ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ 《ᠴᠠᠭᠠᠨ ᠰᠠᠷ᠎ᠠ᠎ᠶᠢᠨ ᠠᠩᠬᠠᠨ᠎ᠤ ᠬᠢᠴᠢᠶᠡᠯ》 ᠤ᠋ᠨ ᠨᠣᠮ ᠤᠩᠰᠢᠬᠤ ᠰᠤᠳᠤᠯᠤᠨ ᠶᠠᠷᠢᠯᠴᠠᠬᠤ ᠠᠩᠭᠢ ᠡᠷᠬᠢᠯᠡᠵᠡᠢ
2026-03-04 10:12:01
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 25᠎ᠤ᠋ ᠡᠳᠦᠷ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ 2026 ᠣᠨ᠎ᠤ 《ᠴᠠᠭᠠᠨ ᠰᠠᠷ᠎ᠠ᠎ᠶᠢᠨ ᠠᠩᠬᠠᠨ᠎ᠤ ᠬᠢᠴᠢᠶᠡᠯ》 ᠤ᠋ᠨ ᠨᠣᠮ ᠤᠩᠰᠢᠬᠤ ᠰᠤᠳᠤᠯᠤᠨ ᠶᠠᠷᠢᠯᠴᠠᠬᠤ ᠠᠩᠭᠢ ᠵᠢᠴᠢ ᠰᠤᠷᠭᠠᠨ ᠬᠥᠮᠦᠵᠢᠯ᠎ᠦᠨ ᠰᠢᠰᠲᠧᠮ᠎ᠦᠨ ᠺᠠᠳ᠋ᠷ᠎ᠤᠨ ᠴᠢᠳᠠᠪᠤᠷᠢ᠎ᠶᠢ ᠳᠡᠭᠡᠭᠰᠢᠯᠡᠭᠦᠯᠬᠦ ᠠᠩᠭᠢ ᠡᠷᠭᠢᠯᠡᠪᠡ᠃ ᠲᠤᠰ ᠤᠳᠠᠭᠠᠨ᠎ᠤ ᠪᠣᠯᠪᠠᠰᠤᠷᠠᠯ ᠨᠢ ᠰᠤᠷᠭᠠᠨ ᠬᠥᠮᠦᠵᠢᠯ᠎ᠦᠨ ᠰᠢᠰᠲᠧᠮ᠎ᠦᠨ ᠤᠳᠤᠷᠢᠳᠬᠤ ᠺᠠᠳ᠋ᠷᠴᠤᠳ᠎ᠤᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ ᠪᠠ ᠵᠠᠰᠠᠯᠲᠠ᠎ᠶᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠣᠷᠣᠨ᠎ᠤ ᠲᠥᠪ᠎ᠦᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠣᠷᠣᠨ ᠪᠦᠰᠡ᠎ᠶᠢᠨ ᠰᠤᠷᠭᠠᠨ ᠬᠥᠮᠦᠵᠢᠯ᠎ᠦᠨ ᠲᠥᠪ᠎ᠢ ᠲᠦᠷᠭᠡᠳᠬᠡᠨ ᠪᠠᠶ᠋ᠢᠭᠤᠯᠬᠤ᠎ᠳᠤ ᠴᠢᠳᠠᠪᠤᠷᠢᠲᠠᠨ᠎ᠤ ᠰᠠᠭᠤᠷᠢ᠎ᠶᠢ ᠪᠡᠬᠢᠵᠢᠭᠦᠯᠵᠦ᠂ ᠬᠥᠭᠵᠢᠯᠲᠡ᠎ᠶᠢᠨ ᠬᠥᠳᠡᠯᠭᠡᠭᠴᠢ ᠬᠦᠴᠦᠨ᠎ᠢ ᠨᠡᠮᠡᠷᠢᠯᠡᠬᠦ᠎ᠶᠢᠨ ᠲᠥᠯᠥᠭᠡ ᠶᠤᠮ᠃

ᠡᠯ᠎ᠡ ᠬᠣᠰᠢᠭᠤ ᠰᠢᠶᠠᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠤᠳᠤᠷᠢᠳᠬᠤ ᠪᠠᠭ᠎ᠤᠨ ᠪᠦᠷᠢᠯᠳᠦᠭᠦᠨ᠂ ᠡᠯ᠎ᠡ ᠰᠢᠭᠤᠳ ᠬᠠᠷᠢᠶ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠢ᠎ᠶᠢᠨ ᠤᠳᠤᠷᠢᠳᠬᠤ ᠪᠠᠭ᠎ᠤᠨ ᠪᠦᠷᠢᠯᠳᠦᠭᠦᠨ᠂ ᠡᠯ᠎ᠡ ᠬᠣᠰᠢᠭᠤ ᠰᠢᠶᠠᠨ ᠲᠣᠭᠣᠷᠢᠭ᠋᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠲᠥᠯᠥᠭᠡᠯᠡᠭᠴᠢ ᠵᠡᠷᠭᠡ 280 ᠭᠠᠷᠤᠢ ᠬᠥᠮᠥᠨ ᠰᠤᠳᠤᠯᠤᠨ ᠶᠠᠷᠢᠯᠴᠠᠬᠤ ᠠᠩᠭᠢ᠎ᠳᠤ ᠣᠷᠣᠯᠴᠠᠵᠠᠢ᠃

