ᠦᠵᠡᠰᠭᠦᠯᠡᠩᠲᠦ ᠰᠠᠢᠬᠠᠨ ᠥᠪᠥᠷ ᠮᠣᠩᠭᠣᠯ ᠰᠣᠶᠣᠯ ᠵᠢᠭᠤᠯᠴᠢᠯᠠᠯ ᠤ᠋ᠨ ᠭᠤᠸ᠎ᠠ ᠰᠠᠢᠬᠠᠨ ᠲᠡᠢᠰᠢ ᠤᠷᠤᠭᠰᠢᠯᠠᠨ᠎ᠠ
2026-03-04 09:56:03
ᠵᠣᠬᠢᠶᠠᠭ᠍ᠴᠢ᠄
ᠹᠸᠩ ᠱᠢᠤᠸᠠᠢ ᠢᠦᠶ
ᠣᠩᠱᠢᠭ᠍ᠰᠠᠨ ᠣᠳᠠᠭ᠎ᠠ᠄
★★★☆☆

— ᠦᠪᠦᠷ ᠮᠤᠩᠭᠤᠯ ᠤ᠋ᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠲᠤᠬᠠᠢ ᠰᠤᠶᠤᠯ ᠵᠢᠭᠤᠯᠴᠢᠯᠠᠯ ᠤ᠋ᠨ ᠠᠭᠤᠰᠤᠯᠴᠠᠯ ᠤ᠋ᠨ ᠬᠠᠭᠤᠳᠠᠰᠤ


ᠨᠢᠭᠡ ᠬᠡᠰᠡᠭ ᠦᠵᠡᠮᠵᠢ᠂ ᠨᠢᠭᠡ ᠲᠠᠯᠠᠪᠡᠢ  ᠲᠤᠭᠯᠠᠯᠳᠠ᠂ ᠨᠢᠭᠡ ᠲᠦᠷᠦᠯ᠎ᠤᠨ ᠡᠳ᠋ ᠪᠣᠳᠠᠰ᠂ ᠨᠢᠭᠡ ᠠᠶᠠᠭ᠎ᠠ  ᠴᠠᠢ ᠁ ᠪᠠᠶᠠᠷᠳᠦ ᠴᠠᠭᠠᠨ ᠰᠠᠷ᠎ᠠ ᠪᠡᠷ ᠥᠪᠥᠷ ᠮᠣᠩᠭᠣᠯ᠎ᠳᠤ ᠠᠶᠠᠯᠠᠨ᠂  ᠲᠡᠬᠦᠨ᠎ᠤ ᠦᠨᠢ ᠤᠳᠠᠭᠠᠨ ᠦᠷᠬᠦᠯᠵᠢᠯᠡᠭᠰᠡᠨ ᠰᠤᠶᠤᠯ᠎ᠤᠨ ᠤᠯᠠᠮᠵᠢᠯᠠᠯ᠎ᠢ ᠮᠡᠳᠡᠷᠡᠵᠦ᠍᠂ ᠪᠠᠶᠠᠯᠢᠭ ᠰᠠᠢᠬᠠᠨ ᠵᠠᠩ ᠦᠢᠯᠡ᠎ᠶ᠋ᠢ ᠨᠢ ᠪᠡᠶᠡᠴᠢᠯᠡᠨ ᠣᠢᠯᠠᠭᠠᠨ᠎ᠠ᠃ ᠡᠨᠡ ᠬᠦ᠌ ᠥᠷᠭᠡᠨ ᠠᠭᠤᠳᠠᠮ ᠨᠤᠳᠤᠭ᠎ᠤᠨ ᠬᠠᠯᠠᠭᠤᠨ ᠬᠦᠷᠦᠰᠤᠨ᠎ᠳᠦ 《ᠰᠣᠶᠣᠯ᠎ᠢᠶᠠᠷ ᠵᠢᠭᠤᠯᠴᠢᠯᠠᠯ᠎ᠢ᠋ ᠱᠤᠭᠤᠵᠤ᠂ ᠵᠢᠭᠤᠯᠴᠢᠯᠠᠯ᠎ᠢᠶᠠᠷ ᠰᠤᠶᠤᠯ ᠎ᠢ ᠢᠯᠡᠷᠡᠭᠦᠯᠦᠭᠰᠡᠨ》 ᠦᠢᠯᠡᠳᠦᠯᠭᠡ᠎ᠶ᠋ᠢᠨ ᠦᠯᠢᠭᠡᠷ ᠠᠷᠦ ᠠᠷᠦ ᠡᠴᠠ ᠪᠠᠨ ᠶᠠᠷᠢᠬᠳᠠᠵᠦ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠦᠡᠭᠭᠡ ᠲᠦᠷᠬᠦ᠎ᠵᠢ ᠤᠯᠠᠮ ᠠᠯᠳᠠᠷᠰᠢᠭᠤᠯᠤᠨ ᠲᠡᠬᠦᠨ᠎ᠤ ᠭᠤᠸ᠎ᠠ ᠰᠠᠢᠬᠠᠨ᠎ᠤ ᠠᠭᠤᠯᠬᠤᠨ᠎ᠢ ᠤᠯᠠᠮ ᠴᠸ᠋ ᠪᠠᠶᠠᠯᠢᠬᠵᠢᠭᠤᠯᠤᠨ᠎ᠠ᠃

ᠰᠣᠶᠣᠯ᠎ᠢᠶᠠᠷ ᠵᠢᠭᠤᠯᠴᠢᠯᠠᠯ ᠢ᠋ ᠱᠤᠭᠤᠬᠤᠶ᠎ᠠ ᠦᠩᠭᠡ ᠦᠵᠡᠮᠵᠢ ᠤᠯᠠᠮ ᠭᠤᠶᠤᠵᠢᠨ᠎ᠠ

ᠮᠣᠷᠢᠨ ᠵᠢᠯ᠎ᠦᠨ ᠴᠠᠭᠠᠨ ᠰᠠᠷ᠎ᠠ᠎ᠳᠤ᠂ ᠥᠪᠥᠷ ᠮᠣᠩᠭᠣᠯ᠎ᠤᠨ ᠡᠯ᠎ᠡ ᠭᠠᠵᠡᠷ ᠤᠷᠤᠨ᠎ᠤ ᠮᠦᠽᠧᠶ᠎ᠳᠦ ᠴᠠᠭᠠᠨ ᠰᠠᠷ᠎ᠠ᠎ᠶ᠋ᠢᠨ ᠠᠭᠤᠷ ᠠᠮᠢᠰᠭᠤᠯ᠎ᠢᠶᠠᠷ ᠤᠨᠴᠠ ᠪᠢᠯᠬᠠᠮ᠎ᠠ᠃

