ᠳᠤᠮᠳᠠᠳᠤ ᠤᠯᠤᠰ᠎ᠤᠨ ᠱᠢᠶᠠᠩᠭᠠᠩ᠎ᠤᠨ ᠲᠠᠭᠤᠷᠢ ᠵᠢᠨ ᠲᠢᠶᠡᠲ᠋ᠷ᠎ᠦᠨ ᠲᠣᠭᠣᠷᠢᠨ ᠲᠣᠭ᠍ᠯᠠᠯᠲᠠ ᠱᠢᠯᠢ᠎ᠶ᠋ᠢᠨ ᠭᠣᠣᠯ ᠲᠠᠭᠤᠤ ᠪᠦᠵᠢᠭ᠎ᠤᠨ ᠬᠦᠷᠢᠶᠡᠯᠡᠡᠭ᠎ᠳᠤ ᠪᠤᠯᠪᠠ
2026-03-31 09:58:18
ᠵᠣᠬᠢᠶᠠᠭ᠍ᠴᠢ᠄
​ ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 24᠎ᠪ ᠣᠷᠣᠶ᠂ ᠱᠢᠯᠢ᠎ᠶ᠋ᠢᠨ ᠭᠤᠤᠯ ᠳᠠᠭᠤᠤ ᠪᠥᠵᠢᠭ᠎ᠦᠨ ᠬᠦᠷᠢᠶᠡᠯᠡᠡᠭ᠎ᠳᠤ ᠤᠶᠠᠡᠭᠭ᠎ᠠ ᠡᠭᠡᠰᠢᠭ ᠴᠤᠤᠷᠢᠶᠠᠯᠠᠨ ᠪᠠᠢᠨ ᠪᠠᠢᠨ ᠠᠯᠠᠭ᠎ᠠ ᠲᠠᠰᠢᠯᠳᠠ ᠵᠢᠨ ᠲᠠᠭᠤᠨ ᠰᠤᠨᠤᠷᠳᠠᠨ᠎ᠠ᠃ ᠦᠨᠦᠳᠦᠷ ᠡᠨᠳᠡ ᠳᠤᠮᠳᠠᠳᠤ ᠤᠯᠤᠰ᠎ᠤᠨ ᠱᠢᠶᠠᠩᠭᠠᠩ᠎ᠤᠨ ᠳᠠᠭᠤᠷᠢ᠎ᠶ᠋ᠢᠨ ᠲᠢᠶᠠᠲ᠋ᠷ᠎ᠤᠨ《ᠠᠷᠰᠯᠠᠨ ᠠᠭᠤᠯᠠᠨ᠎ᠤ ᠬᠣᠷᠮᠣᠶ᠎ᠳᠤ》 ᠲᠣᠭᠣᠷᠢᠨ ᠲᠣᠭ᠍ᠯᠠᠯᠲᠠ ᠵᠢᠨ ᠲᠤᠰᠬᠠᠢ ᠦᠳᠡᠰᠢᠯᠡᠭᠡ ᠪᠤᠯᠵᠤ ᠰᠢᠯᠢ ᠵᠢᠨ ᠭᠤᠤᠯ ᠳ᠋ᠡᠬᠢ ᠲᠤᠭᠤᠷᠢᠨ ᠲᠤᠭᠯᠠᠯᠳᠠ ᠭᠤᠴᠤ ᠰᠠᠢᠬᠠᠨ ᠶᠠᠪᠤᠭᠳᠠᠵᠦ᠂ ᠡᠷᠡᠭᠲᠡᠢ ᠵᠢᠨ ᠬᠠᠡᠭᠭᠢᠨᠠᠮ᠎ᠠ ᠬᠤᠭᠤᠯᠠᠢ ᠵᠢᠨ ᠨᠡᠷᠡᠳᠤ ᠲᠠᠭᠤᠴᠢᠨ ᠮᠦᠸᠸ ᠬᠤᠸᠠ ᠯᠦᠨ ᠲᠡᠷᠢᠭᠦᠳᠡᠢ ᠲᠤᠯᠤᠭᠠᠨ ᠤᠷᠠᠯᠢᠭᠴᠢᠨ ᠠᠯᠤᠰ ᠬᠤᠯᠠ ᠰᠢᠶᠠᠡᠭᠭᠠᠡᠭ ᠡᠴᠡ ᠬᠦᠷᠦᠯᠴᠡᠨ ᠢᠷᠡᠵᠦ᠂ ᠲᠠᠭᠤᠷᠢ ᠵᠢᠨ ᠲᠠᠭᠤᠤ ᠵᠢᠨ ᠢᠳᠡ ᠬᠠᠪᠤ ᠵᠢ ᠭᠠᠢᠬᠠᠭᠤᠯᠤᠯ᠎ᠠ᠃

ᠡᠨᠡ ᠲᠤᠰᠬᠠᠢ ᠲᠠᠯᠠᠪᠠᠢ ᠲᠤᠭᠤᠷᠢᠨ ᠲᠣᠭ᠍ᠯᠠᠯᠲᠠ᠎ᠳᠤ ᠰᠢᠶᠠᠡᠭᠭᠠᠡᠭ᠎ᠤᠨ ᠤᠷᠠᠯᠢᠭᠴᠢᠳ ᠲᠡᠯᠡᠭᠡᠢ ᠵᠢᠨ ᠰᠤᠡᠭᠭᠤᠳᠠᠭ ᠲᠠᠭᠤᠷᠢ ᠵᠢᠨ ᠬᠡᠰᠡᠭᠯᠡᠯ ᠡᠴᠡ ᠠᠷᠪᠠ ᠭᠠᠷᠤᠢ ᠲᠠᠭᠤᠤ ᠵᠢ ᠰᠤᠡᠭᠭᠤᠨ ᠲᠠᠭᠤᠯᠠᠭᠰᠠᠨ ᠪᠦᠭᠡᠳ ᠪᠠᠰᠠ ᠰᠢᠶᠠᠡᠭᠭᠠᠡᠭ᠎ᠤᠨ ᠲᠡᠯᠭᠡᠷᠡᠮᠡᠯ ᠲᠠᠭᠤᠤ ᠵᠢ ᠲᠠᠭᠤᠷᠢ ᠵᠢᠨ ᠲᠠᠭᠤᠤ ᠲᠠᠭᠤᠯᠠᠬᠤ ᠠᠷᠭ᠎ᠠ ᠪᠡᠷ ᠡᠭᠡᠰᠢᠭᠯᠡᠨ ᠬᠦᠷᠭᠡᠵᠦ ᠤᠯᠠᠨ᠎ᠤ ᠰᠤᠨᠤᠷ᠎ᠢ ᠮᠢᠯᠢᠶᠠᠯ᠎ᠠ᠃ ᠡᠭᠦᠨ᠎ᠤ ᠬᠠᠮᠳᠤ ᠪᠠᠰᠠ ᠰᠢᠯᠢ ᠵᠢᠨ ᠭᠤᠤᠯ ᠠᠢᠮᠠᠭ᠎ᠤᠨ ᠤᠯᠠᠭᠠᠨᠮᠦ᠋ᠴᠢᠷ᠎ᠤᠨ ᠲᠤᠭᠯᠠᠭᠴᠢᠳ ᠤᠷᠳᠤ ᠵᠢᠨ ᠲᠠᠭᠤᠤ ᠪᠡᠷ ᠬᠠᠷᠢᠭᠤ ᠪᠠᠷᠢᠭᠰᠠᠨ ᠪᠦᠭᠡᠳ ᠬᠤᠶᠠᠷ ᠭᠠᠵᠠᠷ᠎ᠤᠨ ᠤᠷᠠᠯᠢᠭᠴᠢᠳ ᠴᠤᠬ ᠲᠠᠭᠠᠨ 《ᠲᠠᠯ᠎ᠠ ᠨᠤᠲᠤᠭ᠎ᠲᠤ ᠮᠥᠩᠬᠡ᠎ᠶ᠋ᠢᠨ ᠨᠡᠷᠡᠨ ᠰᠠᠴᠤᠷᠠᠨ ᠮᠠᠨᠳᠤᠯ᠎ᠠ》᠂ 《ᠮᠢᠨᠤ ᠡᠬᠡ ᠤᠯᠤᠰ》 ᠵᠡᠷᠭᠡ ᠤᠯᠠᠨ᠎ᠤ ᠲᠠᠰᠤᠯ ᠪᠤᠯᠤᠭᠰᠠᠨ ᠰᠤᠡᠭᠭᠤᠳᠠᠭ ᠳᠠᠭᠤᠤ᠎ᠶ᠋ᠢ ᠳᠠᠭᠤᠯᠠᠵᠤ᠂ ᠲᠠᠯᠠᠪᠠᠶ ᠲᠡᠶᠠᠭᠠᠷ ᠬᠦᠭᠵᠢᠯ ᠪᠠᠶᠠᠰᠤᠯ ᠵᠢᠠᠷ ᠪᠢᠯᠬᠠᠵᠠᠢ᠃

ᠡᠷᠡᠭ᠌ᠲᠡᠢ᠎ᠶ᠋ᠢᠨ ᠬᠠᠩᠭᠢᠨᠠᠮ᠎ᠠ ᠬᠣᠭᠣᠯᠠᠢ᠎ᠶ᠋ᠢᠨ ᠠᠯᠳᠠᠷᠲᠤ ᠳᠠᠭᠤᠴᠢᠨ᠂ ᠳᠤᠮᠳᠠᠳᠤ ᠤᠯᠤᠰ᠎ᠤᠨ ᠱᠢᠶᠠᠩᠭᠠᠩ᠎ᠤᠨ ᠲᠠᠭᠤᠷᠢ᠎ᠶ᠋ᠢᠨ ᠲᠢᠶᠠᠲ᠋ᠷ᠎ᠦᠨ ᠤᠷᠠᠯᠢᠭ᠎ᠤᠨ ᠶᠡᠷᠦᠩᠬᠡᠢ ᠬᠢᠨᠠᠭ᠍ᠴᠢ ᠮᠦᠸᠸ ᠬᠤᠸᠠ ᠯᠦᠨ ᠰᠤᠷᠪᠤᠯᠵᠢᠯᠠᠭ᠎ᠠ ᠬᠦᠯᠢᠶᠡᠬᠦ ᠳ᠋ᠡᠭᠡᠨ᠄《ᠡᠨᠡ ᠤᠳᠠᠭᠠᠨ᠎ᠤ ᠲᠣᠭᠣᠷᠢᠨ ᠲᠣᠭ᠍ᠯᠠᠯᠲᠠ ᠪᠡᠷ ᠪᠢᠳᠡ ᠰᠢᠯᠢ ᠵᠢᠨ ᠭᠤᠤᠯ᠎ᠤᠨ ᠲᠠᠯ᠎ᠠ ᠨᠤᠲᠤᠭ᠎ᠤᠨ ᠰᠤᠶᠤᠯ ᠠᠬᠤᠢ ᠵᠢ ᠭᠦᠨ᠎ᠡ ᠤᠢᠯᠠᠭᠠᠨ ᠮᠡᠳᠡᠷᠡᠵᠦ᠂ ᠡᠨᠡ ᠨᠢ ᠮᠦᠨ ᠎ᠴᠦ ᠰᠢᠶᠠᠡᠭᠭᠠᠡᠭ ᠭᠢᠭᠡᠳ ᠦᠪᠦᠷ ᠮᠤᠡᠭᠭᠤᠯ᠎ᠤᠨ ᠰᠤᠶᠤᠯ ᠤᠷᠠᠯᠢᠭ᠎ᠤᠨ ᠬᠦᠷᠢᠶᠡᠨ᠎ᠳᠤ ᠪᠤᠯᠤᠭᠰᠠᠨ ᠪᠠᠰᠠ ᠨᠢᠭᠡ ᠤᠳᠠᠭᠠᠨ᠎ᠤ ᠰᠤᠯᠢᠯᠴᠠᠭ᠎ᠠ ᠶᠠᠪᠤᠯᠴᠠᠭ᠎ᠠ ᠭᠡᠵᠦ ᠪᠢ ᠦᠵᠡᠵᠦ ᠪᠤᠢ᠂ ᠬᠤᠢᠰᠢᠳᠠ ᠪᠢᠳᠡ ᠤᠯᠠᠨ ᠲᠠᠯ᠎ᠠ ᠪᠡᠷ ᠤᠢᠯᠠᠭᠠᠯᠴᠠᠭ᠎ᠠ ᠬᠠᠷᠢᠯᠴᠠᠭ᠎ᠠ ᠪᠡᠨ ᠵᠤᠵᠠᠭᠠᠳᠬᠠᠵᠦ ᠡᠨᠡ᠎ᠬᠦ ᠨᠦᠬᠦᠷᠯᠡᠯ᠎ᠤᠨ ᠬᠦᠬᠦᠷᠬᠡ᠎ᠶᠢ ᠪᠠᠳᠤ ᠴᠤᠭᠴᠠᠯᠠᠬᠤ᠎ᠳᠤ ᠬᠦᠴᠦᠨ ᠵᠢᠡᠨ ᠡᠷᠭᠦᠵᠡᠭᠡᠶ᠎ᠡ》 ᠭᠡᠯ᠎ᠠ᠃

ᠱᠢᠶᠠᠩᠭᠠᠩ᠎ᠤᠨ ᠳᠠᠭᠤᠷᠢ᠎ᠶ᠋ᠢᠨ ᠲᠢᠶᠠᠲ᠋ᠷ᠎ᠤᠨ《ᠠᠷᠰᠯᠠᠨ ᠠᠭᠤᠯᠠ᠎ᠶ᠋ᠢᠨ ᠬᠣᠷᠮᠣᠶ᠎ᠳᠤ》 ᠲᠣᠭᠣᠷᠢᠨ ᠲᠣᠭ᠍ᠯᠠᠯᠲᠠ ᠵᠢᠨ ᠲᠤᠰᠬᠠᠢ ᠦᠳᠡᠰᠢᠯᠡᠭᠡ ᠨᠢ ᠱᠢᠨᠵᠢᠶᠠᠩ᠂ ᠴᠦᠩᠴᠢᠩ᠂ ᠰᠸᠴᠤᠸᠠᠨ᠂ ᠱᠠᠨ ᠰᠢ ᠬᠢᠭᠡᠳ ᠦᠪᠦᠷ ᠮᠤᠡᠭᠭᠤᠯ ᠵᠡᠷᠭᠡ ᠮᠤᠵᠢ ᠬᠤᠳᠠ ᠦᠪᠡᠷᠳᠡᠭᠡᠨ ᠵᠠᠰᠠᠬᠤ ᠤᠷᠤᠨ᠎ᠳᠤ 20 ᠭᠠᠷᠤᠢ ᠲᠠᠯᠠᠪᠠᠢ ᠲᠤᠭᠯᠠᠵᠦ᠂ ᠬᠦᠷᠦᠭᠰᠡᠨ ᠭᠠᠵᠠᠷ  ᠪᠤᠯᠭᠠᠨ᠎ᠤ  ᠤᠯᠠᠨ ᠲᠦᠮᠡᠨ᠎ᠤ  ᠬᠠᠯᠠᠭᠤᠨ ᠬᠦᠷᠢᠶᠡᠯᠡᠯ᠎ᠢ  ᠤᠯᠤᠭᠰᠠᠨ  ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号