ᠰᠢ ᠵᠢᠨ ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠌᠎ᠶ᠋ᠢᠨ ᠲᠥᠯᠥᠭᠡ᠂ ᠲᠥᠪ᠎ᠦᠨ ᠤᠬᠠᠭᠤᠯᠬᠤ ᠬᠡᠯᠲᠡᠰ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ 《ᠰᠢ ᠵᠢᠨ ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭᠠᠨ᠎ᠤ ᠰᠤᠷᠤᠯᠴᠠᠯᠭ᠎ᠠ᠎ᠶ᠋ᠢᠨ ᠠᠰᠠᠭᠤᠯᠲᠠ ᠬᠠᠷᠢᠭᠤᠯᠲᠠ》 (ᠳᠣᠷᠣᠭ᠍ᠰᠢ 《ᠠᠰᠠᠭᠤᠯᠲᠠ ᠬᠠᠷᠢᠭᠤᠯᠲᠠ》 ᠭᠡᠵᠦ᠍ ᠳᠦᠭᠦᠮᠴᠢᠯᠡᠨ᠎ᠠ) ᠭᠡᠬᠦ᠌ ᠨᠣᠮ᠎ᠢ ᠵᠣᠬᠢᠶᠠᠨ ᠪᠠᠢᠭᠤᠯᠵᠦ ᠨᠠᠢᠷᠠᠭᠤᠯᠤᠨ ᠲᠤᠭᠤᠷᠪᠢᠭᠠᠳ᠂ ᠠᠷᠠᠳ᠎ᠤᠨ ᠬᠡᠪᠯᠡᠯ᠎ᠦᠨ ᠬᠣᠷᠢᠶ᠎ᠠ᠂ ᠰᠤᠷᠤᠯᠴᠠᠯᠭ᠎ᠠ᠎ᠶ᠋ᠢᠨ ᠬᠡᠪᠯᠡᠯ᠎ᠦᠨ ᠬᠣᠷᠢᠶ᠎ᠠ ᠡᠴᠡ ᠬᠠᠮᠲᠤᠷᠠᠨ ᠬᠡᠪᠯᠡᠭᠦᠯᠵᠦ᠍᠂ ᠲᠣᠰ ᠡᠳᠦᠷ᠎ᠡᠴᠡ ᠡᠬᠢᠯᠡᠨ ᠪᠥᠬᠥ᠌ ᠤᠯᠤᠰ᠎ᠲᠤ ᠲᠠᠷᠬᠠᠭᠠᠪᠠ᠃
《ᠠᠰᠠᠭᠤᠯᠲᠠ ᠬᠠᠷᠢᠭᠤᠯᠲᠠ》 ᠨᠢ ᠱᠢᠨ᠎ᠡ ᠴᠠᠭ ᠦᠶ᠎ᠡ᠎ᠶ᠋ᠢᠨ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠶ᠋ᠯᠡᠳᠦᠯᠭᠡ᠎ᠶ᠋ᠢᠨ ᠬᠥᠭ᠌ᠵᠢᠯᠲᠡ᠎ᠶ᠋ᠢᠨ ᠠᠯᠬᠤᠭ᠎ᠠ᠎ᠶ᠋ᠢ ᠴᠢᠩᠭ᠎ᠠ ᠳᠠᠭᠠᠵᠤ᠂ ᠣᠨᠣᠯ᠎ᠤᠨ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠢᠭᠡᠮ᠎ᠦᠨ ᠠᠩᠬᠠᠷᠴᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠠᠰᠠᠭᠤᠯᠲᠠ ᠬᠠᠷᠢᠭᠤᠯᠲᠠ᠎ᠶ᠋ᠢᠨ ᠬᠡᠯᠪᠡᠷᠢ᠎ᠪᠡᠷ ᠰᠢ ᠵᠢᠨ ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭ᠍ᠳᠠᠯ᠂ ᠱᠢᠨᠵᠢᠯᠡᠬᠦ᠌ ᠤᠬᠠᠭᠠᠨᠴᠢ ᠱᠢᠰᠲ᠋ᠧᠮ᠂ ᠭᠤᠤᠯ ᠠᠭᠤᠯᠭ᠎ᠠ᠂ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠱᠢᠰᠲ᠋ᠧᠮ᠎ᠲᠡᠶ᠂ ᠭᠦᠨᠵᠡᠭᠡᠶ ᠪᠥᠭᠡᠳ ᠣᠢᠯᠠᠭᠠᠮᠵᠢᠲᠠᠶ ᠢᠯᠡᠷᠡᠭᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ᠂ ᠣᠯᠠᠨ ᠲᠦᠮᠡᠨ ᠤ᠋ ᠨᠠᠮ᠎ᠤᠨ ᠱᠢᠨ᠎ᠡ᠎ᠡᠭᠦᠳᠦᠯᠳᠡ᠎ᠶᠢᠨ ᠣᠨᠣᠯ᠎ᠢ ᠨᠠᠩ ᠭᠦᠨᠵᠡᠭᠡᠶ ᠰᠤᠷᠤᠯᠴᠠᠨ ᠣᠢᠯᠠᠭᠠᠵᠤ᠂ ᠨᠠᠩ ᠤᠬᠠᠮᠰᠠᠷ ᠡᠴᠡ᠎ᠪᠠᠨ ᠲᠠᠷᠢᠬᠢ ᠲᠣᠯᠣᠭᠠᠶ᠎ᠪᠠᠨ ᠵᠡᠪᠰᠡᠭ᠌ᠯᠡᠵᠦ᠍᠂ ᠦᠶ᠋ᠯᠡᠳᠦᠯᠭᠡ᠎ᠪᠡᠨ ᠵᠢᠯᠣᠭᠣᠳᠣᠭᠤᠯᠵᠤ᠂ ᠠᠵᠢᠯ᠎ᠢᠶᠠᠨ ᠠᠬᠢᠭᠤᠯᠬᠤ᠎ᠳᠦ ᠬᠠᠪᠰᠤᠷᠤᠯᠭ᠎ᠠ ᠪᠤᠯᠭᠠᠪᠠ᠃ 《ᠠᠰᠠᠭᠤᠯᠲᠠ ᠬᠠᠷᠢᠭᠤᠯᠲᠠ》 ᠨᠢ ᠨᠡᠢ᠌ᠳᠡ 14 ᠬᠡᠰᠡᠭ ᠂ 50 ᠠᠰᠠᠭᠤᠯᠳᠠ ᠪᠡᠷ ᠪᠦᠷᠢᠯᠳᠦᠵᠦ᠍᠂ ᠠᠭᠤᠯᠭ᠎ᠠ ᠨᠢ ᠡᠯᠪᠡᠭ ᠪᠠᠶᠠᠯᠢᠭ᠂ ᠬᠡᠯᠪᠡᠷᠢ ᠨᠢ ᠱᠢᠨ᠎ᠡ ᠰᠣᠷᠭᠣᠭ᠂ ᠵᠢᠷᠤᠭ ᠪᠢᠴᠢᠭ ᠢ ᠬᠣᠣᠰᠯᠠᠭᠤᠯᠵᠤ᠂ ᠲᠤᠪᠴᠢ ᠠᠪᠰᠠᠷᠬᠠᠨ ᠣᠢᠯᠠᠭᠠᠮᠵᠢᠲᠠᠢ ᠪᠠᠢᠵᠤ᠂ ᠥᠷᠭᠡᠨ ᠤᠯᠠᠨ ᠨᠠᠮ ᠤᠨ ᠭᠡᠱᠢᠭᠦᠨ᠂ ᠺᠠᠳ᠋ᠷ ᠂ ᠤᠯᠠᠨ ᠲᠦᠮᠡᠨ ᠦ ᠰᠢ ᠵᠢᠨ ᠫᠢᠩ ᠦᠨ ᠠᠵᠤ ᠠᠬᠤᠢ ᠶ᠋ᠢᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠴᠢᠬᠤᠯᠠ ᠬᠠᠪᠰᠤᠷᠤᠮᠵᠢ ᠤᠩᠱᠢᠬᠤ ᠪᠢᠴᠢᠭ ᠪᠣᠯᠤᠨ᠎ᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号