3 ᠰᠠᠷ᠎ᠠ ᠵᠢᠨ 4 ᠤ᠋ ᠡᠳᠦᠷ᠄ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠦᠳᠡ᠎ᠶ᠋ᠢᠨ ᠬᠣᠢᠨᠠᠬᠢ 3 ᠴᠠᠭ᠎ᠲᠤ ᠡᠬᠢᠯᠡᠨ᠎ᠡ
2026-03-04 10:54:22
ᠵᠣᠬᠢᠶᠠᠭ᠍ᠴᠢ᠄
ᠪᠦᠬᠦ᠌ ᠤᠯᠤᠰ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠳᠥᠷᠪᠡᠳᠦᠭᠡᠷ ᠬᠤᠷᠠᠯ
ᠣᠩᠱᠢᠭ᠍ᠰᠠᠨ ᠣᠳᠠᠭ᠎ᠠ᠄
★★★☆☆

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ 3 ᠰᠠᠷ᠎ᠠ᠎ᠶ᠋ᠢᠨ 4 ᠎ᠤ᠋ ᠦᠳᠡ᠎ᠶ᠋ᠢᠨ ᠬᠣᠢᠨᠠᠬᠢ 3 ᠴᠠᠭ᠎ᠲᠤ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠨ᠎ᠡ᠃

ᠡᠬᠢᠯᠡᠯᠲᠡ᠎ᠶ᠋ᠢᠨ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠬᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠳᠥᠷᠪᠡᠳᠦᠭᠡᠷ ᠬᠤᠷᠠᠯ᠎ᠤᠨ ᠵᠥᠪᠯᠡᠬᠦ᠌ ᠵᠦᠶ᠋ᠯ᠎ᠢ ᠬᠢᠨᠠᠨ ᠵᠥᠪᠯᠡᠵᠦ᠍ ᠪᠠᠲᠤᠯᠠᠨ᠂ ᠤᠯᠤᠰ ᠲᠥᠷᠥ᠎ᠶ᠋ᠢᠨ ᠵᠥᠪᠯᠡᠯᠭᠡᠨ᠎ᠦ ᠪᠦᠬᠦ ᠤᠯᠤᠰ᠎ᠤᠨ ᠬᠤᠷᠢᠶ᠎ᠠ᠎ᠵᠢᠨ ᠪᠠᠢᠨᠭᠭᠤ᠎ᠵᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠤᠯᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠭᠤᠷᠪᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠪᠥᠬᠥ᠌ ᠤᠯᠤᠰ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠤᠷᠢᠶ᠎ᠠ᠎ᠵᠢᠨ ᠮᠡᠳᠡᠭᠦᠯᠦᠯᠲᠡ᠎ᠶ᠋ᠢ ᠰᠣᠨᠣᠰᠤᠨ᠎ᠠ᠃

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠢ᠎ᠠ  ᠡᠬᠢᠯᠡᠯᠲᠡ᠎ᠶ᠋ᠢᠨ ᠬᠤᠷᠠᠯ ᠳᠡᠭᠡᠷ᠎ᠡ ᠸᠠᠩ ᠬ᠍ᠤ ᠨᠢᠩ᠎ᠤᠨ ᠬᠢᠬᠦ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢ ᠲᠧᠯᠸᠢᠰ᠎ᠢᠶᠡᠷ ᠱᠢᠭᠤᠳ ᠨᠡᠪᠲᠡᠷᠡᠭᠦᠯᠦᠨ᠎ᠡ; ᠱᠢᠨᠬᠤᠸᠠ ᠰᠦᠯᠵᠢᠶ᠎ᠡ ᠡᠬᠢᠯᠡᠯᠲᠡ᠎ᠶ᠋ᠢᠨ ᠬᠤᠷᠠᠯ᠎ᠢ ᠰᠦᠯᠵᠢᠶᠡᠨ᠎ᠦ ᠭᠡᠷᠡᠯ ᠵᠢᠷᠤᠭ ᠥᠰᠥᠭ ᠪᠢᠴᠢᠭ᠎ᠵᠢᠡᠷ ᠱᠢᠭᠤᠳ ᠨᠡᠪᠲᠡᠷᠡᠭᠦᠯᠭᠡ ᠬᠢᠨ᠎ᠠ᠃

4 ᠎ᠤ᠋ ᠦᠳᠡ᠎ᠶ᠋ᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠡᠯᠡᠳᠭᠡᠯ ᠬᠤᠷᠠᠯ ᠬᠢᠵᠦ᠍᠂ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠵᠤ᠂ ᠶᠡᠬᠡ ᠬᠤᠷᠠᠯ᠎ᠤᠨ ᠵᠥᠪᠯᠡᠬᠦ᠌ ᠵᠦᠢᠯ᠎ᠦᠨ ᠲᠥᠰᠦᠯ᠎ᠢ ᠪᠠᠲᠤᠯᠠᠨ᠎ᠠ᠃ ᠪᠡᠯᠡᠳᠭᠡᠯ ᠬᠤᠷᠠᠯ᠎ᠤᠨ ᠲᠠᠷᠠᠭ᠎ᠠ᠂ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠠᠩᠬᠠᠳᠤᠭᠠᠷ ᠬᠤᠷᠠᠯ ᠬᠤᠷᠠᠯᠳᠤᠭᠤᠯᠤᠨ᠎ᠠ᠃ 12 ᠴᠠᠭ᠎ᠲᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠶᠡᠬᠡ ᠬᠤᠷᠠᠯ᠎ᠤᠨ ᠥᠭᠦᠯᠡᠭ᠌ᠴᠢ᠎ᠡᠴᠡ ᠶᠡᠬᠡ ᠬᠤᠷᠠᠯ᠎ᠤᠨ ᠵᠥᠪᠯᠡᠬᠦ᠌ ᠵᠦᠢᠯ ᠪᠣᠯᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠣᠯᠪᠣᠭ᠍ᠳᠠᠯ ᠪᠦᠬᠦᠢ ᠠᠰᠠᠭᠤᠳᠠᠯ᠎ᠤᠨ ᠲᠤᠬᠠᠢ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠤᠨ᠎ᠠ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号