ᠸᠠᠩ ᠸᠧᠶ ᠵᠥᠩ ᠢ ᠪᠦᠯᠬᠦᠮ᠎ᠦᠨ ᠳᠠᠷᠤᠭ᠎ᠠ᠎ᠪᠠᠷ ᠲᠡᠪᠰᠢᠬᠦᠯᠤᠨ ᠰᠣᠩᠭᠣᠪᠠ
ᠪᠦᠦ ᠭᠠᠩ ᠯᠢᠦ ᠱᠤᠸᠠᠩ ᠵᠠᠩ ᠱᠤᠤ ᠴᠦᠨ ᠵᠧᠩ ᠬᠣᠩ ᠹᠠᠨ ᠢᠦᠶ ᠯᠢ ᠱᠢᠨ ᠢ᠋ ᠳᠡᠳ᠋ ᠪᠦᠯᠬᠦᠮ᠎ᠦᠨ ᠳᠠᠷᠤᠭ᠎ᠠ ᠪᠡᠷ ᠲᠡᠪᠰᠢᠬᠦᠯᠤᠨ ᠰᠤᠩᠭᠤᠵᠠᠢ
ᠶᠡᠬᠡ ᠬᠤᠷᠠᠯ᠎ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ 3 ᠰᠠᠷ᠎ᠠ᠎ᠶ᠋ᠢᠨ 3 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠥᠬᠥᠳᠡ ᠬᠤᠷᠠᠯ ᠬᠢᠪᠠ᠃

3 ᠰᠠᠷ᠎ᠠ᠎ᠶ᠋ᠢᠨ 3 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠥᠬᠥᠳᠡ ᠬᠤᠷᠠᠯ ᠬᠢᠪᠠ᠃
ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠬᠤᠷᠠᠯ᠎ᠡᠴᠡ ᠸᠠᠩ ᠸᠧᠢ ᠵᠦᠩᠢ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ᠎ᠪᠠᠷ ᠲᠡᠪᠰᠢᠬᠦᠯᠤᠨ ᠰᠣᠩᠭᠣᠵᠤ᠂ ᠪᠦᠦ ᠭᠠᠩ᠂ ᠯᠢᠦ ᠱᠤᠸᠠᠩ᠂ ᠵᠠᠩ ᠱᠤᠤ ᠴᠦᠨ᠂ ᠵᠧᠩ ᠬᠣᠩ ᠹᠠᠨ᠂ ᠢᠦᠢ ᠯᠢ ᠱᠢᠨᠢ ᠳᠡᠳ᠋ ᠪᠦᠯᠬᠦᠮ᠎ᠦᠨ ᠳᠠᠷᠤᠭ᠎ᠠ᠎ᠪᠠᠷ ᠲᠡᠪᠰᠢᠬᠦᠯᠤᠨ ᠰᠣᠩᠭᠣᠪᠠ᠃
ᠬᠤᠷᠠᠯ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠶᠡᠬᠡ ᠬᠤᠷᠠᠯ᠎ᠤᠨ ᠵᠥᠪᠯᠡᠬᠦ᠌ ᠵᠦᠢᠯ᠎ᠦᠨ ᠲᠥᠰᠦᠯ᠎ᠢ ᠬᠢᠨᠠᠨ ᠵᠥᠪᠯᠡᠵᠦ᠍᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠡᠴᠡ ᠬᠤᠷᠠᠯᠳᠤᠭᠤᠯᠤᠭᠰᠠᠨ ᠲᠥᠯᠥᠭᠡᠯᠡᠭ᠌ᠴᠢᠳ᠎ᠦᠨ ᠪᠦᠯᠬᠦᠮ᠎ᠦᠨ ᠬᠤᠷᠠᠯᠳᠤᠭᠤᠯᠤᠭ᠍ᠴᠢᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ ᠪᠠᠰᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ ᠪᠦᠯᠬᠦᠮ ᠤ᠋ᠨ ᠰᠠᠨᠠᠭᠤᠯᠭ᠎ᠠ᠎ᠶ᠋ᠢ ᠪᠠᠲᠤᠯᠠᠪᠠ᠃
