ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠦᠯ ᠦᠭᠡᠢ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠣᠮᠣᠭ ᠲᠡᠭᠦᠯᠳᠡᠷ᠎ᠢᠶᠡᠷ ᠦᠪᠡᠳᠡᠭ᠌ᠰᠢ ᠬᠤᠷᠠᠯ᠎ᠳᠤ ᠣᠷᠣᠯᠴᠠᠬᠤ ᠪᠤᠯᠤᠯ᠎ᠠ᠃ 3 ᠰᠠᠷ᠎ᠠ᠎ᠶ᠋ᠢᠨ 3 ᠤ᠋ ᠦᠳᠡ᠎ᠶ᠋ᠢᠨ ᠬᠣᠢᠨ᠎ᠠ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶ᠋ᠢᠨ ᠳᠥᠷᠪᠡᠳᠦᠭᠡᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠲᠦᠷᠭᠡᠨ᠎ᠦ ᠲᠡᠮᠦᠷ ᠵᠠᠮ᠎ᠤᠨ ᠭᠠᠯᠲᠤ ᠲᠡᠷᠭᠡ᠎ᠪᠡᠷ ᠪᠡᠭᠡᠵᠢᠩ᠎ᠳᠦ ᠬᠦᠷᠴᠦ᠍᠂ ᠶᠡᠬᠡ ᠬᠤᠷᠠᠯ᠎ᠳᠤ ᠨᠡᠷ᠎ᠡ ᠮᠡᠳᠡᠭᠦᠯᠪᠡ᠃
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠴᠢᠬᠤᠯᠠ ᠨᠢᠭᠡ ᠵᠢᠯ ᠪᠣᠯᠤᠨ᠎ᠠ᠃ ᠪᠡᠭᠡᠵᠢᠩ᠎ᠳᠦ ᠬᠦᠷᠴᠦ᠍ ᠬᠤᠷᠠᠯ᠎ᠳᠤ ᠣᠷᠣᠯᠴᠠᠬᠤ᠎ᠡᠴᠡ ᠡᠮᠦᠨ᠎ᠡ᠂ ᠭᠡᠱᠢᠭᠦᠳ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠲᠠᠢ ᠵᠤᠯᠭᠠᠭᠤᠯᠬᠤ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠰᠠᠭᠤᠳᠠᠯ ᠪᠣᠯᠤᠨ ᠠᠷᠠᠳ᠎ᠤᠨ ᠠᠮᠢᠳᠤᠷᠠᠯ᠎ᠤᠨ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠤᠨ ᠲᠣᠭᠣᠷᠢᠨ᠎ᠳᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠰᠠᠨᠠᠯ ᠳᠤᠷᠠᠳᠤᠯᠭ᠎ᠠ ᠪᠣᠯᠤᠨ ᠬᠡᠯᠡᠬᠦ ᠦᠭᠡ ᠵᠡᠷᠭᠡ᠎ᠪᠠᠨ ᠨᠠᠷᠢᠨ ᠨᠢᠮᠪᠠᠢ ᠪᠡᠯᠡᠳᠭᠡᠵᠦ᠍᠂ ᠬᠤᠷᠠᠯ᠎ᠳᠤ ᠣᠷᠣᠯᠴᠠᠬᠤ ᠡᠯ᠎ᠡ ᠵᠦᠢᠯ᠎ᠦᠨ ᠪᠡᠯᠡᠳᠭᠡᠯ ᠠᠵᠢᠯ ᠵᠢᠡᠨ ᠢᠳᠡᠪᠬᠢᠲᠡᠢ ᠬᠢᠪᠡ᠃
《ᠡᠨᠡ ᠵᠢᠯ ᠪᠣᠯ ᠮᠢᠨᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠬᠤᠪᠢ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠳᠥᠷᠪᠡᠳᠡᠬᠢ ᠵᠢᠯ ᠪᠣᠯᠤᠨ᠎ᠠ᠂ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠬᠤ᠎ᠪᠠᠷ ᠳᠠᠬᠢᠨᠲᠠ ᠮᠣᠷᠳᠠᠬᠤ ᠪᠤᠯᠤᠯ᠎ᠠ᠂ ᠪᠢ ᠮᠥᠨ ᠬᠦ᠌ ᠮᠠᠰᠢ ᠬᠦᠰᠡᠨ ᠬᠦᠯᠢᠶᠡᠵᠦ᠍᠂ ᠮᠠᠰᠢ ᠪᠠᠶᠠᠷᠯᠠᠵᠤ ᠪᠠᠢᠨ᠎ᠠ》 ᠬᠡᠵᠦ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠸᠠᠩ ᠹᠠᠩ ᠬᠡᠯᠡᠪᠡ᠃ ᠲᠡᠷᠡ᠂ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》 ᠢ᠋ ᠪᠠᠭ᠍ᠲᠠᠭᠠᠵᠤ᠂ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ᠎ᠪᠡᠷ᠂ ᠲᠦᠷᠦ᠍᠎ᠶ᠋ᠢᠨ ᠶᠠᠪᠤᠳᠠᠯ᠎ᠳᠤ ᠢᠳᠡᠪᠬᠢᠲᠡᠢ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠵᠦ᠍᠂ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠳᠡᠪᠰᠢᠭᠦᠯᠵᠤ᠂ ᠠᠷᠠᠳ ᠲᠦᠮᠡᠨ᠎ᠦ ᠢᠲᠡᠭᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠭᠡᠵᠦ᠍ ᠢᠯᠡᠳᠭᠡᠪᠡ᠃
ᠲᠤᠰ ᠤᠳᠠᠭ᠎ᠠ᠎ᠶ᠋ᠢᠨ ᠬᠤᠷᠠᠯ᠎ᠳᠤ ᠣᠷᠣᠯᠴᠠᠬᠤ᠎ᠳᠠᠭᠠᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠲᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠲᠡᠷᠢᠭᠦᠯᠡᠭ᠌ᠴᠢ ᠼᠤᠤ᠎ᠶ᠋ᠢᠨ ᠱᠠᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠡᠬᠢ ᠪᠠᠶᠠᠯᠢᠭ᠎ᠤᠨ ᠪᠠᠢᠭᠤᠯᠤᠯᠲᠠ᠎ᠶ᠋ᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠦᠢᠯᠡᠰ᠎ᠲᠦ ᠣᠷᠣᠭᠤᠯᠬᠤ ᠲᠠᠯ᠎ᠠ᠎ᠪᠠᠷ ᠰᠠᠨᠠᠯ ᠳᠤᠷᠠᠳᠤᠯᠭ᠎ᠠ ᠪᠡᠯᠡᠳᠭᠡᠵᠦ᠍᠂ 《ᠬᠤᠷᠠᠯ᠎ᠤᠨ ᠬᠤᠭᠤᠴᠠᠭᠠᠨ᠎ᠳᠤ ᠪᠤᠰᠤᠳ ᠭᠡᠱᠢᠭᠦᠳ᠎ᠲᠡᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ》 ᠭᠡᠵᠦ ᠢᠯᠡᠳᠭᠡᠪᠡ᠃
ᠭᠡᠱᠢᠭᠦᠳ᠂ ᠬᠡᠬᠦᠳᠡᠭ ᠳᠦᠭᠦᠷᠡᠩ ᠤᠯᠤᠰ ᠲᠦᠷᠦ᠍᠎ᠶ᠋ᠢᠨ ᠬᠠᠯᠠᠭᠤᠨ ᠰᠡᠳᠭᠢᠯᠭᠡ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠲᠣᠭᠣᠷᠢᠨ᠎ᠳᠤ᠂ ᠰᠣᠳᠣ ᠮᠡᠷᠭᠡᠨ ᠰᠠᠨᠠᠯ ᠰᠠᠨᠠᠭᠤᠯᠭ᠎ᠠ᠎ᠶ᠋ᠢ ᠢᠯᠡᠭᠦᠬᠡᠨ ᠳᠤᠷᠠᠳᠴᠤ᠌᠂ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠪᠤᠳᠤᠯᠭ᠎ᠠ᠎ᠶ᠋ᠢ ᠢᠯᠡᠭᠦᠬᠡᠨ ᠳᠡᠪᠱᠢᠭᠦᠯᠵᠦ᠍᠂ ᠱᠢᠨ᠎ᠡ ᠴᠠᠭ ᠦᠶ᠎ᠡ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠱᠢᠨ᠎ᠡ ᠬᠠᠷᠢᠭᠤᠴᠠᠯᠭ᠎ᠠ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