《ᠨᠠᠰᠤ ᠨᠡᠮᠡᠭᠳᠡᠭᠰᠡᠨ ᠵᠤᠭᠤᠰ ᠦᠭᠬᠦ ᠨᠢ ᠬᠠᠨ ᠤᠯᠤᠰ ᠤ᠋ᠨ ᠦᠶ᠎ᠡ ᠡᠴᠡ ᠡᠬᠢᠯᠡᠵᠦ ᠵᠠᠩᠰᠢᠯ ᠪᠤᠯᠪᠠ ᠁》 ᠬᠡᠵᠦ ᠤᠯᠠᠭᠠᠨᠴᠠᠪ ᠬᠣᠲᠠ᠎ᠶ᠋ᠢᠨ ᠮᠦᠽᠧᠶ᠎ᠶ᠋ᠢᠨ 《ᠠᠷᠪᠠᠨ ᠬᠣᠶᠠᠷ ᠵᠢᠯ ᠤ᠋ᠨ ᠪᠡᠯᠭᠡᠳᠦ ᠵᠤᠭᠤᠰ》 ᠤ᠋ᠨ ᠦᠵᠡᠭᠦᠯᠭᠡ᠎ᠶ᠋ᠢᠨ ᠡᠮᠦᠨ᠎ᠡ᠂ ᠵᠢᠭᠤᠯᠴᠢᠯᠠᠭᠴᠢ ᠯᠢ ᠠᠪᠠᠬᠠᠶ 11 ᠨᠠᠰᠤᠲᠠᠶ ᠬᠦᠦ ᠬᠤᠤ ᠰᠧ ᠶᠤᠸᠠᠨ᠎ᠢᠶᠠᠨ ᠳᠠᠭᠠᠭᠤᠯᠤᠨ ᠲᠠᠢᠯᠪᠤᠷᠢᠯᠠᠬᠤ᠎ᠶ᠋ᠢ ᠰᠣᠨᠣᠰᠭᠤ᠎ᠶ᠋ᠢᠨ ᠳᠠᠭᠠᠤ ᠬᠡᠷᠡᠯ ᠵᠢᠷᠤᠭ ᠠᠪᠴᠤ᠌ ᠳᠤᠷᠠᠰᠭᠠᠯ ᠦᠯᠡᠳᠡᠭᠡᠪᠡ᠃ 《ᠴᠠᠭᠠᠨ ᠰᠠᠷ᠎ᠠ ᠳ᠋ᠤ ᠮᠦᠽᠧᠶ᠎ᠪᠡᠷ ᠲᠣᠭᠣᠷᠢᠬᠤ ᠨᠢ ᠬᠡᠦᠬᠡᠳ ᠲᠸ᠋ ᠭᠦᠨ ᠵᠤᠵᠠᠭᠠᠨ ᠰᠣᠶᠣᠯ᠎ᠤᠨ ᠠᠭᠤᠷ ᠠᠮᠢᠰᠭᠤᠯ᠎ᠢ ᠤᠢᠯᠠᠭᠠᠭᠤᠯᠬᠤ ᠪᠠ ᠲᠡᠳᠡᠨ᠎ᠤ ᠮᠡᠳᠡᠯᠭᠡ᠎ᠶᠢᠨ ᠦᠷᠭᠡᠳᠭᠡᠯ᠎ᠢ ᠠᠬᠢᠭᠤᠯᠵᠦ ᠴᠢᠳᠠᠬᠤ ᠮᠠᠰᠢ ᠤᠳᠭ᠎ᠠ ᠠᠭᠤᠯᠭ᠎ᠠ᠎ᠲᠠᠶ ᠶᠠᠪᠤᠳᠠᠯ ᠪᠤᠯᠬᠤ ᠶᠤᠮ》 ᠭᠡᠵᠦ ᠯᠢ ᠠᠪᠠᠬᠠᠢ ᠬᠡᠯᠡᠨ᠎ᠠ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ 《ᠮᠦᠽᠧᠢ᠎ᠪᠡᠷ ᠲᠤᠭᠤᠷᠢᠵᠤ ᠴᠠᠭᠠᠨ ᠰᠠᠷ᠎ᠠ᠎ᠪᠠᠨ ᠪᠡᠯᠭᠡᠯᠡᠶ᠎ᠡ》 ᠬᠡᠬᠦ ᠠᠵᠢᠯᠯᠠᠭ᠎ᠠ ᠥᠷᠨᠢᠭᠦᠯᠵᠦ᠍᠂ ᠭᠣᠢᠳᠠ ᠰᠠᠢᠬᠠᠨ ᠦᠵᠡᠭᠦᠯᠭᠡ᠎ᠶ᠋ᠢ ᠡᠭᠡᠯᠵᠢᠯᠡᠨ ᠡᠷᠬᠢᠯᠡᠭᠰᠡᠨ᠎ᠪᠦᠭᠡᠳ ᠪᠠᠰᠠ ᠠᠷᠠᠳ᠎ᠤᠨ ᠵᠠᠩ ᠦᠢᠯᠡ᠎ᠶ᠋ᠢᠨ ᠠᠵᠢᠯᠯᠠᠭ᠎ᠠ᠂ ᠰᠣᠨᠢᠷᠬᠠᠯᠲᠤ ᠲᠣᠭ᠍ᠯᠠᠭᠠᠮ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠲᠤᠬᠢᠷᠠᠭᠤᠯᠪᠠ᠃ ᠠᠮᠠᠷᠠᠯᠲᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠡᠯ᠎ᠡ ᠲᠦᠷᠦᠯ᠎ᠦᠨ ᠮᠦᠽᠧᠢ᠎ᠶ᠋ᠢᠨ ᠣᠷᠳᠣᠨ᠎ᠳᠦ ᠨᠡᠢ᠌ᠳᠡ 47 ᠲᠦᠮᠡᠨ ᠬᠥᠮᠦᠨ ᠤᠳᠠᠭ᠎ᠠ ᠲᠤᠭᠤᠷᠢᠨ ᠵᠢᠭᠤᠯᠴᠢᠯᠠᠵᠦ᠂ ᠰᠤᠶᠤᠯ᠎ᠤᠨ ᠠᠮᠳᠠᠷᠬᠠᠯ ᠡᠴᠠ ᠴᠠᠭᠠᠨ ᠰᠠᠷ᠎ᠠ᠎ᠶᠢᠨ ᠠᠭᠤᠷ ᠠᠮᠢᠰᠬᠤᠯ᠎ᠢ ᠮᠠᠳᠠᠷᠡᠵᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ᠋ᠢᠡᠷ ᠵᠣᠯ ᠵᠢᠷᠭᠠᠯᠲᠤ ᠮᠤᠷᠢᠨ ᠵᠢᠯ᠎ᠤᠨ ᠰᠠᠷ᠎ᠠ ᠰᠢᠨ᠎ᠠ ᠪᠠᠨ ᠲᠠᠮᠳᠡᠭᠯᠡᠪᠡ᠃