ᠲᠣᠰ ᠤᠳᠠᠭᠠᠨ᠎ᠤ ᠨᠣᠮ ᠤᠩᠰᠢᠬᠤ ᠰᠤᠳᠤᠯᠤᠨ ᠶᠠᠷᠢᠯᠴᠠᠬᠤ ᠠᠩᠭᠢ ᠨᠢ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠭᠣᠣᠯᠳᠠᠯᠭ᠎ᠠ᠎ᠲᠠᠢ ᠪᠡᠷᠬᠡ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠠᠪᠤᠨ ᠶᠡᠬᠡ ᠲᠤᠰᠬᠠᠢ ᠰᠡᠳᠦᠪᠲᠦ ᠪᠣᠯᠪᠠᠰᠤᠷᠠᠯ᠎ᠤᠨ ᠵᠠᠭᠪᠤᠷ ᠢ᠋ ᠨᠢᠮᠪᠠᠢ ᠪᠠᠢᠷᠢᠯᠠᠭᠤᠯᠵᠤ᠂ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠨ᠂ ᠨᠡᠷ᠎ᠡ ᠬᠦᠨᠳᠦᠲᠡᠢ ᠡᠷᠳᠡᠮᠲᠡᠨ ᠢ᠋ ᠤᠷᠢᠵᠤ ᠬᠢᠴᠢᠶᠡᠯ ᠤᠷᠤᠭᠤᠯᠵᠠᠢ᠃ ᠲᠤᠰᠬᠠᠢ ᠮᠡᠷᠭᠡᠵᠢᠯᠲᠡᠳ ᠡᠴᠡ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠠᠵᠢᠯ᠂ ᠰᠣᠨᠢᠨ ᠮᠡᠳᠡᠭᠡ ᠤᠬᠠᠭᠤᠯᠭ᠎ᠠ᠎ᠶᠢᠨ ᠠᠵᠢᠯ᠂ ᠰᠣᠷᠣᠭ᠍ᠴᠢ ᠡᠯᠰᠡᠬᠦ ᠠᠵᠢᠯ᠎ᠤᠨ ᠵᠢᠷᠤᠮᠵᠢᠯ᠂ ᠰᠤᠷᠭᠠᠨ ᠬᠥᠮᠦᠵᠢᠯ᠎ᠦᠨ ᠰᠦᠢᠳᠬᠡᠯ ᠬᠤᠷᠢᠶᠠᠬᠤ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠪᠠᠭ᠍ᠰᠢ᠎ᠶᠢᠨ ᠮᠣᠷᠠᠯ ᠰᠤᠷᠲᠠᠯ ᠵᠡᠷᠭᠡ ᠭᠣᠣᠯ ᠠᠭᠤᠯᠭ᠎ᠠ᠎ᠶᠢᠨ ᠲᠣᠭᠣᠷᠢᠨ᠎ᠳᠤ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ ᠪᠠ ᠦᠢᠯᠡᠳᠦᠯᠭᠡ᠎ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭ᠍ᠲᠠ ᠤᠶᠠᠯᠳᠤᠭᠤᠯᠤᠨ᠂ ᠣᠨᠣᠯ᠎ᠤᠨ ᠲᠠᠢᠯᠤᠮᠵᠢ᠂ ᠬᠡᠷᠡᠭ᠎ᠦᠨ ᠵᠢᠱ᠌ᠢᠶ᠎ᠡ᠎ᠶᠢᠨ ᠵᠠᠳᠠᠯᠤᠯᠲᠠ᠂ ᠰᠢᠰᠲᠧᠮ᠎ᠲᠠᠢ ᠲᠠᠢᠯᠤᠮᠵᠢ ᠬᠢᠵᠦ᠂ ᠪᠣᠯᠪᠠᠰᠤᠷᠠᠯ᠎ᠳᠤ ᠣᠷᠣᠯᠴᠠᠭᠰᠠᠳ ᠮᠠᠰᠢ ᠶᠡᠬᠡ ᠰᠡᠩᠬᠡᠷᠡᠭᠦᠯᠦᠯ  ᠬᠦᠷᠳᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号