ᠸᠠᠩ ᠸᠧᠢ ᠵᠦᠩ᠂ ᠤᠳᠠᠯ ᠦᠭᠡᠢ ᠬᠤᠷᠠᠯᠳᠤᠬᠤ ᠭᠡᠵᠦ᠍ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠣᠯ ᠮᠠᠨ᠎ᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠥᠯᠦᠪᠵᠢᠭᠦᠯᠦᠨ ᠬᠡᠷᠡᠭ᠌ᠵᠢᠭᠦᠯᠬᠦ᠌᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠬᠤᠷᠠᠯᠳᠤᠬᠤ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠂ ᠪᠦᠬᠦ᠌ ᠤᠯᠤᠰ᠎ᠤᠨ ᠠᠷᠠᠳ ᠲᠦᠮᠡᠨ᠎ᠦ ᠤᠯᠤᠰ ᠲᠦᠷᠦ᠍᠎ᠶ᠋ᠢᠨ ᠠᠮᠢᠳᠤᠷᠠᠯ᠎ᠳᠠᠬᠢ ᠨᠢᠭᠡᠨ ᠲᠤᠮᠤ ᠶᠠᠪᠤᠳᠠᠯ ᠪᠣᠯᠤᠨ᠎ᠠ᠃ ᠪᠢᠳᠡ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠤᠯᠤᠰ ᠲᠥᠷᠥ᠎ᠶ᠋ᠢ ᠡᠷᠬᠢᠮᠯᠡᠬᠦ᠌ ᠱᠠᠭᠠᠷᠳᠠᠯᠭ᠎ᠠ᠎ᠶ᠋ᠢ ᠬᠤᠷᠠᠯ᠎ᠤᠨ ᠪᠦᠬᠦ ᠶᠠᠪᠤᠴᠠ ᠳ᠋ᠤ ᠲᠤᠭᠤᠱᠢᠯᠠᠭᠤᠯᠵᠤ᠂ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ ᠵᠢᠨ ᠱᠠᠭᠠᠷᠳᠠᠯᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠬᠡᠬᠦᠳᠡᠭ ᠳᠦᠭᠦᠷᠡᠩ ᠤᠯᠤᠰ ᠲᠥᠷᠥ᠎ᠶ᠋ᠢᠨ ᠬᠠᠯᠠᠭᠤᠨ ᠰᠡᠳᠭᠢᠯᠭᠡ᠂ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠤᠬᠠᠮᠰᠠᠷ᠎ᠢᠶᠠᠷ ᠬᠤᠷᠠᠯ᠎ᠢ ᠰᠠᠢᠲᠤᠷ ᠬᠤᠷᠠᠯᠳᠤᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠡᠯ᠎ᠡ ᠵᠦᠢᠯ᠎ᠦᠨ ᠢᠯᠡᠳᠭᠡᠯ ᠮᠡᠳᠡᠭᠦᠯᠦᠯᠲᠡ ᠪᠠ ᠲᠥᠰᠦᠯ᠎ᠢ ᠨᠠᠷᠢᠨ ᠬᠢᠨᠠᠮᠠᠭᠠᠢ ᠬᠢᠨᠠᠨ ᠵᠥᠪᠯᠡᠵᠦ᠍ ᠬᠢᠨᠠᠨ ᠪᠠᠢᠴᠠᠭᠠᠵᠤ᠂ ᠭᠦᠨᠵᠡᠭᠡᠢ ᠪᠣᠳᠣᠯᠬᠢᠯᠠᠵᠤ ᠪᠠᠢᠭᠠᠳ ᠴᠢᠨᠠᠷ ᠰᠠᠢᠲᠠᠢ ᠰᠠᠨᠠᠯ ᠵᠦᠪᠯᠡᠯᠭᠡ ᠳᠤᠷᠠᠳᠴᠤ᠌᠂ ᠬᠠᠤᠯᠢ ᠲᠣᠭ᠍ᠲᠠᠭᠠᠯ ᠶᠣᠰᠣᠭᠠᠷ ᠪᠠᠲᠤᠯᠠᠬᠤ ᠡᠷᠬᠡ᠎ᠪᠡᠨ ᠬᠡᠷᠡᠭ᠌ᠵᠢᠭᠦᠯᠬᠦ᠌ ᠬᠡᠷᠡᠭ᠌ᠲᠡᠢ᠃ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠶᠡᠬᠡ ᠬᠤᠷᠠᠯ᠎ᠤᠨ ᠡᠳᠦᠷ᠎ᠦᠨ ᠳᠠᠷᠠᠭᠠᠯᠠᠯ᠎ᠤᠨ ᠲᠣᠬᠢᠷᠠᠭᠤᠯᠤᠯᠲᠠ ᠪᠣᠯᠤᠨ ᠡᠯ᠎ᠡ ᠵᠦᠶ᠋ᠯ᠎ᠦᠨ ᠰᠠᠬᠢᠯᠭ᠎ᠠ ᠪᠠᠲᠤ᠎ᠶ᠋ᠢᠨ ᠲᠣᠭ᠍ᠲᠠᠭᠠᠯ᠎ᠢ ᠴᠢᠩᠭ᠎ᠠ ᠵᠢᠷᠤᠮᠯᠠᠵᠤ᠂ ᠲᠥᠪ ᠴᠢᠩᠭ᠎ᠠ ᠰᠠᠬᠢᠯᠭ᠎ᠠ ᠪᠠᠲᠤ ᠣᠪᠣᠷ ᠰᠤᠷᠲᠠᠯ᠎ᠢᠶᠠᠷ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠰᠠᠢᠨ ᠰᠠᠢᠬᠠᠨ ᠳᠦᠷᠢ ᠲᠥᠷᠬᠦ᠌᠎ᠶ᠋ᠢ ᠢᠯᠡᠷᠡᠭᠦᠯᠬᠦ᠌ ᠬᠡᠷᠡᠭ᠌ᠲᠡᠶ ᠭᠡᠵᠤ ᠬᠡᠯᠡᠪᠡ᠃