ᠥᠪᠥᠷ ᠮᠣᠩᠭᠣᠯ ᠥᠨᠢ ᠤᠳᠠᠭᠠᠨ ᠲᠡᠦᠬᠡ᠎ᠲᠡᠶ᠂ ᠰᠤᠶᠤᠯ᠎ᠤᠨ ᠤᠤᠷ ᠲᠤᠨᠤᠳᠠᠰᠤ ᠭᠦᠨ ᠵᠤᠵᠠᠭᠠᠨ᠃ 2025 ᠣᠨ᠎ᠳᠤ᠂ ᠳᠥᠷᠪᠡᠳᠦᠭᠡᠷ ᠤᠳᠠᠭ᠎ᠠ᠎ᠶ᠋ᠢᠨ ᠪᠥᠬᠥ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠨᠡᠢᠳᠡᠮ ᠪᠠᠢᠴᠠᠭᠠᠯᠲᠠ᠎ᠳ᠋ᠤ ᠥᠪᠥᠷ ᠮᠣᠩᠭᠣᠯ᠎ᠳᠤ ᠱᠢᠨ᠎ᠡ᠎ᠪᠡᠷ ᠢᠯᠡᠷᠡᠭᠦᠯᠦᠭ᠌ᠰᠡᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ 2086 ᠪᠠᠢᠵᠤ᠂ ᠬᠣᠷᠢᠨᠭᠡᠷ ᠎ᠤᠨ ᠲᠦ᠋ ᠴᠸᠩ ᠽᠢ ᠵᠢᠨ ᠪᠠᠭᠤᠷᠢ᠂ ᠰᠢᠷᠠᠠᠤᠰᠤᠨ ᠪᠠᠭᠤᠷᠢ᠎ᠨᠢ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠴᠡᠴᠡᠷᠯᠢᠭ᠎ᠢᠶᠡᠷ ᠠᠮᠵᠢᠯᠲᠠ᠎ᠲᠠᠶ ᠦᠨᠡᠯᠡᠭ᠌ᠳᠡᠵᠦ᠍᠂ ᠶᠤᠸᠠᠨ᠎ᠤ ᠳᠡᠭᠡᠳᠦ ᠨᠡᠢᠰᠯᠡᠯ ᠵᠡᠷᠭᠡ ᠪᠠᠭᠤᠷᠢ᠎ᠶ᠋ᠢ ᠱᠢᠰᠲ᠋ᠧᠮᠲᠦ ᠴᠢᠨᠠᠷᠲᠠᠶ᠎ᠪᠠᠷ ᠬᠠᠮᠠᠭᠠᠯᠠᠵᠦ ᠰᠡᠯᠪᠢᠨ ᠵᠠᠰᠠᠬᠤ ᠠᠵᠢᠯ ᠯᠠᠪᠳᠠᠭᠤᠨ᠎ᠢᠶᠠᠷ ᠠᠭᠢᠵᠤ᠂ ᠬᠠᠲᠤᠨ ᠭᠤᠤᠯ᠂ ᠣᠷᠳᠣ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠳᠠᠬᠢᠨᠲᠠ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠤ᠋ᠨ ᠣᠷᠣᠨ ᠪᠦᠰᠡ᠎ᠶ᠋ᠢᠨ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠌᠎ᠢ ᠰᠣᠶᠣᠯ ᠵᠢᠭᠤᠯᠴᠢᠯᠠᠯ᠎ᠤᠨ ᠠᠬᠤᠶ ᠲᠠᠯᠠᠪᠠᠶ᠎ᠳᠤ ᠪᠥᠬᠥ᠌ ᠲᠠᠯ᠎ᠠ᠎ᠪᠠᠷ ᠠᠭᠤᠰᠤᠯᠴᠠᠭᠤᠯᠵᠤ᠂ 1700 ᠭᠠᠷᠤᠶ ᠲᠠᠯᠠᠪᠠᠶ ᠠᠵᠢᠯᠯᠠᠭ᠎ᠠ᠎ᠨᠢ ᠵᠢᠭᠤᠯᠴᠢᠯᠠᠭᠰᠠᠳ᠎ᠤᠨ 《ᠢᠳᠡᠵᠦ᠍ ᠤᠤᠭᠤᠵᠦ ᠬᠤᠨᠤᠵᠦ ᠬᠡᠪᠳᠡᠵᠦ  ᠵᠢᠭᠤᠯᠴᠢᠯᠠᠬᠤ ᠪᠠ ᠬᠤᠳᠠᠯᠳᠤᠨ ᠠᠪᠬᠤ》 ᠪᠥᠬᠥ᠌ ᠶᠠᠪᠤᠴᠠ᠎ᠳᠤ ᠲᠤᠭᠤᠱᠢᠯᠠᠭ᠍ᠳᠠᠵᠤ᠂ ᠭᠠᠵᠠᠷ ᠪᠤᠯᠭᠠᠨ ᠳ᠋ᠤ ᠰᠤᠶᠤᠯ ᠵᠢᠭᠤᠯᠴᠢᠯᠠᠯ ᠤ᠋ᠨ ᠠᠭᠤᠰᠤᠯᠴᠠᠯ ᠤ᠋ᠨ ᠰᠢᠨ᠎ᠡ ᠠᠮᠢᠵᠢᠷᠠᠯ ᠤ᠋ᠨ ᠬᠦᠴᠦᠨ ᠢᠯᠡᠷᠡᠪᠡ᠃

ᠰᠣᠶᠣᠯ᠎ᠢᠶᠠᠷ ᠵᠢᠭᠤᠯᠴᠢᠯᠠᠯ᠎ᠢ ᠱᠤᠭᠤᠬᠤ᠎ᠳᠤ᠂ ᠰᠣᠶᠣᠯ᠎ᠤᠨ ᠡᠯᠧᠮᠧᠨ᠋ᠲ ᠨᠢ ᠲᠤᠭᠳᠠᠩᠭᠤᠢ ᠦᠵᠡᠭᠦᠯᠭᠡ ᠪᠢᠰᠢ᠂ ᠬᠠᠷᠢᠨ ᠵᠢᠭᠤᠯᠴᠢᠯᠠᠯ᠎ᠤᠨ ᠡᠯ᠎ᠡ ᠭᠣᠭ᠍ᠴᠣᠭ᠎ᠠ᠎ᠳᠤ ᠠᠭᠤᠰᠤᠯᠴᠠᠭ᠍ᠰᠠᠨ ᠠᠮᠢᠳᠤᠯᠢᠭ ᠢᠯᠡᠷᠡᠯ ᠪᠣᠯᠪᠠ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠶᠠᠭ 《ᠲᠣᠭᠣᠷᠢᠨ ᠦᠵᠡᠬᠦ᠌ ᠬᠡᠯᠪᠡᠷᠢ》 ᠡᠴᠡ 《ᠭᠦᠨᠵᠡᠭᠡᠢ ᠪᠡᠶᠡᠴᠢᠯᠡᠨ ᠣᠢᠯᠠᠭᠠᠬᠤ ᠬᠡᠯᠪᠡᠷᠢ》 ᠪᠣᠯᠤᠨ ᠬᠤᠪᠢᠷᠠᠵᠤ᠂ ᠵᠢᠭᠤᠯᠴᠢᠯᠠᠭᠴᠢ ᠨᠢᠭᠡ ᠪᠦᠷᠢ᠎ᠶ᠋ᠢ ᠵᠢᠭᠤᠯᠴᠢᠯᠠᠯ᠎ᠤᠨ ᠠᠶᠠᠨ ᠳᠤᠮᠳᠠ ᠪᠡᠨ ᠰᠣᠶᠣᠯ᠎ᠢ᠋ ᠬᠦᠨᠵᠡᠭᠡᠢ ᠮᠡᠳᠡᠷᠡᠬᠦ ᠪᠤᠯᠭᠠᠬᠤ᠎ᠳᠦ ᠥᠪᠥᠷ ᠮᠣᠩᠭᠣᠯ᠎ᠤᠨ ᠰᠦᠷᠯᠢᠭ ᠰᠠᠢᠬᠠᠨ ᠦᠵᠡᠮᠵᠢ ᠰᠣᠶᠣᠯ᠎ᠤᠨ ᠤᠮᠳᠠᠯᠠᠯ ᠲᠤᠤᠷ᠎ᠠ ᠨᠡᠩ ᠦᠷᠨᠢᠭᠦᠨ ᠬᠦᠭᠵᠢᠯᠳᠠ ᠲᠠᠢ ᠪᠣᠯᠪᠠ᠃

ᠲᠣᠭ᠎ᠠ ᠪᠠᠷᠢᠮᠲᠠ᠎ᠨᠡᠩ ᠢᠯᠡᠬᠦᠦ ᠢᠳᠡᠬᠡᠬᠦᠯᠬᠦ ᠬᠦᠴᠦᠨ ᠲᠠᠢ ᠶᠤᠮ᠃ 2025 ᠣᠨ᠎ᠳᠤ᠂ ᠥᠪᠥᠷ ᠮᠣᠩᠭᠣᠯ ᠪᠥᠬᠥ᠌ ᠵᠢᠯ᠎ᠳᠦ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠢ 3 ᠳ᠋ᠦᠩᠱᠢᠭᠤᠷ ᠬᠥᠮᠦᠨ ᠤᠳᠠᠭ᠎ᠠ ᠭᠥᠯᠢᠶᠡᠨ ᠠᠪᠴᠤ᠌᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠤᠨ ᠪᠥᠬᠥ᠌ ᠵᠠᠷᠤᠳᠠᠯ 4500 ᠳ᠋ᠦᠩᠱᠢᠭᠤᠷ ᠲᠥᠭᠥᠷᠢᠭ ᠲᠦ᠍ ᠬᠦᠷᠪᠡ᠃

ᠵᠢᠭᠤᠯᠴᠢᠯᠠᠯ᠎ᠢᠶᠠᠷ ᠰᠤᠶᠤᠯ᠎ᠢ᠎ᠢᠯᠡᠷᠡᠬᠦᠯᠬᠦᠶ᠎ᠠ ᠠᠮᠢᠵᠢᠷᠠᠯ᠎ᠤᠨ ᠬᠦᠴᠦᠨ ᠨᠡᠩ ᠪᠠᠳᠠᠷᠠᠨ᠎ᠠ

ᠡᠪᠦᠯ᠎ᠦᠨ ᠤᠯᠠᠷᠢᠯ᠎ᠤᠨ ᠥᠪᠥᠷ ᠮᠣᠩᠭᠣᠯ᠎ᠳᠤ ᠮᠥᠰᠥ᠍ ᠴᠠᠰᠤ ᠨᠢ ᠬᠠᠬᠢᠷ ᠬᠦᠶ᠋ᠲᠡᠨ᠎ᠦ ᠪᠡᠯᠭᠡ ᠲᠡᠮᠳᠡᠭ ᠪᠢᠰᠢ᠂ ᠬᠠᠷᠢᠨ ᠪᠠᠶᠠᠷ ᠪᠠᠶᠠᠰᠤᠯ᠎ᠤ᠋ᠨ ᠠᠴᠢᠶᠠᠯᠠᠭ᠍ᠴᠢ᠎ᠪᠤᠯᠤᠯ᠎ᠠ᠃

《2026 ᠣᠨ᠎ᠳᠤ ᠥᠪᠥᠷ ᠮᠣᠩᠭᠣᠯ᠎ᠳᠤ ᠢᠷᠡᠵᠦ᠍ ᠴᠠᠭᠠᠨ ᠰᠠᠷ᠎ᠠ᠎ᠪᠠᠨ ᠥᠩᠭᠡᠷᠡᠭᠦᠯᠦᠶ᠎ᠡ》 ᠬᠡᠬᠦ ᠠᠵᠢᠯᠯᠠᠭ᠎ᠠ᠎ᠶ᠋ᠢᠨ ᠭᠤᠤᠯ ᠲᠠᠯᠠᠪᠤᠷ ᠪᠣᠯᠤᠭ᠍ᠰᠠᠨ ᠬᠥᠬᠡᠬᠣᠲᠠ᠎ᠶ᠋ᠢᠨ ᠶᠡᠬᠡ ᠲᠦᠷᠭᠡᠨ ᠭᠤᠤᠯ᠎ᠤᠨ ᠴᠡᠷᠢᠭ᠎ᠦᠨ ᠶᠠᠪᠤᠳᠠᠯ᠎ᠤᠨ ᠰᠣᠶᠣᠯ᠎ᠤᠨ ᠬᠦᠷᠢᠶᠡᠯᠡᠩ᠎ᠳᠦ᠂ 1 ᠲᠦᠮᠡᠨ ᠲᠡᠭ᠌ᠰᠢ ᠳᠥᠷᠪᠡᠯᠵᠢᠨ ᠮᠧᠲ᠋ᠷ ᠲᠠᠯᠠᠪᠠᠶ᠎ᠲᠠᠶ ᠲᠣᠮᠣ ᠬᠡᠯᠪᠡᠷᠢ᠎ᠶ᠋ᠢᠨ ᠮᠥᠰᠥᠨ ᠱᠤᠭᠤᠮᠠᠯ᠎ᠤᠨ ᠰᠦᠷᠦᠭᠵᠢᠯ ᠪᠣᠯᠤᠨ ᠥᠩᠭᠡᠲᠦ ᠳ᠋ᠧᠩ᠎ᠦᠨ ᠬᠡᠷᠡᠯ《ᠡᠳᠦᠷ ᠬᠢᠯᠠᠯᠵᠡᠨ᠂ ᠰᠥᠨᠢ ᠳᠤᠸᠠᠯᠠᠵᠦ》᠂ ᠵᠢᠭᠤᠯᠴᠢᠯᠠᠬᠰᠡᠳ᠎ᠢ ᠮᠦᠰᠤ ᠴᠠᠰᠤᠨ᠎ᠤ ᠶᠢᠷᠳᠢᠨᠴᠦ᠎ᠳᠦ ᠲᠠᠳᠡᠨ ᠤᠷᠤᠭᠤᠯᠤᠨ᠎ᠠ᠃

