ᠦᠪᠦᠷ ᠮᠤᠩᠭᠤᠯ ᠎ᠤᠨ ᠡᠯ᠎ᠡ ᠳᠤᠮᠳᠠᠳᠤ ᠪᠠᠭ᠎ᠠ ᠰᠤᠷᠭᠠᠭᠤᠯᠢ 《ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ 》 ᠎ᠢ᠋ ᠬᠠᠮᠳᠤ ᠪᠡᠷ ᠤᠷᠤᠪᠠ
2026-03-04 09:59:34
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 2᠎ᠤ᠋ᠨ ᠡᠳᠦᠷ᠂ 《ᠠᠮᠤᠷ ᠲᠦᠪᠰᠢᠨ ᠵᠢᠡᠷ ᠰᠤᠷᠤᠯᠴᠠᠵᠤ ᠢᠷᠡᠬᠡᠳᠦᠢ ᠵᠢᠨ ᠰᠠᠢᠨ ᠰᠠᠢᠬᠠᠨ᠎ᠢ ᠰᠠᠬᠢᠨ ᠬᠠᠮᠠᠭᠠᠯᠠᠶ᠎ᠠ》 ᠬᠡᠬᠦ 2026 ᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠬᠠᠪᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠭᠰᠡᠨ ᠠᠮᠤᠷ ᠲᠦᠪᠰᠢᠨ᠎ᠦ ᠬᠦᠮᠦᠵᠢᠯ᠎ᠤᠨ ᠠᠩᠬᠠᠨ᠎ᠤ ᠬᠢᠴᠢᠶᠡᠯ ᠪᠥᠬᠥ ᠣᠷᠣᠨ᠎ᠳᠤ ᠵᠡᠷᠭᠡ ᠪᠡᠷ ᠶᠠᠪᠤᠭᠳᠠᠪᠠ᠃ ᠥᠪᠥᠷ ᠮᠣᠩᠭᠣᠯ᠎ᠤᠨ 2800 ᠭᠠᠷᠤᠢ ᠳᠤᠮᠳᠠᠳᠤ ᠪᠠᠭ᠎ᠠ ᠰᠤᠷᠭᠠᠭᠤᠯᠢ ᠵᠢᠨ 338 ᠲᠦᠮᠡ  ᠭᠠᠷᠤᠢ  ᠪᠠᠭ᠍ᠰᠢ ᠰᠤᠷᠤᠭ᠍ᠴᠢ ᠭᠡᠷ ᠎ᠦᠨ ᠠᠬᠠᠮᠠᠳ ᠰᠦᠯᠵᠢᠶᠡᠨ ᠳᠡᠬᠡᠷ᠎ᠡ ᠬᠠᠮᠳᠤ ᠪᠡᠷ ᠰᠤᠷᠤᠯᠴᠠᠪᠠ᠃

2026 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠡᠬᠢᠯᠡᠬᠦ ᠠᠮᠤᠷ ᠲᠦᠪᠰᠢᠨ᠎ᠦ ᠬᠦᠮᠦᠵᠢᠯ᠎ᠤᠨ ᠠᠩᠬᠠᠨ᠎ᠤ ᠬᠢᠴᠢᠶᠡᠯ ᠨᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠪᠠ ᠦᠢᠯᠡᠳᠦᠯᠭᠡ᠎ᠶᠢᠨ ᠰᠣᠷᠢᠯᠲᠠ ᠎ᠶᠢ ᠬᠠᠷᠢᠯᠴᠠᠨ ᠤᠶᠠᠯᠳᠤᠭᠤᠯᠬᠤ ᠎ᠶᠢ ᠪᠠᠷᠢᠮᠲᠠᠯᠠᠵᠤ᠂ ᠰᠤᠷᠭᠠᠭᠤᠯᠢ᠎ᠶᠢᠨ ᠬᠦᠷᠢᠶᠡᠨ ᠎ᠦ ᠪᠣᠳᠠᠲᠤ ᠪᠠᠢᠳᠠᠯ ᠲᠠᠢ ᠤᠶᠠᠯᠳᠤᠭᠤᠯᠵᠤ᠂ ᠰᠤᠷᠤᠭ᠍ᠴᠢᠳ᠎ᠤᠨ ᠡᠳᠦᠷ ᠳᠤᠳᠤᠮ᠎ᠤᠨ ᠠᠮᠢᠳᠤᠷᠠᠯ ᠳ᠋ᠤ ᠠᠭᠤᠰᠤᠯᠴᠠᠭᠤᠯᠬᠤ ᠵᠢ ᠵᠤᠷᠢᠵᠠᠢ᠃ ᠤᠯᠤᠰ᠎ᠤᠨ ᠠᠮᠤᠷ ᠲᠦᠪᠰᠢᠨ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠠᠮᠤᠷ ᠲᠦᠪᠰᠢᠨ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠭᠠᠵᠠᠷ ᠬᠥᠳᠡᠯᠦᠯᠲᠡ᠎ᠵᠢᠨ ᠠᠶᠤᠯ ᠡᠴᠡ ᠳᠤᠳᠠᠭᠠᠬᠤ᠂ ᠰᠤᠷᠭᠠᠭᠤᠯᠢ ᠵᠢᠨ ᠬᠦᠷᠢᠶᠡᠨ᠎ᠤ ᠳᠣᠷᠣᠮᠵᠢᠯᠠᠯ᠎ᠢ ᠰᠡᠷᠭᠡᠢᠯᠡᠬᠦ᠂ ᠰᠢᠨᠤᠯ᠎ᠤᠨ ᠴᠢᠨᠠᠷᠲᠠᠢ ᠪᠣᠳᠠᠰ᠎ᠢ ᠳᠤᠷ᠎ᠠ᠎ᠪᠠᠷ ᠬᠡᠷᠡᠭᠯᠡᠬᠦ᠎ᠶᠢ ᠰᠡᠷᠭᠡᠢᠯᠡᠬᠦ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠂ ᠬᠣᠣᠷ ᠴᠠᠭᠠᠵᠠᠯᠠᠬᠤ ᠵᠥᠪᠯᠡᠯ᠎ᠦᠨ ᠠᠯᠪᠠᠨ ᠭᠡᠷ᠂ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠭᠠᠵᠠᠷ ᠬᠥᠳᠡᠯᠦᠯᠲᠡ᠎ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠡᠴᠡ ᠬᠢᠴᠢᠶᠡᠯᠯᠡᠬᠦ ᠠᠭᠤᠯᠭ᠎ᠠ ᠎ᠶᠢ ᠰᠢᠨᠵᠢᠯᠡᠬᠦ ᠤᠬᠠᠭᠠᠨᠴᠢ ᠎ᠪᠠᠷ ᠳᠤᠭᠳᠠᠭᠠᠪᠠ᠃  ᠬᠢᠴᠢᠶᠡᠯ ᠨᠢ ᠬᠢᠯᠢ ᠬᠢᠵᠠᠭᠠᠷ᠎ᠢ ᠴᠠᠭᠳᠠᠨ ᠬᠠᠮᠠᠭᠠᠯᠠᠵᠤ ᠪᠠᠢᠬᠤ ᠪᠤᠳᠠᠳᠤ ᠳᠠᠯᠠᠪᠤᠷ᠎ᠤᠨ ᠦᠵᠡᠭᠳᠡᠯ ᠪᠠᠢᠬᠤ ᠪᠡᠷ ᠪᠠᠷᠠᠬᠤ ᠦᠬᠡᠢ ᠠᠳᠠᠯᠢ ᠪᠤᠰᠤ ᠲᠠᠯᠠᠪᠤᠷ᠎ᠤᠨ ᠪᠠᠴᠢᠮ ᠪᠠᠢᠳᠠᠯ᠎ᠢ ᠠᠷᠭᠠᠴᠠᠭᠠᠵᠤ ᠠᠶᠤᠯ ᠡᠴᠡ ᠳᠤᠳᠠᠭᠠᠬᠤ ᠤᠷ᠎ᠠ ᠮᠡᠷᠭᠡᠵᠢᠯ᠎ᠤᠨ ᠲᠠᠢᠯᠤᠮᠵᠢ ᠪᠠᠢᠵᠤ᠂ ᠨᠠᠩ ᠴᠤ᠌ ᠤᠯᠤᠰ᠎ᠤᠨ ᠨᠤᠲᠤᠭ ᠳᠡᠪᠢᠰᠬᠡᠷ᠎ᠦᠨ ᠪᠦᠷᠢᠨ ᠪᠦᠲᠦᠨ᠎ᠢ ᠬᠠᠮᠠᠭᠠᠯᠠᠵᠤ ᠤᠯᠤᠰ᠎ᠤᠨ ᠠᠮᠤᠷ ᠲᠦᠪᠰᠢᠨ ᠎ᠢ ᠬᠠᠮᠠᠭᠠᠯᠠᠬᠤ ᠡᠷᠡᠰ ᠵᠣᠷᠢᠭ ᠵᠢᠡᠨ ᠪᠠᠳᠤᠳᠬᠠᠬᠤ ᠪᠠ ᠡᠬᠦᠷᠭᠡᠯᠡᠯ ᠬᠠᠷᠢᠭᠤᠴᠠᠯᠭ᠎ᠠ ᠵᠢᠨ ᠳᠤᠬᠠᠢ ᠬᠦᠮᠦᠵᠢᠯ ᠪᠤᠢ᠃ ᠠᠮᠤᠷ ᠲᠦᠪᠰᠢᠨ᠎ᠤ ᠬᠦᠮᠦᠵᠢᠯ᠎ᠤᠨ ᠠᠩᠬᠠᠨ᠎ᠤ ᠬᠢᠴᠢᠶᠡᠯ᠎ᠦᠨ ᠭᠣᠣᠯ ᠰᠡᠳᠦᠪ ᠨᠢ ᠢᠯᠡ ᠲᠣᠳᠣ᠌ ᠂ ᠠᠭᠤᠯᠭ᠎ᠠ ᠨᠢ ᠠᠮᠢᠳᠤᠯᠢᠭ᠋᠂ ᠬᠡᠯᠪᠡᠷᠢ ᠨᠢ ᠰᠢᠨ᠎ᠡ ᠰᠣᠷᠭᠣᠭ ᠪᠠᠢᠵᠤ᠂ ᠥᠷᠭᠡᠨ ᠣᠯᠠᠨ ᠪᠠᠭ᠍ᠰᠢ ᠰᠤᠷᠤᠭ᠍ᠴᠢᠳ᠎ᠢ ᠬᠥᠲᠥᠯᠥᠨ ᠵᠢᠯᠤᠭᠣᠳᠴᠤ᠂ ᠰᠤᠷᠤᠯᠴᠠᠯᠭ᠎ᠠ᠎ᠶᠢᠨ ᠳᠤᠮᠳᠠ ᠠᠮᠤᠷ ᠲᠦᠪᠰᠢᠨ ᠎ᠦ ᠮᠡᠳᠡᠯᠭᠡ᠎ᠪᠡᠨ ᠨᠡᠮᠡᠭᠳᠡᠭᠦᠯᠵᠦ᠂ ᠠᠮᠤᠷ ᠲᠦᠪᠰᠢᠨ᠎ᠦ ᠤᠬᠠᠮᠰᠠᠷ᠎ᠵᠢᠡᠨ  ᠳᠡᠭᠡᠭᠰᠢᠯᠡᠭᠦᠯᠦᠨ᠂ ᠪᠠᠴᠢᠮ ᠪᠠᠢᠳᠠᠯ᠎ᠢ ᠠᠷᠭᠠᠴᠠᠭᠠᠵᠤ ᠠᠶᠤᠯ ᠠ᠋ᠴᠠ ᠵᠠᠢᠯᠠᠬᠤ ᠴᠢᠳᠠᠪᠤᠷᠢ᠎ᠶᠢ ᠴᠢᠩᠭᠠᠳᠬᠠᠵᠠᠢ᠃

ᠲᠣᠰ ᠤᠳᠠᠭ᠎ᠠ ᠵᠢᠨ《ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ 》 ᠢ᠋ 《ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠨᠡᠢᠲᠡᠯᠡᠯ》 ᠂ 《 ᠡᠭᠦᠯᠡᠨ ᠳᠠᠪᠴᠠᠩ ᠳ᠋ᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ 》᠂ 《ᠥᠪᠥᠷ ᠮᠣᠩᠭᠣᠯ᠎ᠤᠨ ᠭᠠᠯ ᠰᠡᠷᠬᠡᠢᠯᠡᠵᠤ ᠭᠠᠯ ᠤᠨᠲᠠᠷᠠᠭᠠᠬᠤ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ》 ᠵᠡᠷᠭᠡ ᠵᠢᠷᠬᠢᠶ᠎ᠠ ᠵᠢᠨ ᠤᠯᠠᠨ ᠨᠡᠶ᠋ᠢᠲᠡ᠎ᠶᠢᠨ ᠳᠠᠪᠴᠠᠩ᠂ ᠸᠢᠳᠢᠤ᠋  ᠳ᠋ᠤᠭᠠᠷ᠂ ᠴᠤᠤᠷᠢᠢ᠎ᠠ ᠵᠡᠷᠭᠡ ᠣᠯᠠᠨ ᠲᠠᠪᠴᠠᠩ᠎ᠢᠶᠠᠷ ᠵᠡᠷᠭᠡ ᠪᠡᠷ ᠨᠡᠪᠲᠡᠷᠡᠭᠦᠯᠪᠡ᠃ ᠪᠥᠬᠥ ᠣᠷᠣᠨ ᠎ᠤ ᠡᠯ᠎ᠡ ᠱᠠᠲᠤᠨ ᠎ᠤ ᠡᠯ᠎ᠡ ᠲᠥᠷᠥᠯ᠎ᠦᠨ ᠰᠤᠷᠭᠠᠭᠤᠯᠢ᠎ᠨᠤᠭᠤᠳ ᠪᠠᠰᠠ ᠭᠣᠣᠯ ᠰᠡᠳᠦᠪᠲᠦ ᠠᠩᠭᠢ᠎ᠶᠢᠨ ᠬᠤᠷᠠᠯ ᠵᠡᠷᠭᠡ ᠠᠵᠢᠯᠯᠠᠭ᠎ᠠ᠎ᠶᠢ ᠵᠣᠬᠢᠶᠠᠨ ᠪᠠᠢᠭᠤᠯᠵᠤ᠂ ᠠᠮᠤᠷ ᠲᠦᠪᠰᠢᠨ᠎ᠦ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠰᠤᠷᠭᠠᠭᠤᠯᠢ ᠎ᠶᠢᠨ ᠬᠦᠷᠢᠶᠡᠨ᠎ᠦ ᠠᠮᠤᠷ ᠲᠦᠪᠰᠢᠨ ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号