ᠥᠪᠥᠷ ᠮᠣᠩᠭᠣᠯ ᠤ᠋ᠨ ᠤᠷᠠᠯᠢᠭ ᠵᠦᠴᠦᠭᠡ ᠵᠢᠨ ᠬᠦᠷᠢᠶᠡᠯᠡᠩ ᠤ᠋ᠨ ᠨᠠᠢᠷᠠᠯ ᠳᠠᠭᠤᠤ ᠵᠢᠨ ᠪᠦᠯᠬᠦᠮ ᠤ᠋ᠨ ᠬᠢᠨ ᠤᠷᠴᠢᠮᠬᠠᠨ ᠤᠯᠠᠭᠠᠨ ᠲᠢᠶᠠᠲ᠋ᠷ ᠲᠦ᠍ 《ᠲᠠᠯ᠎ᠠ ᠶ᠋ᠢᠨ ᠤᠶᠠᠩᠭ᠎ᠠ》 ᠨᠠᠢᠷᠠᠯ ᠳᠠᠭᠤᠤ ᠵᠢᠨ ᠲᠤᠰᠭᠠᠢ ᠦᠳᠡᠱᠢᠯᠡᠭᠡ ᠭᠠᠷᠭᠠᠵᠤ᠂ ᠲᠠᠯ᠎ᠠ ᠨᠤᠲᠤᠭ ᠤ᠋ᠨ ᠵᠠᠩ ᠠᠭᠠᠯᠢ ᠪᠣᠯᠤᠨ ᠬᠣᠱᠢᠭᠤᠴᠢ ᠪᠦᠲᠦᠭᠡᠯᠴᠢ ᠰᠡᠳᠭᠢᠮᠵᠢ ᠵᠢ ᠬᠣᠣᠰᠯᠠᠭᠤᠯᠤᠭ᠍ᠰᠠᠨ ᠰᠣᠳᠣᠨ ᠲᠣᠭ᠍ᠯᠠᠯᠲᠠ ᠪᠡᠷ ᠦᠵᠡᠭᠴᠢ ᠲᠦᠮᠡᠨ ᠳ᠋ᠦ ᠤᠷᠢᠬᠠᠨ ᠬᠠᠪᠤᠷ ᠤ᠋ᠨ ᠪᠡᠯᠡᠭ ᠪᠠᠷᠢᠵᠦ᠂ ᠰᠢᠨ᠎ᠠ ᠵᠢᠯ ᠤ᠋ᠨ ᠰᠢᠨ᠎ᠠ ᠡᠬᠢᠯᠡᠯᠳᠡ ᠳ᠋ᠤᠨᠢ ᠵᠤᠷᠢᠭ ᠬᠦᠴᠦ ᠨᠡᠮᠡᠭᠰᠡᠨ ᠪᠠᠢᠨ᠎ᠠ᠃
ᠲᠣᠰ ᠤᠳᠠᠭ᠎ᠠ ᠵᠢᠨ ᠲᠤᠰᠬᠠᠢ ᠦᠳᠡᠱᠢᠯᠡᠭᠡ ᠨᠢ ᠤᠯᠠᠮᠵᠢᠯᠠᠯᠲᠤ ᠨᠠᠢᠷᠠᠯ ᠳᠠᠭᠤᠤ ᠵᠢᠨ ᠬᠡᠪᠰᠢᠮᠡᠯ ᠬᠡᠯᠪᠡᠷᠢ ᠵᠢ ᠵᠣᠷᠢᠭ᠍ᠲᠠᠶ ᠪᠠᠷ ᠦᠬᠡᠷᠡᠴᠢᠯᠡᠵᠦ᠂ ᠬᠣᠯᠢᠮᠠᠭ ᠨᠠᠢᠷᠠᠯ ᠳᠠᠭᠤᠤ᠂ ᠬᠠᠪᠰᠤᠷᠤᠯ ᠬᠦᠭᠵᠢᠮ ᠦᠬᠡᠢ ᠨᠠᠢᠷᠠᠯ ᠳᠠᠭᠤᠤ᠂ ᠮᠣᠷᠢᠨ ᠬᠤᠭᠤᠷ ᠤ᠋ᠨ ᠭᠣᠴᠣᠯᠠᠯ ᠬᠥᠭ᠌ᠵᠢᠮ᠂ ᠣᠷᠳᠣ ᠵᠢᠨ ᠳᠠᠭᠤᠤ ᠪᠣᠯᠤᠨ ᠬᠥᠭᠡᠮᠡᠶ ᠵᠢ ᠤᠷᠠᠨ ᠢ᠋ᠶ᠋ᠠᠷ ᠠᠭᠤᠰᠤᠯᠴᠠᠭᠤᠯᠤᠭᠰᠠᠨ ᠢ᠋ᠶ᠋ᠡᠷ ᠠᠭᠤᠯᠭ᠎ᠠ ᠬᠡᠯᠪᠡᠷᠢ ᠨᠢ ᠳᠠᠩᠰᠤᠭ ᠰᠠᠢᠬᠠᠨ ᠪᠤᠯᠵᠠᠢ᠃ ᠨᠠᠢᠷᠠᠯ ᠳᠠᠭᠤᠤ ᠵᠢᠨ ᠲᠤᠰᠬᠠᠢ ᠦᠳᠡᠰᠢᠯᠡᠬᠡ ᠨᠢ 《ᠪᠠᠶᠠᠷᠲᠦ ᠴᠡᠩᠬᠡᠯ ᠤ᠋ᠨ ᠬᠠᠢᠯᠠᠯ》 ᠲᠤᠭᠯᠠᠯᠳᠠ ᠪᠡᠷ ᠡᠬᠢᠯᠡᠵᠦ᠍᠂ ᠬᠥᠷ ᠬᠥᠭ᠌ᠵᠢᠶᠡᠨᠲᠦ ᠠᠭᠤᠷ ᠠᠮᠢᠰᠭᠤᠯ ᠢ᠋ ᠬᠦᠭᠵᠢᠬᠡᠪᠡ᠃ ᠦᠳᠡᠰᠢᠯᠡᠬᠡ ᠳ᠋ᠦ 《ᠨᠠᠶ᠋ᠮᠠᠨ ᠰᠢᠷᠭ᠎ᠠ ᠵᠢᠨ ᠮᠠᠭ᠍ᠲᠠᠭᠠᠯ》᠂ 《ᠥᠨᠥᠴᠢᠨ ᠴᠠᠭᠠᠨ ᠪᠣᠲᠣᠭᠣ》 ᠵᠡᠷᠭᠡ ᠲᠠᠯ᠎ᠠ ᠨᠤᠲᠤᠭ ᠤ᠋ᠨ ᠰᠣᠩᠭᠣᠳᠠᠭ ᠪᠦᠲᠦᠭᠡᠯ ᠢ᠋ ᠲᠠᠭᠤᠯᠠᠭᠰᠠᠨ ᠵᠢᠡᠷ ᠪᠠᠷᠠᠬᠤ ᠥᠬᠡᠶ ᠪᠠᠰᠠ 《ᠬᠦᠰᠡᠯ》᠂ 《YOU RAISE ME UP》 ᠵᠡᠷᠭᠡ ᠳᠡᠯᠡᠬᠡᠶ ᠵᠢᠨ ᠰᠣᠩᠭᠣᠳᠠᠭ ᠪᠦᠲᠦᠭᠡᠯ ᠢ᠋ ᠳᠠᠭᠤᠯᠠᠵᠦ᠂ ᠬᠤᠭᠤᠷ ᠤ᠋ᠨ ᠭᠣᠴᠣᠯᠠᠯ ᠬᠥᠭ᠌ᠵᠢᠮ᠂ ᠡᠭᠡᠰᠢᠭ ᠲᠤᠯᠤᠭ᠎ᠠ ᠬᠠᠮᠲᠤᠯᠢᠭ᠂ A-minor ᠬᠠᠮᠳᠤᠯᠢᠭ ᠤ᠋ᠨ ᠬᠢᠨ ᠪᠠᠰᠠ ᠤᠷᠠᠨ ᠭᠤᠢᠳᠠ ᠲᠣᠭ᠍ᠯᠠᠯᠲᠠ ᠪᠠᠷ ᠦᠳᠡᠰᠢᠯᠡᠬᠡ ᠵᠢ ᠬᠦᠭᠵᠢᠬᠡᠭᠰᠡᠨ ᠪᠠᠢᠨ᠎ᠠ᠃
《ᠠᠪᠤ ᠡᠵᠢ ᠶ᠋ᠢᠨ ᠨᠤᠲᠤᠭ ᠤᠰᠤᠨ》 ᠬᠡᠬᠦ ᠠᠶ᠎ᠠ ᠳᠠᠭᠤᠤ ᠵᠢᠨ ᠲᠠᠨᠢᠯ ᠳᠠᠰᠤᠯ ᠬᠦᠭ ᠠᠶᠠᠰ ᠨᠢ ᠳᠠᠯᠠᠪᠠᠢ ᠲᠦᠬᠦᠷᠡᠩ ᠰᠠᠭᠤᠯᠴᠠᠭᠰᠠᠨ ᠬᠦᠮᠦᠰ ᠤ᠋ᠨ ᠨᠤᠲᠤᠭ ᠤᠰᠤᠨ ᠤ᠋ ᠬᠠᠢᠷ᠎ᠠ ᠰᠡᠳᠭᠢᠯᠭᠡ ᠵᠢ ᠴᠢᠪᠬᠠᠳᠠᠨ ᠰᠡᠳᠭᠢᠯ ᠢ᠋ ᠳᠣᠭ᠍ᠳᠣᠯᠤᠭᠤᠯᠵᠤ᠂ ᠦᠵᠡᠭᠴᠢᠳ ᠬᠠᠮᠳᠤ ᠪᠡᠷ ᠳᠠᠭᠠᠨ ᠳᠠᠭᠤᠯᠠᠵᠦ᠂ ᠲᠣᠭ᠍ᠯᠠᠯᠲᠠ ᠲᠡᠭᠦᠰᠭᠦ ᠳ᠋ᠦ ᠦᠵᠡᠭ᠌ᠴᠢᠳ ᠤ᠋ᠨ ᠬᠠᠯᠠᠭᠤᠨ ᠠᠯᠠᠭ᠎ᠠ ᠲᠠᠱᠢᠯᠳᠠ ᠵᠢᠨ ᠲᠠᠭᠤᠨ ᠪᠣᠯᠤᠨ ᠤᠤᠬᠠᠢᠯᠠᠬᠤ ᠲᠠᠭᠤᠨ ᠲᠠᠰᠤᠷᠠᠯᠳᠠ ᠦᠭᠡᠢ ᠦᠷᠬᠦᠯᠵᠢᠯᠡᠵᠡᠢ᠃ ᠨᠡᠩ ᠴᠦ᠍ 《ᠳᠥᠷᠪᠡᠨ ᠨᠠᠰᠤᠲᠠᠶ ᠬᠠᠯᠢᠭᠤᠨ》 ᠬᠡᠮᠡᠬᠦ ᠮᠣᠩᠭᠣᠯ ᠮᠣᠷᠢᠨ ᠤ᠋ ᠵᠣᠷᠢᠭ ᠰᠠᠨᠠᠭ᠎ᠠ ᠵᠢ ᠠᠴᠢᠶᠠᠯᠠᠭ᠍ᠰᠠᠨ ᠰᠣᠩᠭᠣᠳᠠᠭ ᠳᠠᠭᠤᠤ ᠨᠢ ᠴᠤᠴᠠᠯᠲᠠ ᠥᠬᠡᠶ ᠤᠷᠤᠭ᠍ᠰᠢᠯᠠᠬᠤ ᠵᠣᠷᠢᠭ ᠰᠠᠨᠠᠭ᠎ᠠ ᠵᠢ ᠢᠯᠡᠷᠡᠭᠦᠯᠤᠨ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠭᠤᠯ ᠢ᠋ ᠣᠷᠭᠢᠯ ᠳ᠋ᠤᠨᠢ ᠬᠦᠷᠭᠡᠵᠦ᠍᠂ ᠲᠤᠰ ᠦᠳᠡᠰᠢᠯᠡᠬᠡ ᠵᠢ ᠬᠥᠬᠡᠬᠣᠲᠠ ᠵᠢᠨ ᠮᠠᠷᠲᠠᠭ᠍ᠳᠠᠰᠢ ᠦᠭᠡᠢ ᠳᠠᠭᠤᠤ ᠬᠥᠭ᠌ᠵᠢᠮ ᠤ᠋ᠨ ᠳᠤᠷᠠᠰᠤᠮᠵᠢ ᠪᠣᠯᠭᠠᠵᠠᠢ᠃
