ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠪᠡᠭᠡᠵᠢᠩ᠎ᠳᠦ ᠬᠦᠷᠪᠡ
2026-03-04 10:07:34
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 3 ᠤ᠋ ᠦᠳᠡ᠎ᠶ᠋ᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠪᠡᠭᠡᠵᠢᠩ᠎ᠳᠦ ᠬᠦᠷᠴᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠠᠪᠴᠤ᠌᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠱᠢᠨ᠎ᠡ ᠠᠶᠠᠨ᠎ᠳᠠᠭᠠᠨ ᠮᠣᠷᠳᠠᠪᠠ᠃

ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶ᠋ᠢᠨ ᠵᠢᠯ ᠮᠥᠨ᠂ ᠤᠳᠠᠯ ᠦᠭᠡᠢ ᠬᠤᠷᠠᠯᠳᠤᠬᠤ ᠭᠡᠵᠦ᠍ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠠᠴᠢ ᠬᠣᠯᠪᠣᠭ᠍ᠳᠠᠯ ᠶᠡᠷᠦ᠍ ᠪᠤᠰᠤ᠎ᠶ᠋ᠢᠨ ᠶᠤᠮ᠃ ᠲᠥᠯᠥᠭᠡᠯᠡᠭ᠌ᠴᠢᠳ ᠶᠡᠬᠡ ᠬᠤᠷᠠᠯ᠎ᠳᠤ ᠬᠦᠰᠡᠯ ᠡᠷᠡᠮᠡᠯᠵᠡᠯ ᠪᠢᠯᠬᠠᠮ᠎ᠠ ᠪᠠᠢᠵᠤ᠂ ᠨᠠᠮ ᠪᠠ ᠤᠯᠤᠰ᠎ᠤᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠠᠷᠠᠳ ᠤᠯᠠᠨ᠎ᠤ ᠨᠡᠢᠳᠡᠮ ᠠᠩᠬᠠᠷᠴᠤ᠌ ᠪᠠᠢᠭ᠎ᠠ ᠠᠰᠠᠭᠤᠳᠠᠯ᠎ᠤᠨ ᠲᠣᠭᠣᠷᠢᠨ᠎ᠳᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠥᠷᠭᠡᠨ᠎ᠢᠶᠡᠷ ᠰᠠᠨᠠᠯ ᠰᠠᠨᠠᠭᠤᠯᠭ᠎ᠠ ᠬᠤᠷᠢᠶᠠᠵᠤ᠂ ᠴᠢᠨᠠᠷ ᠰᠠᠢᠲᠠᠢ ᠰᠠᠨᠠᠭᠤᠯᠭ᠎ᠠ ᠪᠠ ᠰᠠᠨᠠᠯ ᠵᠥᠪᠯᠡᠯᠭᠡ ᠪᠡᠯᠡᠳᠭᠡᠪᠡ᠃

ᠯᠢᠦ ᠶᠠᠨ ᠪᠢᠩ ᠲᠥᠯᠥᠭᠡᠯᠡᠭ᠌ᠴᠢ ᠦᠶ᠋ᠯᠡᠳᠬᠦ᠌ ᠦᠶ᠋ᠯᠡᠰ᠎ᠦᠨ ᠨᠢᠭᠡᠳᠦᠭᠡᠷ ᠹᠷᠣᠨᠲ᠎ᠡᠴᠡ ᠢᠷᠡᠵᠡᠶ᠂ ᠲᠡᠭᠦᠨ᠎ᠦ ᠡᠨᠡ ᠵᠢᠯ᠎ᠦᠨ ᠰᠠᠨᠠᠭᠤᠯᠭ᠎ᠠ᠎ᠨᠢ ᠠᠵᠤ ᠦᠶ᠋ᠯᠡᠰ᠎ᠦᠨ ᠴᠢᠳᠠᠪᠤᠷᠢᠲᠠᠨ᠎ᠢ ᠬᠥᠮᠦᠵᠢᠭᠦᠯᠬᠦ᠌᠎ᠲᠠᠶ ᠬᠣᠯᠪᠣᠭ᠎ᠠ᠎ᠲᠠᠶ ᠶᠤᠮ᠃ ᠯᠢᠦ ᠶᠠᠨ ᠪᠢᠩ᠂ ᠳᠡᠭᠡᠳᠦ ᠲᠡᠰ᠎ᠤᠨ ᠦᠢᠯᠡᠳᠬᠦ᠌ ᠦᠢᠯᠡᠰ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠲᠤᠯᠭᠠᠭᠤᠷᠢᠯᠠᠯ ᠪᠠᠢᠵᠦ᠂ ᠤᠯᠤᠰ᠎ᠤᠨ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌᠎ᠳᠦ ᠲᠤᠢᠯ᠎ᠤᠨ ᠴᠢᠬᠤᠯᠠ ᠶᠤᠮ ᠭᠡᠪᠡ᠃ ᠤᠯᠤᠰ᠎ᠡᠴᠡ ᠦᠢᠯᠡᠳᠬᠦ᠌ ᠦᠢᠯᠡᠰ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠲᠠᠯ᠎ᠠ᠎ᠪᠠᠷ ᠨᠡᠩ ᠤᠯᠠᠨ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ ᠲᠣᠭ᠍ᠲᠠᠭᠠᠬᠤ᠎ᠶ᠋ᠢ ᠬᠦᠰᠡᠵᠦ᠍ ᠪᠠᠢᠨ᠎ᠠ᠃ ᠲᠡᠷᠡ ᠪᠠᠰᠠ ᠠᠵᠢᠯᠴᠢᠳ᠎ᠤᠨ ᠰᠡᠳᠭᠢᠯ᠎ᠤᠨ ᠲᠠᠭᠤᠨ᠎ᠢ ᠲᠠᠮᠵᠢᠭᠤᠯᠪᠠ᠂ ᠤᠯᠠᠨ᠎ᠢᠶᠠᠷ᠎ᠢᠶᠠᠨ ᠦᠢᠯᠡᠳᠬᠦᠨ ᠨᠢᠭᠡᠪᠦᠷᠢ᠎ᠶ᠋ᠢ ᠰᠠᠢᠲᠤᠷ ᠦᠢᠯᠡᠳᠪᠦᠷᠢᠯᠡᠵᠦ᠍᠂ ᠦᠨᠡᠨ ᠪᠣᠳᠠᠲᠠᠢ ᠦᠢᠯᠡᠳᠬᠦᠨ᠎ᠦ ᠶᠠᠰᠤ ᠴᠢᠨᠠᠷ᠎ᠢᠶᠠᠷ ᠤᠯᠤᠰ᠎ᠤᠨ ᠦᠢᠯᠡᠳᠬᠦ᠌ ᠦᠢᠯᠡᠰ᠎ᠦᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠢ ᠭᠡᠪᠡ᠃

