2026 ᠣᠨ᠎ᠤ ᠤᠶᠤᠲᠠᠳ᠎ᠤᠨ ᠪᠠᠷᠠᠭᠤᠨ ᠣᠷᠣᠨ᠎ᠤ ᠲᠥᠯᠥᠪᠯᠡᠭᠡ᠎ᠳ᠋ᠦ ᠨᠡᠷ᠎ᠡ ᠮᠡᠳᠡᠭᠦᠯᠵᠦ ᠡᠬᠢᠯᠡᠵᠠᠢ
2026-03-04 10:04:19
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠪᠠᠷᠠᠭᠤᠨ ᠣᠷᠣᠨ᠎ᠤ ᠲᠥᠯᠥᠪᠯᠡᠭᠡ ᠪᠣᠯ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠢ᠎ᠠ᠂ ᠰᠤᠷᠭᠠᠨ ᠬᠥᠮᠦᠵᠢᠯ᠎ᠦᠨ ᠶᠠᠮᠤᠨ᠂ ᠡᠳ᠋᠎ᠦᠨ ᠵᠠᠰᠠᠭ᠎ᠤᠨ ᠶᠠᠮᠤᠨ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠠᠴᠠ ᠬᠠᠮᠲᠤ᠎ᠪᠠᠷ ᠵᠣᠬᠢᠶᠠᠨ ᠪᠠᠢᠭᠤᠯᠵᠤ ᠬᠡᠷᠡᠭ᠌ᠵᠢᠭᠦᠯᠵᠦ ᠪᠦᠬᠦᠢ ᠴᠢᠳᠠᠪᠤᠷᠢᠲᠠᠨ᠎ᠤ ᠢᠨᠵᠧᠨᠧᠷᠢᠩ ᠪᠣᠯᠤᠨ᠎ᠠ᠃

2026 ᠣᠨ ᠎ᠤ ᠤᠶᠤᠲᠠᠳ᠎ᠤᠨ ᠪᠠᠷᠠᠭᠤᠨ ᠣᠷᠣᠨ᠎ᠤ ᠲᠦᠯᠦᠪᠯᠡᠭᠡ ᠳ᠋ᠦ ᠨᠡᠷ᠎ᠡ ᠮᠡᠳᠡᠭᠦᠯᠬᠦ ᠠᠵᠢᠯ 3 ᠰᠠᠷ᠎ᠠ ᠎ᠶ᠋ᠢᠨ 1 ᠡᠴᠡ ᠡᠬᠢᠯᠡᠵᠤ᠂ 5 ᠰᠠᠷ᠎ᠠ᠎ᠶ᠋ᠢᠨ 10 ᠎ᠤ᠋ ᠡᠳᠦᠷ ᠪᠣᠯᠲᠠᠯ᠎ᠠ ᠨᠡᠷ᠎ᠡ ᠮᠡᠳᠡᠭᠦᠯᠵᠦ ᠪᠤᠯᠤᠨ᠎ᠠ᠃ ᠡᠩ᠎ᠦᠨ ᠶᠡᠭᠡ ᠳᠡᠭᠡᠳᠦ ᠰᠤᠷᠭᠠᠭᠤᠯᠢ᠎ᠶ᠋ᠢᠨ ᠲᠤᠰ ᠤᠨ ᠳ᠋ᠦ ᠲᠡᠭᠦᠰᠭᠦ ᠰᠣᠷᠣᠭ᠍ᠴᠢ ᠪᠤᠶᠤ ᠰᠤᠷᠭᠠᠭᠤᠯᠢ ᠳ᠋ᠦ ᠪᠠᠢᠭ᠎ᠠ ᠠᠰᠫᠢᠷᠠᠨᠲ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠠᠯᠪᠠᠨ᠎ᠤ ᠰᠦᠯᠵᠢᠶ᠎ᠡ ( https ᠄ / / xibu . youth . cn) ᠳ᠋ᠤ ᠭᠠᠷᠬᠤ ᠪᠤᠶᠤ 《ᠪᠠᠷᠠᠭᠤᠨ ᠣᠷᠣᠨ᠎ᠤ ᠰᠠᠢᠨ ᠳᠤᠷ᠎ᠠ᠎ᠶ᠋ᠢᠨ ᠦᠢᠯᠡᠴᠢᠯᠡᠭᠡ》 ᠵᠢᠷᠬᠢᠶ᠎ᠡ ᠵᠢᠨ ᠣᠯᠠᠨ ᠨᠡᠢᠲᠡ᠎ᠶ᠋ᠢᠨ ᠳ᠋ᠤᠭᠠᠷ᠎ᠢᠶᠡᠷ ᠳᠠᠮᠵᠢᠭᠤᠯᠤᠨ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠲᠥᠯᠥᠪᠯᠡᠭᠡ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ ( https ᠄ / / west. youth . cn / login) ᠢ᠋ ᠲᠠᠷᠤᠵᠤ ᠨᠡᠷ᠎ᠡ ᠮᠡᠳᠡᠭᠦᠯᠵᠦ ᠪᠤᠯᠤᠨ᠎ᠠ᠃

ᠪᠠᠷᠠᠭᠤᠨ ᠣᠷᠣᠨ᠎ᠤ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ 23 ᠵᠢᠯ᠎ᠦᠨ ᠲᠤᠷᠰᠢ ᠨᠡᠢᠲᠡ 60 ᠲᠦᠮᠡ ᠱᠢᠬᠠᠮ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠨᠠᠮ᠎ᠤᠨ ᠤᠷᠢᠶᠠᠯᠠᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠪᠠᠷᠠᠭᠤᠨ ᠬᠡᠰᠡᠭ᠎ᠦᠨ ᠭᠠᠵᠠᠷ ᠣᠷᠣᠨ᠂ ᠬᠥᠳᠡᠭᠡ ᠲᠣᠰᠭᠣᠨ᠂ ᠦᠨᠳᠦᠰᠦᠨ ᠱᠠᠲᠤᠨ ᠎ᠤ ᠰᠠᠢᠨ ᠳᠤᠷ᠎ᠠ᠎ᠶ᠋ᠢᠨ ᠦᠶ᠋ᠯᠡᠴᠢᠯᠡᠭᠡ ᠳ᠋ᠦ ᠤᠷᠤᠯᠴᠠᠵᠤ᠂ ᠲᠤᠬᠠᠶ ᠎ᠶ᠋ᠢᠨ ᠭᠠᠵᠠᠷ ᠎ᠤᠨ ᠠᠵᠤ ᠠᠬᠤᠶ ᠨᠡᠢᠭᠡᠮ ᠎ᠦᠨ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠲᠡᠨ ᠎ᠦ ᠪᠦᠯᠬᠦᠮᠳᠡᠯ᠎ᠢ ᠠᠬᠢᠭᠤᠯᠬᠤ᠂ ᠬᠢᠯᠢ ᠬᠢᠵᠠᠭᠠᠷ ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠪᠠ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠤᠨ ᠪᠡᠬᠢᠵᠢᠭᠦᠯᠬᠦ᠌ ᠳᠤᠮᠳᠠ ᠢᠳᠡᠪᠬᠢᠲᠡᠶ ᠦᠢᠯᠡᠳᠦᠯ ᠦᠵᠡᠭᠦᠯᠵᠦ᠂ ᠥᠪᠡᠷ᠎ᠢᠶᠡᠨ ᠴᠦ᠍ ᠳᠠᠪᠲᠠᠭ᠍ᠳᠠᠨ ᠪᠣᠯᠪᠠᠰᠤᠷᠠᠵᠤ ᠦᠰᠦᠨ ᠪᠣᠢᠵᠢᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ᠎ᠤᠨ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号