ᠡᠨᠡ ᠬᠦ᠌ ᠮᠥᠰᠥ᠍ ᠴᠠᠰᠤᠨ᠎ᠤ ᠤᠯᠠᠷᠢᠯ᠎ᠳᠤ᠂ ᠥᠪᠥᠷ ᠮᠣᠩᠭᠣᠯ ᠲᠠᠩ ᠭᠠᠭ᠍ᠴᠠ ᠴᠠᠰᠤᠨ᠎ᠳᠤ ᠭᠤᠯᠭᠤᠬᠤ ᠪᠤᠶᠤ ᠴᠠᠰᠤ ᠰᠣᠨᠢᠷᠬᠠᠬᠤ ᠵᠢᠭᠤᠯᠴᠢᠯᠠᠯ᠎ᠡᠴᠡ ᠮᠤᠯᠲᠤᠷᠠᠵᠤ᠂ ᠵᠢᠭᠤᠯᠴᠢᠯᠠᠭᠰᠠᠳ᠎ᠤᠨ ᠪᠡᠶᠡᠴᠢ ᠣᠢᠯᠠᠭᠠᠯᠲᠠ᠂ ᠬᠦᠷᠲᠡᠮᠵᠢ᠎ᠶ᠋ᠢᠨ ᠲᠦᠷᠦᠭ᠌ᠳᠡᠯ ᠪᠣᠯᠤᠨ ᠵᠢᠷᠭᠠᠯᠲᠤ ᠲᠦᠷᠦᠭ᠌ᠳᠡᠯ᠎ᠦᠨ ᠲᠣᠭᠣᠷᠢᠨ᠎ᠳᠤ ᠬᠡᠳᠦᠨ ᠵᠠᠭᠤᠨ ᠵᠦᠢᠯ᠎ᠦᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠡᠢ᠃

ᠪᠦᠬᠦ᠌ ᠣᠷᠣᠨ᠎ᠤ ᠪᠠᠢᠳᠠᠯ ᠡᠴᠠ ᠦᠵᠡᠪᠡᠯ᠂ ᠠᠳᠠᠯᠢ ᠪᠤᠰᠤ ᠠᠢᠮᠠᠭ ᠬᠣᠲᠠ᠎ᠶ᠋ᠢᠨ ᠮᠥᠰᠥ᠍ ᠴᠠᠰᠤᠨ᠎ᠤ ᠠᠵᠢᠯᠯᠠᠭ᠎ᠠ ᠨᠢ ᠴᠦᠮ ᠥᠪᠡᠷ ᠥᠪᠡᠷ᠎ᠦᠨ ᠵᠢᠡᠨ ᠣᠨᠴᠠᠯᠢᠭ᠎ᠲᠠᠶ᠃

ᠬᠥᠯᠥᠨ ᠪᠤᠢ᠌ᠷ ᠬᠤᠳᠠ᠎ᠶ᠋ᠢᠨ ᠭᠡᠭᠡᠨ ᠭᠣᠣᠯ ᠬᠤᠳᠠ᠎ᠶ᠋ᠢᠨ ᠠᠭᠠᠷ᠎ᠤᠨ ᠳᠤᠯᠠᠭᠠᠨ ᠳᠣᠷᠣᠭ᠍ᠰᠢᠯᠠᠭᠠᠳ ᠲᠡᠭ᠎ᠡᠴᠡ ᠳᠣᠷᠣᠭ᠍ᠰᠢ 30 ᠭᠠᠷᠤᠢ ᠭᠷᠠᠳᠦ᠋ᠰ᠎ᠲᠦ ᠬᠦᠷᠴᠦ᠍᠂ ᠵᠢᠭᠤᠯᠴᠢᠯᠠᠭᠰᠠᠳ ᠬᠦᠢᠳᠡᠨ᠎ᠦ ᠲᠤᠢᠯ᠎ᠤᠨ ᠠᠭᠤᠳᠠᠮ ᠲᠠᠯᠠᠪᠠᠢ᠎ᠳᠤ ᠬᠠᠯᠠᠭᠤᠨ ᠤᠰᠤ ᠰᠠᠴᠤᠵᠤ᠂ ᠬᠠᠯᠠᠭᠤᠨ ᠤᠰᠤ ᠨᠢ ᠬᠥᠯᠳᠡᠭᠡᠳ ᠮᠥᠰᠥᠨ ᠮᠠᠨᠠᠨ ᠪᠤᠯᠵᠦ᠍᠂《ᠳᠤᠮᠳᠠᠳᠤ ᠤᠯᠤᠰ᠎ᠤᠨ ᠬᠦᠢᠳᠡᠨ᠎ᠦ ᠲᠤᠢᠯ》 ᠤ᠋ᠨ ᠡᠪᠦᠯ᠎ᠦᠨ ᠤᠯᠠᠷᠢᠯ᠎ᠤᠨ ᠭᠠᠢᠬᠠᠮᠱᠢᠭ᠍ᠲᠤ ᠦᠵᠡᠮᠵᠢ᠎ᠶ᠋ᠢ ᠪᠤᠢ ᠪᠤᠯᠭᠠᠪᠠ; ᠣᠯᠭᠣᠶᠠ ᠡᠸᠡᠩᠬᠢ ᠦᠨᠳᠦᠰᠦᠲᠡᠨ᠎ᠦ ᠱᠢᠶᠠᠩ᠎ᠳᠤ᠂ ᠡᠸᠡᠩᠬᠢ ᠦᠨᠳᠦᠰᠦᠲᠡᠨ᠎ᠦ ᠠᠩᠴᠢᠳ ᠴᠠ ᠪᠤᠭᠤ᠎ᠶ᠋ᠢᠨ ᠰᠣᠶᠣᠯ᠎ᠢ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠳᠡᠯᠭᠡᠨ ᠦᠵᠡᠭᠦᠯᠵᠦ᠍᠂ ᠵᠢᠭᠤᠯᠴᠢᠯᠠᠭᠰᠠᠳ᠎ᠲᠤ ᠣᠶ ᠱᠢᠭᠤᠶ᠎ᠶ᠋ᠢᠨ ᠭᠦᠨ᠎ᠳᠡᠬᠢ ᠦᠨᠳᠦᠰᠦᠲᠡᠨ᠎ᠦ ᠵᠠᠩ ᠦᠶ᠋ᠯᠡ᠎ᠶ᠋ᠢ ᠮᠡᠳᠡᠷᠡᠭᠦᠯᠪᠡ; ᠬᠢᠩᠭᠠᠨ ᠠᠢᠮᠠᠭ᠎ᠤᠨ ᠷᠠᠱᠢᠶᠠᠨ ᠬᠣᠲᠠ ᠪᠠᠢᠭᠠᠯᠢᠯᠢᠭ ᠵᠦᠭᠡᠯᠡᠨ ᠴᠠᠰᠤ ᠪᠠ ᠭᠠᠵᠠᠷ᠎ᠤᠨ ᠢᠯᠴᠢ᠎ᠶ᠋ᠢᠨ ᠡᠬᠢ ᠪᠠᠶᠠᠯᠢᠭ᠎ᠲᠤ ᠲᠦᠱᠢᠭ᠌ᠯᠡᠨ᠂ 《ᠮᠥᠰᠥ᠍ ᠴᠠᠰᠤ + ᠬᠠᠯᠠᠭᠤᠨ ᠷᠠᠱᠢᠶᠠᠨ》 ᠤ᠋ ᠬᠤᠤᠰ ᠪᠡᠶᠡᠴᠢ ᠣᠢᠯᠠᠭᠠᠯᠲᠠ᠎ᠶ᠋ᠢ ᠭᠠᠷᠭᠠᠪᠠ; ᠤᠯᠠᠭᠠᠨᠴᠠᠪ᠎ᠤᠨ ᠡᠭᠦᠳᠦᠭ᠌ᠰᠡᠨ 《ᠤᠯᠠᠭᠠᠨᠴᠠᠪ  ᠤ᠋ᠨ ᠴᠠᠰᠤᠲᠤ ᠨᠤᠲᠤᠭ》 ᠨᠢ ᠤᠮᠠᠷᠠᠲᠤ᠎ᠶ᠋ᠢᠨ ᠤᠯᠠᠮᠵᠢᠯᠠᠯᠲᠤ ᠬᠡᠪ ᠨᠠᠮᠪᠠ᠎ᠶ᠋ᠢ ᠳᠠᠬᠢᠨ ᠢᠯᠡᠷᠡᠭᠦᠯᠦᠭᠰᠡᠨ 45 ᠥᠪᠡᠷᠮᠢᠴᠡ ᠣᠨᠴᠠᠯᠢᠭ᠎ᠲᠠᠶ ᠬᠦᠷᠢᠶ᠎ᠡ᠎ᠪᠡᠷ ᠪᠦᠷᠢᠯᠳᠦᠵᠦ᠍᠂ ᠥᠳᠭᠡᠨ ᠵᠤᠵᠠᠭᠠᠨ ᠠᠷᠠᠳ᠎ᠤᠨ ᠵᠠᠩ ᠦᠢᠯᠡ᠎ᠶ᠋ᠢ ᠵᠢᠷᠤᠭ᠍ᠯᠠᠪᠠ ᠁

