ᠰᠤᠷᠭᠠᠨ ᠬᠥᠮᠦᠵᠢᠯ ᠪᠣᠯ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠠᠭᠤᠷᠢ ᠮᠥᠨ᠃
2025 ᠣᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠶ ᠱᠦᠵᠢ ᠰᠢ ᠵᠢᠨ ᠫᠢᠩ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠳᠤ ᠣᠷᠣᠯᠴᠠᠭ᠍ᠰᠠᠨ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ᠎ᠦᠨ ᠡᠲᠡᠭᠡᠳ᠎ᠦᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠲᠤᠭᠤᠢᠯᠠᠩ ᠬᠠᠮᠳᠤᠷᠠᠬᠰᠡᠨ ᠬᠤᠷᠠᠯ᠎ᠳᠤ ᠣᠷᠣᠯᠴᠠᠵᠤ᠂ ᠣᠯᠠᠨ᠎ᠲᠠᠶ ᠬᠠᠮᠲᠤ᠎ᠪᠠᠷ ᠰᠤᠷᠭᠠᠨ ᠬᠥᠮᠦᠵᠢᠯ᠎ᠦᠨ ᠶᠡᠬᠡ ᠪᠣᠳᠣᠯᠭ᠎ᠠ᠎ᠶ᠋ᠢ ᠵᠥᠪᠳᠡᠯᠴᠡᠵᠦ᠍᠂ 《ᠡᠷᠬᠡᠪᠰᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ᠎ᠤ ᠬᠡᠷᠡᠭ᠌ᠴᠡᠭᠡ᠎ᠶ᠋ᠢ ᠭᠦᠨᠵᠡᠭᠡᠶ ᠡᠵᠡᠮᠳᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠴᠢᠳᠠᠪᠤᠷᠢᠲᠠᠨ᠎ᠳᠤ ᠦᠵᠡᠭᠦᠯᠬᠦ᠌ ᠰᠤᠷᠭᠠᠨ ᠬᠥᠮᠦᠵᠢᠯ᠎ᠦᠨ ᠲᠤᠯᠭᠠᠭᠤᠷᠢᠯᠠᠬᠤ ᠦᠶ᠋ᠯᠡᠳᠦᠯ᠎ᠢ ᠴᠢᠩᠭᠠᠳᠭᠠᠬᠤ ᠬᠡᠷᠡᠭ᠌ᠲᠡᠶ》 ᠭᠡᠵᠦ᠍ ᠴᠢᠬᠤᠯᠠᠴᠢᠯᠠᠪᠠ᠃
ᠨᠢᠭᠡ ᠵᠢᠯ᠎ᠦᠨ ᠲᠤᠷᠰᠢ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠪᠣᠯᠤᠨ ᠥᠷᠭᠡᠨ ᠤᠯᠠᠨ ᠰᠤᠷᠭᠠᠨ ᠬᠥᠮᠦᠵᠢᠯ᠎ᠦᠨ ᠠᠵᠢᠯᠳᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ ᠱᠢᠨ᠎ᠡ ᠠᠬᠢᠴᠠ᠎ᠲᠠᠶ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ᠎ᠳᠤ ᠦᠵᠡᠭᠦᠯᠬᠦ᠌ ᠰᠤᠷᠭᠠᠨ ᠬᠥᠮᠦᠵᠢᠯ᠎ᠦᠨ ᠲᠤᠯᠭᠠᠭᠤᠷᠢᠯᠠᠬᠤ ᠦᠢᠯᠡᠳᠦᠯ᠎ᠢ ᠨᠡᠩ ᠭᠦᠢᠴᠡᠳ ᠢᠯᠡᠷᠡᠭᠦᠯᠵᠦ᠍᠂ ᠡᠷᠳᠡᠮᠲᠡᠨ ᠴᠢᠳᠠᠪᠤᠷᠢᠲᠠᠨ ᠬᠣᠢᠨ᠎ᠠ ᠬᠣᠢᠨ᠎ᠠ᠎ᠡᠴᠡ᠎ᠪᠠᠨ ᠴᠣᠯᠭᠣᠷᠠᠨ ᠭᠠᠷᠬᠤ᠂ ᠬᠥᠮᠦᠨ ᠪᠦᠬᠦᠨ᠎ᠦ ᠴᠢᠳᠠᠪᠤᠷᠢ᠎ᠶ᠋ᠢ ᠭᠦᠢᠴᠡᠳ ᠪᠠᠳᠠᠷᠠᠭᠤᠯᠬᠤ᠂ ᠴᠢᠳᠠᠪᠤᠷᠢ᠎ᠶ᠋ᠢ ᠨᠢ ᠭᠦᠢᠴᠡᠳ ᠪᠠᠳᠠᠷᠠᠭᠤᠯᠬᠤ ᠠᠮᠢᠳᠤᠯᠢᠭ ᠵᠢᠷᠤᠭ᠎ᠢ ᠠᠭᠠᠵᠢᠮ᠎ᠢᠶᠠᠷ ᠳᠡᠯᠭᠡᠨ ᠦᠵᠡᠭᠦᠯᠵᠡᠢ᠃
《ᠦᠵᠡᠯ ᠰᠠᠨᠠᠭ᠎ᠠ ᠤᠯᠤᠰ ᠲᠥᠷᠥ᠎ᠶ᠋ᠢᠨ ᠬᠠᠮ ᠬᠢᠴᠢᠶᠡᠯ》 ᠵᠢᠡᠷ ᠦᠨᠳᠦᠰᠦ᠎ᠶ᠋ᠢ ᠪᠣᠢᠵᠢᠭᠤᠯᠵᠤ ᠰᠥᠭ ᠰᠦᠨᠡᠰᠦ᠎ᠶ᠋ᠢ ᠱᠤᠭᠤᠪᠠ
ᠶᠠᠮᠠᠷ ᠬᠥᠮᠦᠨ᠎ᠢ ᠬᠥᠮᠦᠵᠢᠭᠦᠯᠬᠦ᠌᠂ ᠬᠥᠮᠦᠨ᠎ᠢ ᠬᠡᠷᠬᠢᠨ ᠬᠥᠮᠦᠵᠢᠭᠦᠯᠬᠦ᠌᠂ ᠬᠡᠨ᠎ᠦ ᠲᠥᠯᠥᠭᠡ ᠬᠥᠮᠦᠵᠢᠭᠦᠯᠬᠦ᠌ ᠪᠣᠯ ᠰᠤᠷᠭᠠᠨ ᠬᠥᠮᠦᠵᠢᠯ᠎ᠦᠨ ᠦᠨᠳᠦᠰᠦᠨ ᠠᠰᠠᠭᠤᠳᠠᠯ ᠮᠥᠨ᠂ ᠪᠠᠰᠠ ᠴᠤ᠌ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠶ᠋ᠢᠨ ᠭᠣᠣᠯ ᠰᠡᠳᠦᠪ ᠮᠥᠨ᠃
《ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ ᠡᠷᠬᠡᠪᠰᠢ ᠰᠤᠷᠭᠠᠭᠤᠯᠢ ᠡᠷᠬᠢᠯᠡᠬᠦ᠌ ᠵᠥᠪ ᠴᠢᠭ᠌ᠯᠡᠯ᠎ᠢ ᠪᠠᠷᠢᠮᠲᠠᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠦᠬᠦ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠬᠦ᠌ ᠬᠡᠷᠡᠭ᠌ᠲᠡᠢ》᠃ 2025 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠢᠭᠤᠯᠤᠯᠲᠠ ᠪᠠ ᠶᠣᠰᠣ ᠰᠤᠷᠲᠠᠬᠤᠨ᠎ᠤ ᠬᠥᠮᠦᠵᠢᠯ᠎ᠦᠨ ᠠᠵᠢᠯ᠎ᠤᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃
ᠶᠡᠷᠦᠩᠬᠡᠢ ᠱᠦᠵᠢ ᠰᠢ ᠵᠢᠨ ᠫᠢᠩ᠎ᠦᠨ ᠱᠠᠭᠠᠷᠳᠠᠯᠭ᠎ᠠ᠎ᠶ᠋ᠢ ᠬᠡᠷᠬᠢᠨ ᠰᠠᠢᠲᠤᠷ ᠲᠤᠭᠤᠱᠢᠯᠠᠭᠤᠯᠵᠤ᠂ ᠰᠠᠢᠲᠤᠷ ᠨᠠᠢᠳᠠᠪᠤᠷᠢᠵᠢᠭᠤᠯᠵᠤ᠂ ᠶᠣᠰᠣ ᠰᠤᠷᠲᠠᠬᠤᠨ᠎ᠤ ᠬᠥᠮᠦᠵᠢᠯ᠎ᠦᠨ ᠠᠵᠢᠯ᠎ᠢ ᠬᠡᠷᠬᠢᠨ ᠨᠡᠩ ᠪᠣᠳᠠᠲᠠᠢ᠂ ᠨᠡᠩ ᠪᠦᠲᠦᠮᠵᠢᠲᠡᠢ ᠬᠢᠬᠦ᠌ ᠪᠤᠢ? ᠬᠤᠨᠠᠨ᠎ᠤ ᠨᠢᠭᠡᠳᠦᠭᠡᠷ ᠪᠠᠭ᠍ᠰᠢ᠎ᠶ᠋ᠢᠨ ᠳᠡᠭᠡᠳᠦ ᠰᠤᠷᠭᠠᠭᠤᠯᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠦᠨ 《ᠵᠢᠵᠢᠭ ᠬᠢᠴᠢᠶᠡᠯ᠎ᠦᠨ ᠲᠠᠩᠬᠢᠮ 》 ᠪᠣᠯᠤᠨ ᠨᠡᠢᠭᠡᠮ᠎ᠦᠨ 《ᠶᠡᠬᠡ ᠬᠢᠴᠢᠶᠡᠯ᠎ᠦᠨ ᠲᠠᠩᠬᠢᠮ》 ᠢ᠋ ᠪᠦᠲᠦᠮᠵᠢᠲᠡᠢ ᠠᠭᠤᠰᠤᠯᠴᠠᠭᠤᠯᠪᠠ᠃
2025 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠲᠡᠭᠦᠰᠦᠬᠡᠳ ᠳᠡᠮᠡᠶ ᠤᠳᠠᠬᠰᠠᠨ ᠥᠬᠡᠶ᠂ 《ᠨᠢᠭᠡᠳᠦᠭᠡᠷ ᠪᠠᠭ᠍ᠰᠢ᠎ᠶ᠋ᠢᠨ ᠲᠡᠭᠡᠳᠤ ᠰᠤᠷᠭᠠᠭᠤᠯᠢ》᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠲᠠᠩᠬᠢᠮ᠎ᠤᠨ ᠠᠯᠪᠠᠨ᠎ᠤ ᠲᠠᠯ᠎ᠠ᠎ᠶ᠋ᠢᠨ ᠤᠷᠢᠳᠴᠢᠯᠠᠨ ᠪᠣᠯᠵᠣᠬᠤ ᠠᠷᠭ᠎ᠠ ᠵᠠᠮ᠎ᠢ 3 ᠰᠠᠷ᠎ᠠ᠎ᠶ᠋ᠢᠨ 13 ᠤ᠋ ᠡᠳᠦᠷ ᠵᠢᠩᠬᠢᠨᠢ᠎ᠪᠡᠷ ᠠᠰᠢᠬᠯᠠᠯᠳᠠ ᠳ᠋ᠤ ᠣᠷᠣᠭᠤᠯᠵᠤ᠂ ᠠᠩᠬᠠᠨ᠎ᠤ ᠲᠠᠯᠠᠪᠤᠷ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠬᠢᠴᠢᠶᠡᠯ᠎ᠦᠨ ᠲᠠᠩᠬᠢᠮ᠎ᠤᠨ 100 ᠣᠷᠣᠨ ᠲᠣᠭ᠎ᠠ᠎ᠶ᠋ᠢ ᠲᠣᠰ ᠡᠳᠦᠷ ᠵᠠᠬᠢᠶᠠᠯᠠᠵᠤ ᠲᠠᠭᠤᠰᠪᠠ᠃ ᠶᠡᠬᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠬᠣᠢᠨ᠎ᠠ ᠬᠣᠢᠨ᠎ᠠ᠎ᠡᠴᠡ᠎ᠪᠠᠨ ᠡᠨᠡ ᠬᠦ᠌ ᠬᠦᠨᠵᠡᠭᠡᠢ ᠪᠠᠶᠠᠴᠢᠯᠡᠨ ᠤᠢᠯᠠᠭᠠᠬᠤ ᠮᠠᠶᠢᠭ ᠤ᠋ᠨ 《ᠦᠵᠡᠯ ᠰᠠᠨᠠᠭ᠎ᠠ ᠤᠯᠤᠰ ᠲᠥᠷᠥ᠎ᠶ᠋ᠢᠨ ᠬᠠᠮ ᠬᠢᠴᠢᠶᠡᠯ》 ᠳᠡᠭᠡᠷ᠎ᠡ ᠢᠷᠡᠵᠦ᠍᠂ ᠵᠠᠭᠤᠨ ᠵᠢᠯ᠎ᠦᠨ ᠡᠮᠦᠨᠡᠬᠢ ᠰᠤᠷᠤᠭ᠍ᠴᠢᠳ᠎ᠤᠨ ᠰᠠᠢᠨ ᠪᠠᠭ᠍ᠰᠢ ᠵᠢ ᠡᠷᠢᠵᠦ᠍᠂ ᠠᠦᠭ᠎ᠠ ᠶᠡᠬᠡ ᠬᠦᠰᠡᠯ ᠵᠣᠷᠢᠭ᠎ᠢ ᠡᠪᠦᠷᠯᠡᠭ᠌ᠰᠡᠨ ᠵᠠᠯᠠᠭᠤ ᠨᠠᠰᠤᠨ᠎ᠤ ᠴᠠᠭ ᠦᠶ᠎ᠡ᠎ᠶ᠋ᠢ ᠣᠢᠯᠠᠭᠠᠪᠠ᠃
ᠨᠢᠭᠡ ᠵᠢᠯ᠎ᠦᠨ ᠲᠤᠷᠰᠢ᠂ ᠰᠤᠷᠭᠠᠭᠤᠯᠢ᠎ᠶ᠋ᠢᠨ ᠳᠣᠲᠣᠨ᠎ᠠ᠎ᠡᠴᠡ ᠰᠤᠷᠭᠠᠭᠤᠯᠢ᠎ᠶ᠋ᠢᠨ ᠭᠠᠳᠠᠨ᠎ᠠ ᠬᠦᠷᠲᠡᠯ᠎ᠡ᠂ ᠨᠢᠭᠡᠳᠦᠭᠡᠷ ᠪᠠᠭ᠍ᠰᠢ᠎ᠶ᠋ᠢᠨ ᠲᠡᠭᠡᠳᠤ ᠰᠤᠷᠭᠠᠭᠤᠯᠢ᠎ᠶ᠋ᠢᠨ 《ᠦᠵᠡᠯ ᠰᠠᠨᠠᠭ᠎ᠠ ᠤᠯᠤᠰ ᠲᠦᠷᠦ᠍᠎ᠶ᠋ᠢᠨ ᠬᠠᠮ ᠬᠢᠴᠢᠶᠡᠯ》 ᠤ᠋ᠨ ᠦᠢᠯᠡᠳᠦᠯᠭᠡ ᠨᠡᠩ ᠪᠠᠶᠠᠯᠢᠭ᠍ᠵᠢᠪᠠ᠄ ᠰᠤᠷᠤᠭ᠍ᠴᠢᠳ ᠱᠤᠤᠱᠠᠨ ᠵᠡᠷᠭᠡ ᠭᠠᠵᠠᠷ᠎ᠲᠤ ᠬᠦᠷᠴᠦ᠍᠂ ᠬᠤᠪᠢᠰᠭᠠᠯ᠎ᠤᠨ ᠵᠣᠷᠢᠭ ᠰᠠᠨᠠᠭ᠎ᠠ ᠪᠠᠷ ᠦᠪᠡᠷ᠎ᠢ ᠪᠠᠨ ᠳᠠᠪᠲᠠᠨ ᠪᠤᠯᠪᠠᠰᠤᠷᠠᠭᠤᠯᠪᠠ; ᠪᠠᠰᠠ ᠬᠡᠭᠡᠷ᠎ᠡ᠎ᠶ᠋ᠢᠨ ᠪᠠᠢᠴᠠᠭᠠᠯᠲᠠ ᠬᠢᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠤᠯᠤᠰ ᠣᠷᠣᠨ᠎ᠤ ᠬᠥᠭ᠌ᠵᠢᠯᠲᠡ᠎ᠶ᠋ᠢ ᠣᠢᠯᠠᠭᠠᠵᠤ᠂ ᠴᠠᠭ ᠦᠶ᠎ᠡ᠎ᠶ᠋ᠢᠨ ᠪᠠᠢᠳᠠᠯ᠎ᠢ ᠣᠢᠯᠠᠭᠠᠪᠠ᠃
ᠬᠤᠨᠠᠨ᠎ᠤ ᠨᠢᠭᠡᠳᠦᠭᠡᠷ ᠪᠠᠭ᠍ᠰᠢ᠎ᠶ᠋ᠢᠨ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠦᠨ ᠲᠤᠰᠭᠠᠢ ᠮᠡᠷᠭᠡᠵᠢᠯ᠎ᠦᠨ ᠰᠤᠷᠤᠭ᠍ᠴᠢ ᠫᠸᠩ ᠢ ᠷᠦᠩ᠂ ