰᠠᠳ᠂ ᠰᠦᠯᠵᠢᠶᠡᠨ᠎ᠦ ᠵᠠᠭᠤᠴᠢᠯᠠᠭᠤᠷ ᠱᠢᠨ᠎ᠡ᠎ᠪᠡᠷ ᠮᠠᠨᠳᠤᠭ᠍ᠰᠠᠨ ᠮᠡᠷᠭᠡᠵᠢᠯ᠎ᠢ ᠴᠢᠳᠠᠮᠠᠭᠠᠢ ᠠᠱᠢᠭ᠍ᠯᠠᠵᠤ᠂ ᠤᠶᠤᠨᠴᠢ ᠦᠭᠡᠳᠡᠷᠭᠡᠭ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠥᠪᠡᠷᠮᠢᠴᠡ ᠴᠢᠨᠠᠷᠳᠠᠢ᠂ ᠠᠬᠤᠢ ᠦᠵᠡᠭᠳᠡᠯᠳᠤ᠂ ᠬᠤᠷᠱᠢᠯᠴᠠᠬᠰᠡᠨ ᠳᠠᠮᠵᠢᠭᠤᠯᠭ᠎ᠠ ᠎ᠶ᠋ᠢ ᠴᠢᠩᠭᠠᠳᠭᠠᠵᠤ᠂ ᠠᠭᠤᠯᠭ᠎ᠠ᠎ᠶ᠋ᠢᠨ ᠲᠠᠲᠠᠬᠤ ᠬᠦᠴᠦᠨ ᠪᠣᠯᠤᠨ ᠢᠯᠡᠳᠭᠡᠬᠦ᠌ ᠠᠮᠢᠵᠢᠷᠠᠯ ᠎ᠤᠨ ᠬᠦᠴᠦᠨ᠎ᠢ ᠬᠣᠣᠰ ᠴᠢᠭ᠌ᠯᠡᠯ᠎ᠢᠶᠡᠷ ᠤᠷᠤᠭ᠍ᠰᠢᠯᠠᠭᠤᠯᠵᠤ᠂ ᠦᠵᠡᠯ ᠰᠠᠨᠠᠭᠠᠨ᠎ᠤ ᠦᠷᠳᠡᠭ ᠪᠣᠯᠤᠨ ᠲᠤᠭᠠᠴᠢᠯᠠᠯᠳᠠ ᠤᠶᠤᠨᠴᠢᠯᠠᠯᠳᠠ ᠵᠢᠨ ᠮᠡᠷᠭᠡᠵᠢᠯ᠎ᠢᠶᠡᠷ 《ᠬᠣᠣᠰ ᠬᠥᠳᠡᠯᠭᠡᠭᠦᠷ ᠪᠣᠯᠭᠠᠵᠤ》᠂ ᠴᠢᠨᠠᠷ ᠰᠠᠢᠲᠠᠢ ᠠᠭᠤᠯᠭ᠎ᠠ ᠎ᠪᠠᠷ ᠬᠦᠯᠢᠶᠡᠨ ᠠᠪᠤᠭ᠍ᠴᠢᠳ᠎ᠤ᠋ᠨ ᠠᠨᠭᠬᠠᠷᠤᠯ ᠢ᠋ ᠲᠠᠳᠠᠬᠤ ᠬᠡᠷᠡᠭ᠌ᠲᠡᠢ ᠭᠡᠵᠤ ᠦᠵᠡᠵᠡᠭᠡᠪᠡ᠃

《ᠵᠣᠬᠢᠶᠠᠭ᠍ᠴᠢ ᠮᠡᠷᠭᠡᠵᠢᠯ ᠎ᠦᠨ〈ᠱᠢᠳᠢᠲᠦ ᠪᠢᠷ〉 ᠢ᠋ ᠭᠠᠷ᠎ᠲᠠᠭᠠᠨ ᠠᠳᠭᠤᠵᠤ᠂ ᠳᠦᠷᠰᠦᠯᠡᠨ ᠪᠤᠳᠤᠬᠤ ᠣᠷᠣᠨ ᠵᠠᠶ᠎ᠦᠵᠦᠭᠦᠷ ᠬᠢᠵᠠᠭᠠᠷ ᠥᠬᠡᠶ ᠦᠷᠬᠦᠯᠵᠢᠯᠡᠵᠤ ᠪᠠᠢᠭ᠎ᠠ ᠦᠶ᠎ᠡ᠎ᠳᠦ᠂ ᠭᠤᠤᠯ ᠥᠷᠲᠡᠭ᠎ᠦᠨ 〈ᠤᠬᠠᠭᠤᠯᠬᠤ ᠠᠩᠭᠢ〉᠂ 〈ᠳᠠᠷᠢᠬᠤ ᠮᠠᠱᠢᠨ〉 ᠪᠣᠯᠭᠠᠵᠤ᠂ ᠰᠠᠢᠨ ᠰᠠᠢᠬᠠᠨ ᠪᠦᠲᠦᠭᠡᠯᠴᠢ ᠰᠡᠳᠭᠢᠬᠦᠶ ᠎ᠪᠡᠷ ᠠᠷᠠᠳ ᠲᠦᠮᠡᠨ᠎ᠳᠦ ᠦᠶ᠋ᠯᠡᠴᠢᠯᠡᠵᠦ᠍᠂ ᠨᠡᠢᠭᠡᠮ᠎ᠳᠦ ᠪᠤᠶᠠᠨ ᠦᠶ᠋ᠯᠡᠳᠬᠦ᠌ ᠬᠡᠷᠡᠭ᠌ᠲᠡᠶ》᠃ ᠳᠤᠮᠳᠠᠳᠤ ᠤᠯᠤᠰ ᠎ᠤᠨ ᠰᠦᠯᠵᠢᠶᠡᠨ᠎ᠦ ᠣᠷᠣᠨ ᠵᠠᠶ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠬᠠᠷᠢᠭᠤᠴᠠᠯᠭᠠᠲᠠᠨ᠄ 《ᠭᠠᠭ᠍ᠴᠠ ᠬᠦ᠌ ᠲᠤᠭᠠᠴᠢᠯᠠᠯᠳᠠ ᠤᠶᠤᠨᠴᠢᠯᠠᠯᠳᠠ ᠵᠢᠨ ᠮᠡᠷᠭᠡᠵᠢᠯ ᠪᠠ ᠴᠢᠨᠠᠷ ᠰᠠᠢᠲᠠᠶ ᠠᠭᠤᠯᠭ᠎ᠠ᠎ᠶ᠋ᠢ ᠬᠤᠤᠰ ᠴᠢᠭ᠌ᠯᠡᠯ᠎ᠢᠶᠡᠷ ᠬᠥᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠰᠣᠶᠣᠯ᠎ᠳᠤ ᠬᠦᠴᠤᠨ ᠣᠯᠭᠣᠵᠤ᠂ ᠰᠣᠶᠣᠯ᠎ᠢᠶᠠᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠢ ᠤᠮᠳᠠᠯᠠᠭᠤᠯᠪᠠᠯ ᠪᠢᠳᠡ ᠰᠠᠶᠢ ᠲᠣᠭᠠᠴᠢᠯᠠᠯᠳᠠ ᠵᠢᠨ ᠤᠷᠤᠰᠭᠠᠯ ᠎ᠤᠨ ᠳᠤᠮᠳᠠ ᠣᠶᠤᠨ ᠰᠠᠨᠠᠭᠠᠨ ᠎ᠤ ᠰᠠᠭᠤᠷᠢ᠎ᠪᠠᠨ ᠪᠡᠬᠢᠵᠢᠭᠦᠯᠵᠦ᠍᠂ ᠳᠡᠯᠡᠬᠡᠶ᠎ᠶ᠋ᠢᠨ ᠪᠣᠯᠪᠠᠰᠤᠨ ᠎ᠳᠤ ᠬᠤᠪᠢ ᠨᠡᠮᠡᠷᠢ ᠦᠵᠡᠭᠦᠯᠵᠦ᠍ ᠴᠢᠳᠠᠨ᠎ᠠ》 ᠭᠡᠪᠡ᠃

 

    (ᠱᠢᠨᠬᠤᠸᠠ ᠬᠣᠷᠢᠶ᠎ᠠ ᠵᠢᠨ ᠵᠧᠩᠵᠧᠦ᠍᠎ᠶ᠋ᠢᠨ 3 ᠰᠠᠷ᠎ᠠ᠎ᠶ᠋ᠢᠨ 29 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号