2 ᠰᠠᠷ᠎ᠠ᠎ᠶ᠋ᠢᠨ ᠡᠬᠢ ᠪᠣᠯᠲᠠᠯ᠎ᠠ᠂ 2025— 2026 ᠮᠥᠰᠥ᠍ ᠴᠠᠰᠤᠨ᠎ᠤ ᠤᠯᠠᠷᠢᠯ᠎ᠳᠤ ᠥᠪᠥᠷ ᠮᠣᠩᠭᠣᠯ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠢ ᠨᠡᠢᠲᠡ 2647.16 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠡᠴᠡ 13.55% ᠎ᠪᠠᠷ ᠨᠡᠮᠡᠭ᠌ᠳᠡᠪᠡ; ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭᠰᠠᠳ᠎ᠤᠨ ᠬᠡᠷᠡᠭ᠌ᠯᠡᠭᠡᠨ᠎ᠦ ᠪᠦᠬᠦ᠌ ᠲᠣᠭ᠎ᠠ 351.91 ᠳ᠋ᠦᠩᠱᠢᠭᠤᠷ ᠲᠥᠭᠥᠷᠢᠭ᠎ᠢ ᠳᠠᠪᠠᠪᠠ᠃

ᠵᠢᠭᠤᠯᠴᠢᠯᠠᠯ᠎ᠢᠶᠠᠷ ᠰᠤᠶᠤᠯ ᠢ᠋ ᠢᠯᠡᠷᠡᠭᠦᠯᠵᠦ᠍᠂ ᠨᠡᠩ ᠤᠯᠠᠨ ᠬᠥᠮᠦᠨ ᠥᠪᠥᠷ ᠮᠣᠩᠭᠣᠯ ᠳ᠋ᠡᠬᠢ ᠰᠠᠢ᠌ᠨ ᠰᠠᠢᠬᠠᠨ ᠠᠶᠠᠯᠠᠯ ᠳᠤᠮᠳᠠ᠎ᠪᠠᠨ ᠡᠨᠡ ᠬᠦ᠌ ᠨᠤᠲᠤᠭ ᠳᠡᠪᠢᠰᠭᠡᠷ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠠᠢᠬᠤ᠎ᠶ᠋ᠢ ᠮᠡᠳᠡᠷᠡᠵᠦ᠍᠂ ᠨᠢᠭᠡᠨ ᠢᠲᠡᠭᠡᠮᠵᠢᠲᠡᠢ᠂ ᠨᠠᠢᠳᠠᠪᠤᠷᠢᠲᠠᠢ᠂ ᠳᠣᠲᠣᠨᠣ ᠥᠪᠥᠷ ᠮᠣᠩᠭᠣᠯ ᠶᠠᠭ ᠱᠢᠨ᠎ᠡ ᠰᠣᠷᠭᠣᠭ ᠲᠦᠷᠢ ᠲᠥᠷᠬᠦ᠌᠎ᠪᠡᠷ ᠪᠦᠬᠦ᠌ ᠤᠯᠤᠰ᠂ ᠳᠡᠯᠡᠬᠡᠢ ᠳ᠋ᠠᠬᠢᠨ᠎ᠳᠤ ᠬᠠᠨᠳᠤᠵᠤ ᠪᠠᠢᠨ᠎ᠠ᠃

ᠰᠣᠶᠣᠯ ᠵᠢᠭᠤᠯᠴᠢᠯᠠᠯ ᠠᠭᠤᠰᠤᠯᠴᠡᠬᠤᠶ᠎ᠠ ᠭᠤᠸ᠎ᠠ ᠰᠠᠢᠬᠠᠨ ᠵᠢᠡᠷ ᠵᠢᠨᠨ ᠮᠦᠴᠡᠭᠡᠷᠬᠡᠨ᠎ᠠ

ᠥᠩᠭᠡᠷᠡᠭ᠌ᠰᠡᠨ ᠲᠠᠪᠤᠨ ᠵᠢᠯ᠎ᠳᠦ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠭᠦᠨᠵᠡᠭᠡᠢ ᠠᠭᠤᠰᠤᠯᠴᠠᠵᠤ᠂ ᠬᠠᠩᠭᠠᠯᠭ᠎ᠠ᠎ᠶ᠋ᠢᠨ ᠶᠠᠰᠤ ᠴᠢᠨᠠᠷ ᠳᠡᠰ ᠳᠡᠪᠱᠢᠵᠦ᠍᠂ ᠡᠵᠡᠩᠨᠡᠯᠲᠡ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠤᠷᠬᠢᠯᠤᠨ ᠪᠠᠳᠠᠷᠠᠵᠤ᠂ 《ᠰᠣᠶᠣᠯ ᠵᠢᠭᠤᠯᠴᠢᠯᠠᠯ + ᠡᠯ᠎ᠠ ᠵᠤᠢᠯ᠎ᠤᠨ ᠠᠵᠢᠯ ᠦᠢᠯᠡᠰ》 ᠤ᠋ᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠷᠭ᠎ᠠ ᠬᠡᠯᠪᠡᠷᠢ ᠠᠩᠬ᠎ᠠ ᠠᠯᠬᠤᠮ ᠪᠦᠷᠢᠯᠳᠦᠪᠡ᠃

