ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶ᠋ᠢᠨ ᠵᠥᠪᠯᠡᠯᠭᠡᠨ ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠶᠠᠷᠢᠯᠴᠠᠬᠤ ᠬᠤᠷᠠᠯ ᠬᠤᠷᠠᠯᠳᠤᠭᠤᠯᠪᠠ
2026-03-04 09:49:06
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆


      ᠬᠦᠦᠳᠠᠭᠤᠯᠠ ᠶᠠᠷᠢᠶ᠎ᠠ ᠲᠠᠯᠪᠢᠵᠠᠢ


3 ᠰᠠᠷ᠎ᠠ᠎ᠶ᠋ᠢᠨ 3 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠢ ᠵᠣᠬᠢᠶᠠᠨ ᠪᠠᠢᠭᠤᠯᠵᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠳᠥᠷᠪᠡᠳᠦᠭᠡᠷ ᠬᠤᠷᠠᠯ᠎ᠳᠤ ᠮᠤᠷᠳᠠᠬᠤ ᠡᠴᠡ ᠡᠮᠦᠨᠡᠬᠢ ᠶᠠᠷᠢᠯᠴᠠᠬᠤ ᠬᠤᠷᠠᠯ ᠬᠢᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠵᠠᠩ ᠶᠠᠨ ᠺᠦᠨ᠎ᠤ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠦᠦᠳᠠᠭᠤᠯᠠ᠂ ᠪᠦᠬᠦ᠌ ᠤᠯᠤᠰ ᠎ᠤᠨ ᠤᠯᠤᠰ ᠲᠦᠷᠦ᠍᠎ᠶ᠋ᠢᠨ ᠵᠥᠪᠯᠡᠯᠭᠡᠨ ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠳᠥᠷᠪᠡᠳᠦᠭᠡᠷ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠡᠬᠢᠯᠡᠯᠲᠡ᠎ᠶ᠋ᠢᠨ ᠵᠢᠯ᠎ᠳᠦ ᠬᠤᠷᠠᠯᠳᠤᠭᠤᠯᠬᠤ ᠨᠢᠭᠡ ᠤᠳᠠᠭ᠎ᠠ᠎ᠶ᠋ᠢᠨ ᠮᠠᠰᠢ ᠴᠢᠬᠤᠯᠠ ᠬᠤᠷᠠᠯ ᠪᠣᠯᠤᠨ᠎ᠠ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠤᠯᠤᠰ ᠲᠦᠷᠦ᠍᠎ᠶ᠋ᠢ ᠡᠷᠬᠢᠮᠯᠡᠬᠦ᠌᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ᠎ᠢᠶᠠᠷ ᠬᠤᠷᠠᠯ᠎ᠳᠤ ᠣᠷᠣᠯᠴᠠᠵᠤ᠂ ᠢᠮᠠᠭ᠍ᠲᠠ ᠨᠠᠮ ᠪᠣᠯᠤᠨ ᠤᠯᠤᠰ᠎ᠤᠨ ᠭᠣᠣᠯ ᠡᠭᠦᠷᠭᠡ᠎ᠶ᠋ᠢᠨ ᠲᠣᠭᠣᠷᠢᠨ᠎ᠳᠤ ᠲᠤᠰᠢᠶᠠᠯ ᠬᠠᠷᠢᠭᠤᠴᠠᠯᠭ᠎ᠠ ᠪᠠᠨ ᠰᠠᠢᠲᠤᠷ ᠭᠦᠢᠴᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠬᠤᠭᠤᠴᠠᠭᠠᠨ᠎ᠤ ᠭᠣᠣᠯ ᠬᠠᠷᠠᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠤ᠌᠂ ᠡᠯ᠎ᠡ ᠵᠦᠢᠯ᠎ᠦᠨ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠵᠤ᠂ ᠬᠤᠷᠠᠯ᠎ᠤᠨ ᠡᠯ᠎ᠡ ᠵᠦᠢᠯ᠎ᠦᠨ ᠡᠭᠦᠷᠭᠡ᠎ᠶ᠋ᠢ ᠴᠢᠨᠠᠷ ᠰᠠᠢᠲᠠᠢ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠢ ᠭᠡᠵᠦ᠍ ᠬᠡᠯᠡᠪᠡ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ᠎ᠶ᠋ᠢᠨ ᠵᠥᠪᠯᠡᠯᠭᠡᠨ ᠎ᠦ ᠳᠡᠳ᠋ ᠲᠡᠷᠢᠭᠦᠯᠡᠭ᠌ᠴᠢ ᠠᠨ ᠷᠦᠨ ᠱᠧᠩ᠂ ᠢᠦᠶ ᠷᠧᠨ ᠵᠢᠶᠧ ᠵᠡᠷᠭᠡ ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ 20 ᠭᠡᠱᠢᠭᠦᠨ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号