ᠬᠥᠬᠡᠬᠣᠲᠠ ᠵᠢᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠤ᠋ᠨ ᠲᠤᠰᠭᠠᠶ ᠲᠠᠯᠠᠪᠠᠢ ᠠᠵᠢᠯᠲᠠᠨ ᠡᠯᠰᠡᠬᠦ᠌ ᠴᠤᠭ᠍ᠯᠠᠭᠠᠨ 1200 ᠭᠠᠷᠤᠶ ᠠᠵᠢᠯ᠎ᠤᠨ ᠪᠠᠢᠷᠢ ᠬᠠᠩᠭᠠᠵᠠᠢ
2026-03-31 10:17:59
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ 《ᠴᠡᠷᠢᠭ᠎ᠤᠨ ᠠᠯᠪᠠ ᠡᠴᠡ ᠬᠠᠯᠠᠬᠳᠠᠨ ᠨᠤᠳᠤᠭ ᠲᠠᠭᠠᠨ ᠪᠤᠴᠠᠵᠤ᠂ ᠠᠵᠢᠯ ᠦᠢᠯᠡᠰ ᠵᠢᠡᠷ ᠢᠷᠡᠭᠡᠳᠦᠶ ᠪᠠᠨ ᠴᠤᠬᠴᠠᠯᠠᠬᠤ》 ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ᠂ ᠴᠡᠷᠢᠭ᠎ᠦᠨ ᠬᠡᠷ ᠪᠦᠯᠢ᠎ᠶ᠋ᠢᠨ ᠬᠢᠨ ᠤ᠋ ᠲᠤᠰᠭᠠᠶ ᠲᠠᠯᠠᠪᠠᠢ ᠠᠵᠢᠯᠲᠠᠨ ᠡᠯᠰᠡᠬᠦ᠌ ᠴᠤᠬᠯᠠᠭᠠᠨ ᠬᠥᠬᠡᠬᠣᠲᠠ᠎ᠶ᠋ᠢᠨ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠬᠠᠬᠤ ᠦᠶ᠋ᠯᠡᠴᠢᠯᠡᠭᠡᠨ᠎ᠦ ᠲᠥᠪ᠎ᠲᠦ ᠶᠠᠪᠤᠭ᠍ᠳᠠᠵᠤ᠂ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ ᠵᠢᠴᠢ ᠴᠡᠷᠢᠭ᠎ᠦᠨ ᠬᠡᠷ ᠪᠦᠯᠢ᠎ᠶ᠋ᠢᠨ᠎ᠬᠢᠨ᠎ᠳᠦ ᠥᠨᠳᠥᠷ ᠪᠦᠲᠦᠮᠵᠢᠲᠡᠶ ᠠᠵᠢᠯ ᠣᠯᠭᠣᠬᠤ ᠲᠠᠪᠴᠠᠡᠭ ᠢ᠋ ᠪᠠᠢᠭᠤᠯᠵᠤ ᠥᠭ᠌ᠪᠡ᠃

ᠲᠣᠰ ᠤᠳᠠᠭᠠᠨ᠎ᠤ ᠠᠵᠢᠯᠲᠠᠨ ᠡᠯᠰᠡᠬᠦ᠌ ᠴᠤᠬᠯᠠᠭᠠᠨ᠎ᠢ ᠬᠥᠬᠡᠬᠣᠲᠠ᠎ᠶ᠋ᠢᠨ ᠴᠡᠷᠢᠭ᠎ᠦᠨ ᠠᠯᠪᠠ᠎ᠡᠴᠠ ᠬᠠᠯᠠᠬᠳᠠᠬᠰᠠᠳ᠎ᠤᠨ ᠶᠠᠪᠤᠳᠠᠯ᠎ᠤᠨ ᠲᠣᠪᠴᠢᠶ᠎ᠠ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠂ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌᠎ᠶ᠋ᠢ ᠠᠬᠢᠭᠤᠯᠬᠤ ᠨᠡᠢᠭᠡᠮᠯᠢᠭ ᠬᠠᠮᠲᠤᠷᠠᠨ ᠡᠷᠭᠢᠯᠡᠵᠦ᠍᠂ 48 ᠠᠵᠤ ᠠᠬᠤᠢᠯᠠᠯ ᠡᠴᠨ ᠱᠢᠨ᠎ᠡ ᠵᠠᠭᠤᠴᠢᠯᠠᠭᠤᠷ᠎ᠤᠨ ᠡᠵᠡᠩᠨᠡᠯᠲᠡ᠂ ᠵᠢᠯᠣᠭᠣᠴᠢ ᠥᠬᠡᠶ ᠨᠢᠰᠭᠡᠯ᠎ᠦᠨ ᠠᠵᠢᠯᠯᠠᠭᠠᠨ᠂ ᠡᠳ᠋᠎ᠦᠨ ᠶᠠᠪᠤᠳᠠᠯ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ᠎ᠢ ᠬᠠᠮᠠᠭᠠᠯᠠᠬᠤ᠂ ᠬᠤᠳᠠᠯᠳᠤᠭᠠᠨ᠎ᠤ ᠶᠠᠪᠤᠳᠠᠯ᠎ᠤᠨ ᠵᠢᠯᠣᠭᠣᠴᠢ ᠵᠡᠷᠭᠡ 1200 ᠭᠠᠷᠤᠶ ᠠᠵᠢᠯ᠎ᠤᠨ ᠪᠠᠢᠷᠢ ᠬᠠᠩᠭᠠᠵᠤ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠲᠤᠰᠭᠠᠶ ᠮᠡᠷᠭᠡᠵᠢᠯ᠎ᠦᠨ ᠳᠠᠪᠠᠭᠤᠯᠢᠭ ᠪᠠ ᠠᠵᠢᠯ ᠮᠡᠷᠭᠡᠵᠢᠯ᠎ᠦᠨ ᠲᠥᠯᠥᠪᠵᠢᠭᠦᠯᠭᠡ᠎ᠲᠠᠢ ᠭᠦᠶ᠋ᠴᠡᠳ ᠵᠤᠬᠢᠴᠠᠭᠤᠯᠵᠠᠢ᠃ ᠴᠡᠷᠢᠭ᠎ᠦᠨ ᠠᠯᠪᠠ᠎ᠡᠴᠠ ᠬᠠᠯᠠᠬᠳᠠᠬᠰᠠᠳ᠂ ᠴᠡᠷᠢᠭ᠎ᠦᠨ ᠬᠡᠷ ᠪᠦᠯᠢ ᠵᠢᠨ ᠬᠢᠨ ᠵᠢᠴᠢ 2026 ᠣᠨ᠎ᠤ ᠴᠡᠷᠢᠭ᠎ᠦᠨ ᠠᠯᠪᠠ᠎ᠡᠴᠠ ᠬᠠᠯᠠᠬᠳᠠᠬᠰᠠᠳ᠎ᠤᠨ ᠵᠣᠬᠢᠴᠠᠬᠤ ᠴᠢᠨᠠᠷᠲᠠᠶ ᠪᠣᠯᠪᠠᠰᠤᠷᠠᠯ ᠳ᠋ᠤ ᠤᠷᠤᠯᠴᠠᠬᠰᠠᠳ ᠨᠡᠢᠳᠡ 260 ᠭᠠᠷᠤᠶ ᠬᠦᠮᠦᠨ ᠲᠤᠬᠠᠶ᠎ᠶ᠋ᠢᠨ ᠲᠠᠯᠠᠪᠠᠢ ᠳ᠋ᠤ ᠠᠵᠢᠯ ᠡᠷᠢᠵᠦ᠍᠂ ᠲᠠᠳᠠ ᠠᠵᠢᠯ᠎ᠤᠨ ᠪᠠᠢᠷᠢ᠎ᠶ᠋ᠢᠨ ᠪᠠᠢᠳᠠᠯ᠎ᠢ ᠠᠰᠠᠭᠤᠨ ᠯᠠᠪᠯᠠᠬᠤ ᠪᠤᠶᠤ ᠬᠠᠮᠢᠶ᠎ᠠ ᠪᠦᠬᠦᠢ ᠠᠵᠢᠯᠳᠠᠨ᠎ᠲᠠᠶ ᠭᠦᠨᠵᠡᠭᠡᠶ ᠶᠠᠷᠢᠯᠴᠠᠵᠤ᠂ 180 ᠬᠥᠮᠦᠨ ᠠᠩᠬ᠎ᠠ ᠠᠯᠬᠤᠮ ᠤ᠋ᠨ ᠠᠵᠢᠯ ᠤᠯᠬᠤ ᠰᠠᠨᠠᠮᠵᠢ ᠲᠣᠭ᠍ᠲᠠᠵᠠᠢ᠃

ᠠᠵᠢᠯᠲᠠᠨ ᠡᠯᠰᠡᠬᠦ᠌ ᠴᠤᠬᠯᠠᠭᠠᠨ᠎ᠨᠢ 《ᠠᠬᠤᠢ ᠲᠠᠯᠠᠪᠠᠢ + ᠰᠦᠯᠵᠢᠶᠡᠨ ᠳᠡᠭᠡᠷᠡᠬᠢ》 ᠬᠤᠤᠰ ᠴᠢᠭᠯᠡᠯ᠎ᠢᠶᠠᠷ ᠬᠣᠯᠪᠣᠭᠠᠯᠠᠨ ᠬᠥᠳᠡᠯᠦᠯᠴᠡᠬᠦ᠌ ᠵᠠᠭ᠍ᠪᠤᠷ᠎ᠢ ᠬᠡᠷᠡᠭ᠌ᠯᠡᠵᠦ᠂ ᠠᠵᠤ ᠠᠬᠤᠢᠯᠠᠯ᠎ᠤᠨ ᠲᠣᠢᠮᠣ ᠪᠠᠢᠳᠠᠯ᠂ ᠠᠵᠢᠯ᠎ᠤᠨ ᠪᠠᠢᠷᠢ᠎ᠶ᠋ᠢᠨ ᠱᠠᠭᠠᠷᠳᠠᠯᠭ᠎ᠠ ᠬᠢᠭᠡᠳ ᠴᠠᠯᠢᠩ ᠬᠥᠯᠥᠰᠥ᠎ᠶ᠋ᠢᠨ ᠬᠠᠷᠠᠭᠠᠯᠵᠠᠯ᠎ᠢ ᠲᠠᠨᠢᠯᠴᠠᠭᠤᠯᠵᠤ᠂ ᠰᠦᠯᠵᠢᠶᠡᠨ ᠳᠡᠭᠡᠷ᠎ᠡ ᠠᠵᠢᠯ ᠡᠷᠢᠭ᠌ᠰᠡᠳ ᠲᠣᠪᠴᠢ ᠨᠠᠮᠲᠠᠷ᠎ᠢᠶᠠᠨ ᠨᠢᠭᠡ ᠯᠡ ᠳᠠᠷᠤᠪᠴᠢ ᠪᠠᠷ ᠬᠦᠷᠭᠡᠵᠦ᠍᠂ ᠠᠵᠢᠯᠲᠠᠨ ᠤᠷᠢᠨ ᠡᠯᠰᠡᠬᠦ᠌ ᠦᠶ᠋ᠯᠡᠴᠢᠯᠡᠭᠡ᠎ᠶ᠋ᠢ ᠲᠠᠰᠤᠯᠳᠠᠭᠤᠯᠬᠤ ᠥᠬᠡᠶ᠂ ᠠᠵᠢᠯ ᠣᠯᠭᠣᠵᠤ ᠬᠠᠪᠰᠤᠷᠤᠨ ᠲᠡᠳᠬᠦᠬᠦ᠌᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠦ᠍᠂ ᠲᠤᠬᠠᠶ᠎ᠶ᠋ᠢᠨ ᠲᠠᠯᠠᠪᠠᠢ ᠳ᠋ᠤ ᠬᠦᠷᠴᠦ᠍ ᠳᠡᠢᠯᠦᠭ᠌ᠰᠡᠨ ᠥᠬᠡᠶ ᠠᠵᠢᠯ ᠡᠷᠢᠭ᠌ᠰᠡᠳ ᠲᠸ᠋ ᠳᠥᠭᠥᠮ ᠳᠥᠲᠡ᠎ᠦᠵᠡᠬᠦᠯᠪᠡ᠃

