ᠲᠡᠮᠡᠴᠡᠯ᠎ᠤᠨ ᠬᠠᠷᠠᠯᠲᠠ᠎ᠪᠠᠨ ᠴᠢᠩᠭ᠎ᠠ ᠤᠨᠢᠯᠠᠵᠦ ᠣᠶᠤᠨ ᠤᠬᠠᠭᠠᠨ ᠬᠦᠴᠦᠨ ᠴᠢᠳᠠᠯ᠎ᠢᠶᠠᠨ ᠨᠢᠭ᠍ᠲᠠᠷᠠᠭᠤᠯᠰᠤᠭᠠᠢ
2026-03-04 09:47:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠡᠬᠢᠯᠡᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ


ᠤᠷᠢᠬᠠᠨ ᠬᠠᠪᠤᠷ ᠰᠠᠭᠠᠲᠠᠵᠤ᠂ ᠲᠦᠮᠡᠨ ᠪᠣᠳᠠᠰ ᠲᠥᠯᠵᠢᠨ ᠠᠮᠢᠯᠠᠨ᠎ᠠ᠃ 3 ᠰᠠᠷ᠎ᠠ᠎ᠶ᠋ᠢᠨ 4 ᠤ᠋ ᠡᠳᠦᠷ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠪᠡᠭᠡᠵᠢᠩ᠎ᠳᠦ ᠡᠬᠢᠯᠡᠪᠡ᠃ 34 ᠡᠲᠡᠭᠡᠳ ᠢᠯᠭᠠᠯ᠎ᠤᠨ 2000 ᠭᠠᠷᠤᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠴᠢᠩ ᠰᠡᠳᠭᠢᠯ᠎ᠦᠨ ᠬᠦᠰᠡᠯ ᠡᠷᠡᠮᠡᠯᠵᠡᠯ᠎ᠢ ᠠᠪᠴᠤ᠂ ᠢᠷᠠᠭᠤ ᠠᠯᠳᠠᠷᠲᠤ ᠡᠭᠦᠷᠭᠡ᠎ᠶ᠋ᠢ ᠡᠭᠦᠷᠭᠡᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠬᠦ ᠪᠡᠷ ᠪᠤᠢ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

2025 ᠣᠨ ᠪᠣᠯ ᠮᠠᠰᠢ ᠶᠡᠷᠦ᠍ ᠪᠤᠰᠤ᠎ᠶ᠋ᠢᠨ ᠪᠠᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠬᠦᠴᠦᠯᠡᠨ ᠲᠡᠮᠡᠴᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ ᠰᠠᠢᠲᠤᠷ ᠬᠢᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ᠎ᠢᠶᠠᠷ ᠡᠯ᠎ᠡ ᠵᠦᠢᠯ᠎ᠦᠨ ᠲᠣᠭ᠍ᠲᠠᠭᠠᠯᠲᠤ ᠪᠤᠰᠤ ᠴᠢᠨᠠᠷ᠎ᠢ ᠠᠷᠭᠠᠴᠡᠭᠠᠪᠠ᠃ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠰᠥᠷᠥᠨ ᠤᠷᠤᠭ᠍ᠰᠢᠯᠠᠵᠤ᠂ ᠱᠢᠨ᠎ᠡ ᠰᠢᠯᠢᠳᠡᠭ ᠲᠡᠢᠰᠢ ᠬᠥᠭ᠌ᠵᠢᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠪᠥᠬᠥ᠌ ᠵᠢᠯ᠎ᠦᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠥᠷᠳᠡᠭ ᠠᠩᠬ᠎ᠠ ᠤᠳᠠᠭ᠎ᠠ 140  ᠲᠦᠮᠡᠨ ᠳ᠋ᠦᠩᠱᠢᠭᠤᠷ ᠲᠥᠭᠥᠷᠢᠭ᠎ᠦᠨ ᠪᠣᠭᠣᠮᠲᠠ᠎ᠶ᠋ᠢ ᠳᠠᠪᠠᠵᠤ᠂ ᠨᠡᠮᠡᠭ᠌ᠳᠡᠯ᠎ᠦᠨ ᠬᠤᠷᠳᠤᠴᠠ ᠨᠢ ᠦᠷᠭᠦᠯᠵᠢᠯᠡᠨ ᠳᠡᠯᠡᠬᠡᠢ᠎ᠶ᠋ᠢᠨ ᠭᠣᠣᠯ ᠪᠣᠯᠬᠤ ᠠᠵᠤ ᠠᠬᠤᠢ᠎ᠶ᠋ᠢᠨ ᠴᠣᠭ᠍ᠴᠠ᠎ᠶ᠋ᠢᠨ ᠡᠮᠦᠨ᠎ᠡ ᠡᠩᠨᠡᠭᠡᠨ᠎ᠳᠦ ᠣᠷᠣᠪᠠ᠃ 5 ᠵᠢᠯ᠎ᠦᠨ ᠱᠢᠷᠭᠠᠭᠤ ᠬᠠᠲᠠᠭᠤᠵᠢᠯᠲᠠᠢ ᠲᠡᠮᠡᠴᠡᠯ᠎ᠢᠶᠡᠷ ᠳᠠᠮᠵᠢᠨ᠂ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠶ ᠰᠡᠭᠦᠯ ᠬᠤᠷᠢᠶᠠᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢᠯᠡᠭᠰᠡᠨ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠤᠨ ᠬᠠᠷᠠᠯᠲᠠ ᠵᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠬᠢᠯᠪᠠᠷ ᠪᠤᠰᠤ ᠪᠡᠷ ᠤᠯᠤᠬᠰᠠᠨ ᠡᠳᠡᠭᠡᠷ ᠠᠮᠵᠢᠯᠲᠠ ᠪᠦᠲᠦᠮᠵᠢ ᠬᠦᠮᠦᠰ ᠢ᠋ ᠤᠷᠮᠠᠰᠢᠭᠤᠯᠤᠨ᠎ᠠ᠂ ᠡᠨᠡ ᠪᠣᠯ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠬᠦᠴᠦᠷᠬᠡᠭ ᠤᠯᠤᠰ ᠤ᠋ᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠷᠡᠰ ᠵᠣᠷᠢᠭ ᠪᠠ ᠢᠲᠡᠭᠡᠯ᠎ᠢ ᠨᠡᠩ ᠪᠠᠲᠤᠳᠭᠠᠭ᠍ᠰᠠᠨ ᠪᠠᠢᠨ᠎ᠠ᠃

《ᠤᠯᠤᠰ᠎ᠤᠨ ᠶᠡᠬᠡ ᠶᠠᠪᠤᠳᠠᠯ》  ᠢ᠋ ᠪᠠᠲᠤ ᠴᠡᠭᠡᠵᠢᠯᠡᠵᠦ᠍᠂  《ᠲᠦᠮᠡᠨ ᠠᠢᠯ ᠮᠢᠩᠭᠠᠨ ᠡᠷᠦᠬᠡ》 ᠵᠢ ᠰᠡᠳᠭᠢᠯ ᠳ᠋ᠡᠭᠡᠨ ᠪᠤᠳᠤᠨ᠎ᠠ᠃ ᠨᠢᠭᠡ ᠵᠢᠯ᠎ᠦᠨ ᠲᠤᠷᠰᠢ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠠᠬᠢᠭᠤᠯᠬᠤ ᠵᠢ ᠪᠠᠢᠩᠭᠤᠵᠢᠭᠤᠯᠬᠤ᠂ ᠲᠤᠭ᠍ᠳᠡᠴᠡᠵᠢᠭᠤᠯᠬᠤ ᠰᠤᠳᠤᠯᠭᠠᠨ᠎ᠢ ᠭᠦᠨᠵᠡᠭᠡᠢ ᠠᠬᠢᠭᠤᠯᠵᠤ᠂ ᠨᠠᠮ᠎ᠤᠨ ᠱᠢᠨ᠎ᠡ᠎ᠡᠭᠦᠳᠦᠯᠳᠡ ᠵᠢᠨ ᠤᠨᠤᠯ᠎ᠢᠶᠠᠷ ᠦᠵᠡᠯ ᠰᠠᠨᠠᠭ᠎ᠠ᠎ᠪᠠᠨ ᠨᠢᠭᠡᠳᠭᠡᠨ᠂ ᠵᠣᠷᠢᠭ ᠰᠠᠨᠠᠭ᠎ᠠ᠎ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠭᠡᠬᠦ᠌ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠨ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠬᠦᠴᠦᠯᠡᠨ ᠪᠡᠬᠢᠵᠢᠭᠦᠯᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠡᠷᠭᠡ᠎ᠵᠢᠨ ᠲᠤᠭᠤᠷᠢᠨ ᠳ᠋ᠤ ᠲᠦᠷᠦ᠍᠎ᠶ᠋ᠢᠨ ᠶᠠᠪᠤᠳᠠᠯ ᠢ᠋ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠌᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠪᠡ᠃ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠤᠬᠠᠮᠰᠠᠷ᠎ᠡᠴᠡ᠎ᠪᠠᠨ ᠰᠡᠳᠭᠢᠯ ᠨᠢᠭᠡᠳᠤᠨ ᠬᠦᠴᠦ᠍  ᠪᠠᠨ ᠬᠠᠮᠲᠤᠳᠭᠠᠵᠤ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠵᠥᠪᠯᠡᠯᠭᠡ ᠥᠭ᠌ᠬᠦ᠂ ᠵᠥᠪᠯᠡᠬᠦ᠌ ᠠᠷᠠᠳᠴᠢᠯᠠᠯ᠂ ᠤᠯᠤᠰ᠎ᠤᠨ ᠵᠠᠰᠠᠯᠲᠠ᠎ᠶ᠋ᠢᠨ ᠨᠢᠭᠡᠳᠦᠭᠡᠷ ᠹᠷᠣᠨᠲ ᠤ᠋ᠨ ᠪᠣᠳᠠᠲᠠᠶ ᠦᠶ᠋ᠯᠡᠳᠦᠯᠭᠡ᠎ᠳᠦ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠪᠡ᠃

ᠶᠡᠷᠦᠩᠬᠡᠶ ᠱᠦᠵᠢ ᠰᠢ ᠵᠢᠨ ᠫᠢᠩ᠄ 《ᠨᠠᠮ ᠪᠤᠯᠤᠨ ᠠᠷᠠᠳ ᠲᠦᠮᠡᠨ᠎ᠦ ᠣᠯᠤᠭ᠍ᠰᠠᠨ ᠠᠯᠢᠪᠠ ᠠᠮᠵᠢᠯᠲᠠ ᠪᠦᠲᠦᠮᠵᠢ ᠪᠣᠯ ᠴᠥᠮ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠ ᠳᠤᠮᠳᠠᠳᠤ ᠤᠯᠤᠰ᠎ᠤᠨ ᠠᠷᠠᠳ ᠲᠦᠮᠡᠨ᠎ᠦ ᠵᠤᠷᠢᠬ ᠰᠠᠨᠠᠭᠠᠨ᠎ᠤ ᠬᠠᠮᠤᠭ᠎ᠤᠨ ᠢᠯᠡ ᠲᠤᠳᠤ ᠢᠯᠡᠷᠬᠡᠢᠯᠠᠯ ᠲᠡᠮᠳᠡᠭ ᠮᠥᠨ》 ᠭᠡᠵᠤ ᠵᠢᠭᠠᠵᠤ ᠭᠠᠷᠭᠠᠪᠠ᠃ ᠶᠡᠭᠡ ᠰᠠᠯᠬᠢ ᠰᠢᠷᠤᠬᠦᠨ ᠲᠠᠪᠠᠯᠭᠠᠨ ᠤ᠋ ᠳᠤᠮᠳᠠ ᠡᠷᠡᠮᠡᠬᠡᠢᠯᠡᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠳᠤᠮᠳᠠ ᠭᠡᠷᠡᠯ ᠰᠠᠴᠤᠷᠠᠩᠭᠤᠢ ᠠᠮᠵᠢᠯᠲᠠ᠎ᠪᠦᠲᠦᠮᠵᠢ ᠶ᠋ᠢ ᠡᠭᠦᠳᠴᠦ᠍᠂ ᠨᠠᠮ ᠪᠣᠯᠤᠨ ᠤᠯᠤᠰ᠎ᠤᠨ ᠠᠵᠢᠯ ᠦᠢᠯᠡᠰ ᠱᠢᠨ᠎ᠡ ᠴᠢᠬᠤᠯᠠ ᠶᠡᠬᠡ ᠠᠮᠵᠢᠯᠲᠠ ᠪᠦᠲᠦᠮᠵᠢ ᠤᠯᠤᠭᠰᠠᠨ ᠨᠢ 《ᠬᠣᠶᠠᠷ ᠎ᠢ ᠲᠣᠭ᠍ᠲᠠᠭᠠᠬᠰᠡᠨ》 ᠪᠤᠯ ᠪᠢᠳᠡᠨ᠎ᠦ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠂ ᠳᠤᠮᠳᠠᠳᠤ ᠤᠯᠤᠰ᠎ᠤᠨ ᠮᠠᠶᠢᠭ ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠲᠠᠶ ᠭᠡᠳᠡᠭ᠎ᠢ ᠭᠦᠢᠴᠡᠳ ᠭᠡᠷᠡᠴᠢᠯᠡᠵᠦ᠍᠂ ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶ᠋ᠢᠨ ᠠᠭᠤᠤ ᠦᠢᠯᠡᠰ᠎ᠢ ᠡᠭᠦᠳᠦᠨ ᠪᠦᠲᠦᠭᠡᠬᠦ᠌᠎ᠳᠦ ᠵᠠᠪᠠᠯ ᠶᠠᠪᠤᠬᠤ ᠵᠠᠮ ᠮᠦᠨ᠎ᠭᠡᠳᠡᠭ ᠢ᠋ ᠭᠦᠢᠴᠡᠳ ᠬᠠᠷᠠᠭᠤᠯᠵᠠᠢ᠃ ᠪᠢᠳᠡ ᠨᠠᠮ᠎ᠤᠨ ᠤᠳᠤᠷᠢᠳᠤᠯᠭ᠎ᠠ ᠳᠣᠣᠷ᠎ᠠ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠴᠦ᠍᠂ ᠡᠷᠡᠮᠡᠬᠡᠢᠯᠡᠨ ᠤᠷᠤᠭ᠍ᠰᠢᠯᠠᠵᠤ᠂ ᠪᠣᠳᠠᠲᠠᠢ ᠠᠵᠢᠯᠯᠠᠬᠤ᠎ᠪᠠᠷ ᠠᠭᠤᠤ ᠦᠢᠯᠡᠰ᠎ᠢ ᠪᠦᠲᠦᠭᠡᠵᠦ᠍᠂ ᠱᠢᠨ᠎ᠡ᠎ᠶ᠋ᠢ ᠡᠭᠦᠳᠬᠦ᠌᠎ᠪᠡᠷ ᠢᠷᠡᠭᠡᠳᠦᠢ᠎ᠶ᠋ᠢ ᠲᠡᠮᠡᠴᠡᠨ ᠣᠯᠳᠠᠭ ᠯᠠ ᠶᠤᠮ ᠪᠣᠯ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠴᠦ᠍ ᠴᠢᠳᠠᠬᠤ ᠨᠢ ᠯᠠᠪᠳᠠᠢ᠃

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠪᠢᠳᠡ ᠬᠠᠷᠠᠯᠲᠠ ᠡᠭᠦᠷᠭᠡ᠎ᠪᠡᠨ ᠴᠢᠩᠭ᠎ᠠ ᠤᠨᠢᠯᠠᠵᠦ᠂ ᠢᠲᠡᠭᠡᠯ ᠵᠣᠷᠢᠭ᠎ᠢᠶᠠᠨ ᠪᠠᠲᠤᠳᠭᠠᠨ᠂ ᠢᠯᠠᠯᠲᠠ᠎ᠶ᠋ᠢᠨ ᠡᠷᠴᠢᠨ ᠳᠡᠭᠡᠷ᠎ᠡ ᠪᠠᠨ ᠤᠷᠤᠭ᠍ᠰᠢᠯᠠᠵᠤ᠂ ᠰᠠᠢᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠭᠠᠢᠬᠠᠮᠱᠢᠭ᠎ᠤᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ ᠭᠡᠷᠡᠭᠳᠠᠢ᠃ ᠬᠠᠷᠠᠯᠲᠠ ᠠᠤᠭ᠎ᠠ ᠪᠣᠯᠬᠤ ᠲᠤᠳᠤᠮ᠂ ᠠᠶᠤᠯ ᠲᠦᠭ᠌ᠰᠢᠭᠦᠷᠢ ᠥᠷᠢᠰᠥᠯᠳᠦᠭᠡᠨ᠎ᠢᠶᠡᠷ ᠳᠦᠭᠦᠷᠬᠦ᠌ ᠲᠤᠳᠤᠮ᠂ ᠨᠡᠩ ᠢᠯᠡᠬᠦᠦ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠤᠯᠠᠮ ᠴᠢᠩᠭᠠᠳᠭᠠᠵᠤ᠂ ᠬᠦᠴᠢᠷ᠎ᠢ ᠲᠤᠭᠤᠯᠤᠨ ᠡᠷᠡᠮᠡᠭᠡᠢᠯᠡᠨ ᠤᠷᠤᠭ᠍ᠰᠢᠯᠠᠬᠤ᠂ ᠵᠤᠷᠢᠬᠳᠠᠢ ᠤᠷᠤᠭ᠍ᠰᠢᠯᠠᠬᠤ ᠲᠡᠮᠡᠴᠡᠯ᠎ᠦᠨ ᠠᠤᠭ᠎ᠠ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠢ ᠬᠠᠮᠤᠭ᠎ᠤᠨ ᠥᠷᠭᠡᠨ ᠳᠡᠯᠭᠡᠷ ᠤᠯᠤᠰ ᠵᠢᠡᠨ ᠬᠠᠢᠷᠠᠯᠠᠬᠤ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠤᠭ᠍ᠰᠠᠨ᠎ᠤ ᠬᠤᠪᠢ᠎ᠳᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠨ᠂ ᠭᠣᠣᠯᠳᠠᠯᠭ᠎ᠠ ᠵᠢᠨ ᠲᠤᠭᠤᠷᠢᠨ ᠳ᠋ᠦ᠂ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠤᠯᠪᠤᠷᠢ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠨ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠳ᠋ᠦ ᠠᠩᠬᠠᠷᠤᠯ ᠵᠢᠡᠨ ᠲᠦᠪᠯᠡᠷᠡᠬᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠥᠮᠦᠰ᠎ᠦᠨ ᠰᠡᠳᠭᠢᠯ᠎ᠢ ᠥᠷᠭᠡᠨ᠎ᠢᠶᠡᠷ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠪᠡᠯ ᠯᠠᠪᠲᠠᠢ ᠱᠢᠨ᠎ᠡ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠨᠡᠩ ᠰᠠᠢ᠌ᠨ ᠡᠭᠦᠷᠭᠡᠯᠡᠵᠦ᠍ ᠴᠢᠳᠠᠬᠤ ᠶᠤᠮ᠃ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠴᠢᠳᠠᠪᠤᠷᠢ ᠬᠡᠪ ᠪᠤᠯᠪᠠᠰᠤᠷᠠᠯ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠡᠷᠳᠡᠮ ᠵᠢᠡᠨ ᠳᠡᠭᠡᠭ᠌ᠰᠢᠯᠡᠭᠦᠯᠵᠦ᠍᠂ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠤᠭ᠍ᠰᠠᠨ ᠴᠢᠨᠠᠷ ᠰᠠᠢᠲᠠᠢ ᠦᠷ᠎ᠡ ᠪᠦᠲᠦᠭᠡᠯ᠎ᠢᠶᠡᠷ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠵᠦ᠍᠂ ᠠᠨᠭᠬᠠᠨ ᠤ᠋ ᠠᠯᠬᠤᠮ ᠢ᠋ ᠰᠠᠢᠳᠤᠷ ᠠᠯᠬᠤᠬᠤ ᠳ᠋ᠤ  ᠦᠢᠯᠡᠴᠢᠯᠡᠨ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ᠃

ᠬᠦᠰᠡᠯ ᠵᠡᠭᠦᠳᠦ᠍᠎ᠪᠡᠨ ᠲᠡᠷᠭᠡᠯᠰᠢᠬᠦᠯᠬᠦ ᠠᠶᠠᠨ᠎ᠳᠤ᠂ ᠬᠦᠴᠦᠨ ᠴᠢᠳᠠᠯ ᠨᠢᠭᠡ ᠪᠦᠷᠢ ᠨᠢ ᠤᠷᠤᠭ᠍ᠰᠢᠯᠠᠯᠲᠠ᠎ᠶ᠋ᠢᠨ ᠶᠡᠬᠡ ᠤᠷᠤᠰᠭᠠᠯ᠎ᠢ ᠬᠤᠷᠠᠮᠳᠤᠭᠤᠯᠵᠦ᠂ ᠲᠤᠭᠤᠯᠵᠦ ᠭᠠᠷᠤᠬᠰᠠᠨ ᠬᠦᠴᠢᠷ ᠪᠡᠷᠬᠡᠰᠢᠶᠡᠯ ᠨᠢᠭᠡ ᠪᠦᠷᠢ ᠨᠢ ᠬᠤᠷᠢᠬ᠍ᠯᠠᠭ᠍ᠳᠠᠰᠢ ᠦᠭᠡᠢ ᠠᠯᠬᠤᠭ᠎ᠠ ᠪᠤᠯᠵᠤ ᠴᠢᠳᠠᠨ᠎ᠠ᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠲᠡᠮᠡᠴᠡᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠱᠢᠢᠳᠪᠦᠷᠢᠯᠡᠭᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠪᠠᠲᠤᠯᠠᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠢᠷᠠᠭᠤ ᠭᠠᠢᠬᠠᠮᠱᠢᠭ᠍ᠲᠤ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠰᠤᠭᠡᠢ᠃

ᠶᠡᠬᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ!

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号