ᠥᠪᠥᠷ ᠮᠣᠩᠭᠣᠯ ᠤ᠋ᠨ ᠤᠷᠠᠯᠢᠭ ᠵᠦᠴᠦᠭᠡ ᠵᠢᠨ ᠬᠦᠷᠢᠶᠡᠯᠡᠩ ᠤ᠋ᠨ ᠨᠠᠢᠷᠠᠯ ᠳᠠᠭᠤᠤ ᠵᠢᠨ ᠪᠦᠯᠬᠦᠮ ᠨᠢ ᠦᠨᠳᠦᠷ ᠲᠦᠪᠰᠢᠨ ᠪᠦᠬᠦᠢ ᠳᠠᠭᠤᠯᠠᠯᠭ᠎ᠠ ᠶ᠋ᠢᠨ ᠮᠡᠷᠭᠡᠵᠢᠯ ᠢ᠋ᠶ᠋ᠡᠷ ᠢ᠋ᠶ᠋ᠡᠨ ᠤᠯᠠᠮᠵᠢᠯᠠᠯᠲᠤ ᠨᠠᠢᠷᠠᠯ ᠳᠠᠭᠤᠤ ᠵᠢᠨ ᠬᠢᠵᠠᠭᠠᠷᠳᠠᠮᠠᠯ ᠲᠠᠯ᠎ᠠ ᠵᠢ ᠳᠠᠪᠠᠨ᠂ ᠲᠠᠯ᠎ᠠ ᠨᠤᠲᠤᠭ ᠤ᠋ᠨ ᠤᠯᠠᠮᠵᠢᠯᠠᠯᠲᠤ ᠦᠨᠦᠷ ᠠᠮᠲᠠ ᠪᠠ ᠣᠲᠣ ᠦᠶ᠎ᠡ ᠵᠢᠨ ᠭᠤᠤ᠎ᠠ ᠲᠠᠭᠠᠱᠢᠶᠠᠯ ᠢ᠋ ᠤᠷᠠᠨ ᠢ᠋ᠶ᠋ᠡᠷ ᠠᠭᠤᠰᠤᠯᠴᠠᠭᠤᠯᠵᠤ᠂ ᠢᠷᠠᠭᠤ ᠰᠠᠢᠬᠠᠨ ᠤᠷᠳᠤ ᠵᠢᠨ ᠳᠠᠭᠤᠤ ᠪᠣᠯᠤᠨ ᠢᠳᠡᠷᠡᠭᠦᠨ ᠳᠣᠷᠪᠢᠯᠢᠭ ᠬᠦᠬᠡᠮᠡᠢ ᠪᠡᠷ ᠥᠪᠥᠷ ᠮᠣᠩᠭᠣᠯ ᠤ᠋ᠨ ᠭᠦᠨ ᠵᠤᠵᠠᠭᠠᠨ ᠰᠣᠶᠣᠯ ᠤ᠋ᠨ ᠠᠭᠤᠯᠬᠤᠨ ᠢ᠋ ᠠᠴᠢᠶᠠᠯᠠᠨ ᠬᠦᠭᠵᠢᠬᠦᠯᠵᠤ ᠪᠠᠢᠨ᠎ᠠ᠃ 《ᠪᠢᠳᠡ ᠳᠠᠷᠠᠭᠠᠴᠢ ᠪᠡᠷ 〈ᠲᠠᠯ᠎ᠠ ᠶ᠋ᠢᠨ ᠤᠶᠠᠩᠭ᠎ᠠ〉 ᠨᠠᠢᠷᠠᠯ ᠳᠠᠭᠤᠤ ᠵᠢᠨ ᠲᠤᠰᠭᠠᠢ ᠦᠳᠡᠱᠢᠯᠡᠭᠡ ᠵᠢ ᠤᠯᠠᠮ ᠰᠠᠢᠵᠢᠷᠠᠭᠤᠯᠤᠨ ᠴᠢᠨᠠᠷᠵᠢᠭᠤᠯᠵᠦ᠂ ᠪᠥᠬᠥ᠌ ᠤᠯᠤᠰ ᠲᠦ᠍ ᠲᠣᠭᠣᠷᠢᠨ ᠲᠣᠭ᠍ᠯᠠᠬᠤ ᠪᠠᠷ ᠲᠥᠯᠥᠪᠯᠡᠵᠦ᠍ ᠪᠠᠢᠨ᠎ᠠ》 ᠭᠡᠵᠦ ᠥᠪᠥᠷ ᠮᠣᠩᠭᠣᠯ ᠤ᠋ᠨ ᠤᠷᠠᠯᠢᠭ ᠵᠦᠴᠦᠭᠡ ᠵᠢᠨ ᠬᠦᠷᠢᠶᠡᠯᠡᠩ ᠤ᠋ᠨ ᠬᠠᠷᠢᠭᠤᠴᠠᠯᠭᠠᠳᠠᠨ ᠲᠠᠨᠢᠯᠴᠠᠭᠤᠯᠵᠤ ᠪᠠᠢᠯ᠎ᠠ᠃