ᠥᠪᠡᠷ᠎ᠢᠶᠡᠨ ᠮᠠᠱᠢᠨ ᠵᠢᠯᠣᠭᠣᠳᠴᠤ᠌ ᠵᠢᠭᠤᠯᠴᠢᠯᠠᠬᠤ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ᠂ ᠰᠤᠳᠤᠯᠤᠨ ᠰᠤᠷᠤᠯᠴᠠᠬᠤ ᠵᠢᠭᠤᠯᠴᠢᠯᠠᠯ᠎ᠨᠢ 《ᠳᠡᠯᠪᠡᠷᠡᠯᠲᠡ᠎ᠶ᠋ᠢᠨ ᠮᠠᠶᠢᠭ》᠎ᠢ᠋ᠢᠡᠷ ᠨᠡᠮᠡᠭ᠌ᠳᠡᠵᠦ᠍᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠂ ᠥᠪᠡᠷ᠎ᠢᠶᠡᠨ ᠮᠠᠱᠢᠨ ᠵᠢᠯᠣᠭᠣᠳᠴᠤ᠌ ᠵᠢᠭᠤᠯᠴᠢᠯᠠᠬᠤ ᠭᠠᠵᠠᠷ᠎ᠤᠨ ᠶᠡᠷᠦᠩᠬᠡᠶ ᠬᠡᠮᠵᠢᠶ᠎ᠡ ᠪᠥᠬᠥ᠌ ᠤᠯᠤᠰ᠎ᠲᠤ ᠲᠦᠷᠦᠭᠦᠯᠡᠵᠦ᠍᠂ ᠴᠠᠰᠤᠨ᠎ᠳᠤ ᠭᠤᠯᠭᠤᠬᠤ ᠵᠢᠭᠤᠯᠴᠢᠯᠠᠯ᠎ᠤᠨ ᠠᠮᠠᠷᠠᠯᠲᠠ᠎ᠶ᠋ᠢᠨ ᠭᠠᠵᠠᠷ᠎ᠤᠨ ᠶᠡᠷᠦᠩᠬᠡᠶ ᠬᠡᠮᠵᠢᠶ᠎ᠡ ᠪᠥᠬᠥ᠌ ᠤᠯᠤᠰ᠎ᠲᠤ ᠬᠣᠶᠠᠳᠤᠭᠠᠷ᠎ᠲᠤ ᠣᠷᠣᠵᠤ᠂ 5A ᠲᠠᠰ᠎ᠤᠨ ᠦᠵᠡᠮᠵᠢ᠎ᠶ᠋ᠢᠨ ᠣᠷᠣᠨ᠎ᠤ ᠲᠣᠭ᠎ᠠ  8 ᠪᠣᠯᠵᠣ᠂ A ᠲᠠᠰ᠎ᠤᠨ ᠦᠵᠡᠮᠵᠢ᠎ᠶ᠋ᠢᠨ ᠣᠷᠣᠨ᠎ᠤ ᠶᠡᠷᠦᠩᠬᠡᠶ ᠲᠤᠭ᠎ᠠ 566 ᠎ᠳ᠋ᠤ ᠬᠦᠷᠴᠦ᠍᠂ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠲᠣᠭᠣᠷᠢᠭ 6᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠡᠷ ᠪᠠᠭᠤᠳᠠᠯ 22 ᠪᠤᠯᠵᠦ᠂ ᠳᠡᠰ ᠪᠦᠬᠦᠢ ᠬᠡᠷ ᠪᠠᠭᠤᠳᠠᠯ 12 ᠠᠢᠮᠠᠭ ᠬᠣᠲᠠ ᠵᠢ ᠪᠦᠷᠬᠦᠪᠡ᠃ ᠣᠷᠳᠣᠰ᠎ᠤᠨ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ᠂ ᠤᠯᠠᠭᠠᠨᠴᠠᠪ᠎ᠤᠨ ᠰᠥᠨᠢ ᠵᠡᠷᠭᠡ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠲᠥᠷᠥᠯ ᠵᠦᠢᠯ᠎ᠢ ᠵᠠᠯᠭᠠᠭ᠎ᠠ᠎ᠪᠠᠷ ᠪᠦᠲᠦᠬᠡᠨ ᠪᠠᠢᠭᠤᠯᠵᠤ ᠠᠱᠢᠭ᠍ᠯᠠᠯᠲᠠ᠎ᠳᠤ ᠣᠷᠣᠭᠤᠯᠪᠠ᠃

《ᠤᠷᠤᠯᠳᠤᠭᠠᠨ᠂ ᠤᠩᠱᠢᠯᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠂ ᠦᠵᠡᠰᠭᠦᠯᠡᠩ᠂ ᠰᠣᠶᠣᠯ᠎ᠤᠨ ᠴᠤᠭᠯᠠᠭᠠᠨ᠂ ᠲᠣᠭ᠍ᠯᠠᠯᠲᠠ᠂ ᠠᠮᠲᠠᠲᠤ ᠢᠳᠡᠭᠡᠨ ᠵᠡᠷᠭᠡ ᠵᠢ ᠳᠠᠭᠠᠵᠤ ᠵᠢᠭᠤᠯᠴᠢᠯᠠᠬᠤ》 7 ᠶᠡᠬᠡ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠡᠯᠪᠡᠭ ᠪᠠᠶᠠᠯᠢᠭ ᠠᠬᠤᠶ ᠪᠠᠢᠳᠠᠯ᠎ᠢᠶᠠᠷ ᠣᠯᠠᠨ ᠲᠦᠮᠡᠨ᠎ᠦ ᠣᠯᠠᠨ ᠡᠱᠢᠵᠢᠭ᠌ᠰᠡᠨ ᠬᠡᠷᠡᠭ᠌ᠴᠡᠭᠡ᠎ᠶ᠋ᠢ ᠬᠠᠩᠭᠠᠪᠠ᠃ 《ᠮᠤᠷᠢᠨ ᠤ᠋ ᠬᠣᠯᠪᠣᠭᠠᠲᠤ ᠤᠷᠤᠯᠳᠤᠭᠠᠨ》 ᠵᠡᠷᠭᠡ ᠨᠠᠷᠠᠲᠤ ᠲᠥᠷᠥᠯ ᠲᠡᠮᠳᠡᠭ᠌ ᠡᠭᠦᠳᠬᠦ᠌ ᠠᠵᠢᠯᠯᠠᠭ᠎ᠠ᠎ᠨᠢ 《ᠮᠤᠷᠢᠨ ᠤ᠋ ᠬᠣᠯᠪᠣᠭᠠᠲᠤ ᠤᠷᠤᠯᠳᠤᠭᠠᠨ》 ᠵᠡᠷᠭᠡ ᠤᠷᠤᠯᠳᠤᠭᠠᠨ᠎ᠤ ᠵᠦᠶ᠋ᠯᠡᠰ᠎ᠦᠨ IP ᠎ᠶ᠋ᠢ ᠠᠱᠢᠭ᠍ᠯᠠᠨ᠂ 《ᠪᠠᠷᠢᠮᠳᠠ ᠵᠢᠨ ᠦᠯᠡᠳᠡᠭᠡᠰᠦ ᠠᠵᠤ ᠠᠬᠤᠶ》 ᠪᠠᠷ ᠬᠣᠶᠠᠳᠠᠬᠢ ᠤᠳᠠᠭ᠎ᠠ᠎ᠶ᠋ᠢᠨ ᠬᠡᠷᠡᠭ᠌ᠯᠡᠭᠡ᠎ᠶ᠋ᠢ ᠬᠥᠭ᠌ᠵᠢᠭᠡᠵᠦ᠍᠂ 《ᠰᠣᠶᠣᠯ ᠵᠢᠭᠤᠯᠴᠢᠯᠠᠯ + ᠤᠯᠠᠨ ᠦᠶ᠋ᠯᠡᠰ》ᠤ᠋ᠨ ᠦᠷᠡᠵᠢᠭᠦᠯᠬᠦ᠌ ᠲᠡᠮᠳᠡᠭ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃

ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠤᠨ ᠪᠣᠳᠠᠲᠤ ᠦᠷ᠎ᠡ ᠪᠦᠲᠦᠮᠵᠢ ᠣᠯᠵᠤ᠂ ᠥᠪᠥᠷ ᠮᠣᠩᠭᠣᠯ᠎ᠤᠨ ᠲᠣᠭᠠᠴᠢᠯᠠᠭ᠍ᠰᠠᠨ ᠰᠣᠶᠣᠯ ᠵᠢᠭᠤᠯᠴᠢᠯᠠᠯ᠎ᠤᠨ ᠱᠢᠨ᠎ᠡ ᠬᠦᠷᠢᠶ᠎ᠡ ᠴᠠᠷᠠᠭ᠎ᠠ ᠵᠡᠷᠭᠡ ᠲᠥᠷᠥᠯ ᠵᠦᠢᠯ ᠪᠠᠢᠭᠤᠯᠤᠭ᠍ᠳᠠᠵᠤ᠂ ᠪᠦᠬᠦ᠌ ᠣᠷᠣᠨ᠎ᠤ ᠰᠣᠶᠣᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠣᠷᠣᠯᠭ᠎ᠠ 6 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ ᠳᠤᠮᠳᠠᠴᠢ᠎ᠪᠠᠷ 29.4 % ᠪᠡᠷ ᠨᠡᠮᠡᠭ᠌ᠳᠡᠪᠡ; 《i ᠵᠢᠭᠤᠯᠴᠢᠯᠠᠯ ᠤ᠋ᠨ ᠥᠪᠥᠷ ᠮᠣᠩᠭᠣᠯ》᠂ ᠤᠶᠤᠨᠲᠤ ᠨᠣᠮ᠎ᠤᠨ ᠰᠠᠩ ᠵᠡᠷᠭᠡ ᠶᠡᠷᠦᠩᠬᠡᠢᠯᠡᠭ᠌ᠰᠡᠨ ᠲᠠᠪᠴᠠᠩ᠎ᠢᠶᠠᠷ ᠪᠥᠬᠥ᠌ ᠣᠷᠣᠨ ᠪᠦᠰᠡ᠎ᠶ᠋ᠢ ᠬᠠᠮᠤᠷᠤᠭ᠍ᠰᠠᠨ ᠰᠣᠶᠣᠯ ᠵᠢᠭᠤᠯᠴᠢᠯᠠᠯ᠎ᠤᠨ ᠲᠣᠭᠠᠴᠢᠯᠠᠭ᠍ᠰᠠᠨ ᠦᠶ᠋ᠯᠡᠴᠢᠯᠡᠭᠡᠨ᠎ᠦ ᠵᠢᠭ᠍ᠰᠠᠭᠠᠯ᠎ᠢ ᠪᠦᠷᠢᠯᠳᠦᠭᠦᠯᠵᠦ᠍᠂ ᠦᠶ᠋ᠯᠡᠴᠢᠯᠡᠭᠡ᠎ᠶ᠋ᠢ ᠨᠠᠩ ᠣᠨᠣᠪᠴᠢᠲᠠᠶ᠂ ᠪᠡᠶᠡᠴᠢᠯᠡᠨ ᠣᠢᠯᠠᠭᠠᠬᠤ᠎ᠶ᠋ᠢ ᠨᠠᠩ ᠳᠥᠭᠥᠮ ᠳᠥᠲᠡ ᠪᠣᠯᠭᠠᠵᠠᠢ᠃

ᠰᠣᠶᠣᠯ᠎ᠢᠶᠠᠷ ᠵᠢᠭᠤᠯᠴᠢᠯᠠᠯ᠎ᠢ ᠱᠤᠭᠤᠵᠤ᠂ ᠥᠩᠭᠡ ᠦᠵᠡᠮᠵᠢ ᠳ᠋ᠡᠬᠢ ᠰᠤᠶᠤᠯ᠎ᠤᠨ ᠤᠤᠷ ᠲᠤᠨᠤᠳᠠᠰᠤ ᠵᠢ ᠵᠤᠵᠠᠭᠠᠳᠭᠠᠨ᠎ᠠ; ᠵᠢᠭᠤᠯᠴᠢᠯᠠᠯ᠎ᠢᠶᠠᠷ ᠰᠤᠶᠤᠯ᠎ᠢ ᠢᠯᠡᠷᠡᠭᠦᠯᠵᠦ᠍᠂ ᠰᠣᠶᠣᠯ᠎ᠤᠨ ᠰᠤᠳᠠᠰᠤ᠎ᠪᠠᠷ ᠴᠠᠭ ᠦᠶ᠎ᠡ᠎ᠶ᠋ᠢᠨ ᠭᠡᠷᠡᠯ ᠭᠢᠯᠪᠠᠭ᠎ᠠ᠎ᠶ᠋ᠢ ᠰᠠᠴᠤᠷᠠᠭᠤᠯᠤᠨ᠎ᠠ᠃ ᠰᠣᠶᠣᠯ ᠵᠢᠭᠤᠯᠴᠢᠯᠠᠯ᠎ᠤᠨ ᠠᠭᠤᠰᠤᠯᠴᠠᠯ ᠪᠣᠯ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭᠠᠬᠤ ᠵᠠᠢᠯᠠᠰᠢ ᠦᠭᠡᠢ ᠵᠠᠮ ᠮᠥᠨ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠨᠢᠭᠡᠨᠲᠡ ᠡᠬᠢᠯᠡᠯ᠎ᠠ᠃ ᠱᠢᠨ᠎ᠡ ᠭᠠᠷᠤᠭ᠎ᠠ ᠡᠴᠠ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠴᠢᠨᠠᠷᠯᠢᠭ ᠪᠦᠭᠡᠳ ᠭᠤᠸ᠋᠎ᠠ ᠰᠠᠢᠬᠠᠨ ᠵᠦᠭ ᠦᠷᠭᠦᠯᠵᠢᠯᠡᠨ ᠤᠷᠤᠬᠰᠢᠯᠠᠵᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ ᠬᠥᠭ᠌ᠵᠢᠯᠲᠡ ᠪᠡᠷ᠎ᠢ᠋ᠢᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠ ᠬᠡᠷᠡᠯ ᠭᠢᠯᠪᠠᠭ᠎ᠠ᠎ᠪᠠᠨ ᠨᠡᠩ ᠰᠠᠴᠤᠷᠠᠭᠤᠯᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号