ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠪᠡᠭᠡᠵᠢᠩ ᠵᠦᠭ ᠮᠤᠷᠲᠠᠯ᠎ᠠ
2026-03-04 10:32:01
ᠵᠣᠬᠢᠶᠠᠭ᠍ᠴᠢ᠄
ᠢᠦᠢ ᠲᠤᠤ ᠮᠠ ᠵᠢᠶᠠᠨ ᠪᠢᠩ
ᠣᠩᠱᠢᠭ᠍ᠰᠠᠨ ᠣᠳᠠᠭ᠎ᠠ᠄
★★★☆☆

ᠤᠷᠢᠬᠠᠨ ᠰᠠᠯᠬᠢᠨ᠎ᠤ ᠠᠶᠠᠰ ᠵᠢᠡᠷ ᠦᠪᠡᠳᠡᠭᠰᠢ ᠬᠤᠷᠠᠯ᠎ᠢ ᠤᠭᠲᠤᠵᠤ᠂ ᠢᠲᠡᠭᠡᠯ ᠵᠣᠷᠢᠭ᠋ ᠲᠡᠭᠦᠯᠳᠡᠷ ᠎ᠢᠶᠡᠷ ᠰᠢᠨ᠎ᠡ ᠠᠶᠠᠨ᠎ᠢᠶᠠᠨ ᠡᠬᠢᠯᠡᠭᠦᠯᠦᠨ᠎ᠡ᠃ 2026 ᠣᠨ᠎ᠤ ᠪᠦᠬᠦ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠲᠠᠰᠢᠷᠠᠮ ᠵᠢᠡᠷ᠂ 3 ᠰᠠᠷ᠎ᠠ᠎ᠶᠢᠨ 3᠎ᠤ ᠡᠳᠦᠷ᠎ᠤᠨ ᠦᠳᠡ ᠎ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠨᠳᠦ ᠨᠠᠶ᠋ᠢᠳᠠᠯᠭ᠎ᠠ᠎ᠶᠢ ᠡᠭᠦᠷᠭᠡᠯᠡᠵᠦ᠂ ᠪᠡᠭᠡᠵᠢᠩ᠎ᠳᠦ ᠬᠦᠷᠬᠦ ᠲᠦᠷᠭᠡᠨ᠎ᠦ ᠭᠠᠯᠲᠤ ᠲᠡᠷᠭᠡᠨ᠎ᠳᠦ ᠭᠠᠷᠴᠦ ᠬᠠᠪᠤᠷ᠎ᠤᠨ ᠡᠨᠡ ᠬᠦ᠌ ᠦᠪᠡᠳᠡᠭᠰᠢ ᠬᠤᠷᠠᠯ᠎ᠳᠤ ᠤᠷᠤᠯᠴᠠᠬᠤ ᠪᠡᠷ ᠮᠤᠷᠳᠠᠪᠠ᠃

ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠪᠣᠯᠣᠨ᠎ᠠ᠂ ᠮᠥᠨᠴᠦ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠬᠦ᠂ ᠰᠢᠨ᠎ᠡ ᠵᠠᠮ ᠨᠡᠭᠡᠭᠡᠬᠦ ᠎ᠶᠢ ᠲᠦᠷᠭᠡᠳᠬᠡᠬᠦ ᠴᠢᠬᠤᠯᠠ ᠨᠢᠭᠡ ᠵᠢᠯ ᠪᠣᠯᠣᠨ᠎ᠠ᠃ ᠰᠢᠨ᠎ᠡ ᠠᠶᠠᠨ᠎ᠳᠠᠭᠠᠨ ᠮᠣᠷᠳᠠᠭᠰᠠᠨ ᠲᠥᠯᠥᠭᠡᠯᠡᠭᠴᠢᠳ᠂ ᠰᠢ᠎ᠶᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ᠎ᠶᠢᠨ ᠫᠢᠩ᠎ᠦᠨ ᠥᠪᠥᠷ ᠮᠣᠩᠭᠣᠯ ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠎ᠶᠢ ᠨᠡᠩ ᠡᠷᠡᠰ ᠬᠦᠴᠦᠲᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ ᠵᠢᠨ《1571》 ᠠᠵᠢᠯ ᠎ᠤᠨ  ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠤᠮᠤᠭ ᠵᠤᠷᠢᠭ ᠲᠡᠭᠦᠯᠳᠡᠷ ᠤᠷᠭᠢᠯᠤᠮ᠎ᠠ ᠬᠠᠯᠠᠭᠤᠨ ᠰᠡᠳᠬᠢᠯᠭᠡ᠎ᠪᠡᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠪᠣᠳᠠᠲᠠᠢ᠎ᠶᠢ ᠡᠷᠬᠢᠮᠯᠡᠭᠰᠡᠨ ᠰᠠᠨᠠᠯ ᠵᠦᠪᠯᠡᠯᠭᠡ᠎ᠶᠢ ᠢᠯᠡᠭᠦᠬᠡᠨ ᠳᠤᠷᠠᠳᠴᠤ᠂ ᠲᠤᠰᠠᠲᠠᠢ ᠠᠷᠭ᠎ᠠ ᠪᠣᠳᠣᠯᠭ᠎ᠠ᠎ᠶᠢ ᠢᠯᠡᠭᠦᠬᠡᠨ ᠳᠡᠪᠰᠢᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠋ ᠤ᠋ᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠎ᠳᠦ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号