ᠰᠦ᠎ᠶ᠋ᠢᠨ ᠦᠢᠯᠡᠰ᠎ᠦᠨ ᠨᠢᠭᠡᠳᠦᠭᠡᠷ ᠹᠷᠣᠨᠲ ᠡᠴᠡ ᠢᠷᠡᠭ᠌ᠰᠡᠨ ᠸᠠᠩ ᠼᠠᠢ ᠶᠦᠨ ᠲᠥᠯᠥᠭᠡᠯᠡᠭ᠌ᠴᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ 《ᠰᠢᠷᠬᠡᠭ ᠡᠪᠡᠰᠦ᠎ᠡᠴᠡ ᠴᠣᠮᠣ ᠰᠦ ᠬᠦᠷᠲᠡᠯᠡᠬᠢ》 ᠠᠵᠤ ᠦᠢᠯᠡᠰ᠎ᠦᠨ ᠬᠡᠯᠬᠢᠶ᠎ᠡ᠎ᠳᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠤᠯᠳᠠ᠎ᠳᠦ ᠤᠷᠲᠤ ᠬᠤᠭᠤᠴᠠᠭ᠎ᠠ᠎ᠪᠠᠷ ᠬᠦᠴᠦᠯᠡᠪᠡ᠂ ᠲᠡᠷᠡ᠂ ᠡᠨᠡ ᠵᠢᠯ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠢ ᠠᠭᠤᠰᠤᠯᠴᠠᠨ ᠬᠥᠭ᠌ᠵᠢᠬᠦ᠌ ᠪᠠ ᠴᠢᠳᠠᠪᠤᠷᠢᠲᠠᠨ᠎ᠤ ᠱᠠᠳᠤᠯᠢᠬ ᠡᠩᠨᠡᠭᠡ᠎ᠶ᠋ᠢᠨ ᠪᠠᠢᠭᠤᠯᠤᠯᠲᠠ᠎ᠶ᠋ᠢᠨ ᠲᠣᠭᠣᠷᠢᠨ᠎ᠳᠤ ᠰᠠᠨᠠᠭᠤᠯᠭ᠎ᠠ ᠳᠤᠷᠠᠳᠴᠤ᠌᠂ ᠰᠦ᠎ᠶ᠋ᠢᠨ ᠦᠢᠯᠡᠰ᠎ᠦᠨ ᠣᠳᠣᠬᠢᠴᠢᠯᠠᠭ᠍ᠰᠠᠨ ᠬᠥᠭ᠌ᠵᠢᠯᠲᠡ᠎ᠶ᠋ᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃

ᠡᠭᠦᠷᠭᠡᠯᠡᠯ ᠵᠢᠡᠨ ᠰᠡᠳᠭᠢᠯ᠎ᠳ᠋ᠡᠬᠡᠨ ᠪᠤᠳᠤᠵᠦ᠂ ᠬᠠᠷᠢᠭᠤᠴᠠᠯᠭ᠎ᠠ ᠵᠢ ᠮᠥᠷᠥᠨ᠎ᠳ᠋ᠡᠬᠡᠨ ᠡᠬᠦᠷᠬᠡᠯᠡᠨ᠎ᠠ᠃ ᠲᠥᠯᠥᠭᠡᠯᠡᠭ᠌ᠴᠢᠳ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠲᠤᠷᠠᠳᠤᠨ ᠠᠷᠭ᠎ᠠ ᠤᠬᠠᠭᠠᠨ ᠳᠡᠪᠰᠢᠭᠦᠯᠦᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号