ᠬᠥᠬᠡᠬᠣᠲᠠ᠎ᠶ᠋ᠢᠨ ᠴᠡᠷᠢᠭ᠎ᠦᠨ ᠠᠯᠪᠠ᠎ᠡᠴᠠ ᠬᠠᠯᠠᠬᠳᠠᠬᠰᠠᠳ᠎ᠤᠨ ᠠᠵᠢᠯ ᠣᠯᠵᠤ ᠦᠶ᠋ᠯᠡᠰ ᠪᠤᠰᠬᠠᠬᠤ ᠦᠶ᠋ᠯᠡᠴᠢᠯᠡᠭᠡᠨ᠎ᠦ ᠲᠥᠪ ᠨᠢᠭᠡᠨᠲᠡ ᠠᠵᠢᠯ ᠤᠯᠬᠤ ᠰᠠᠨᠠᠮᠵᠢ᠎ᠲᠠᠶ ᠪᠣᠯᠤᠭ᠍ᠰᠠᠨ ᠬᠥᠮᠦᠰ ᠲᠸ᠋ ᠦᠷᠬᠦᠯᠵᠢᠯᠡᠨ ᠪᠥᠬᠥ᠌ ᠶᠠᠪᠤᠴᠠ ᠵᠢᠨ᠂ ᠨᠠᠷᠢᠯᠢᠭ ᠣᠨᠣᠴᠠᠲᠠᠶ ᠠᠵᠢᠯ ᠣᠯᠭᠣᠬᠤ ᠲᠡᠮᠵᠢᠯᠭᠡ ᠦᠵᠡᠬᠦᠯᠵᠦ᠂ ᠵᠠᠰᠠᠭ᠎ᠤᠨ ᠤᠷᠳᠤᠨ ᠠᠵᠤ ᠠᠬᠤᠢᠯᠠᠯ᠎ᠤᠨ ᠬᠣᠯᠪᠣᠭᠠᠯᠠᠨ ᠬᠥᠳᠡᠯᠦᠯᠴᠡᠬᠦ᠌᠎ᠶ᠋ᠢ ᠭᠦᠨᠵᠡᠭᠡᠢᠷᠡᠭᠦᠯᠦᠨ᠂ ᠴᠢᠨᠠᠷ ᠰᠠᠢᠲᠠᠶ ᠠᠵᠢᠯ᠎ᠤᠨ ᠪᠠᠢᠷᠢ᠎ᠶ᠋ᠢᠨ ᠡᠬᠢ ᠪᠠᠶᠠᠯᠢᠭ᠎ᠢ ᠲᠠᠰᠤᠷᠠᠯᠲᠠ ᠥᠬᠡᠶ ᠡᠮᠬᠢᠯᠡᠨ ᠨᠡᠢᠳᠬᠡᠵᠦ᠂ ᠠᠵᠢᠯ᠎ᠤᠨ ᠪᠠᠢᠷᠢ᠎ᠶ᠋ᠢ ᠨᠠᠷᠢᠯᠢᠭ ᠣᠨᠣᠴᠠᠲᠠᠶ᠎ᠪᠠᠷ ᠬᠦᠷᠭᠡᠬᠦ᠌ ᠪᠠ ᠠᠵᠢᠯ ᠣᠯᠭᠣᠬᠤ᠎ᠶ᠋ᠢ ᠮᠥᠷᠳᠡᠨ ᠦᠶ᠋ᠯᠡᠴᠢᠯᠡᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠴᠡᠷᠢᠭ᠎ᠦᠨ ᠠᠯᠪᠠ᠎ᠡᠴᠠ ᠬᠠᠯᠠᠬᠳᠠᠬᠰᠠᠳ ᠵᠢᠴᠢ ᠴᠡᠷᠢᠭ᠎ᠦᠨ ᠬᠡᠷ ᠪᠦᠯᠢ᠎ᠶ᠋ᠢᠨ ᠬᠢᠨ᠎ᠦ ᠲᠣᠭ᠍ᠲᠠᠭᠤᠨ᠎ᠢᠶᠠᠷ ᠠᠵᠢᠯ ᠤᠯᠬᠤ ᠵᠢ ᠠᠬᠢᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号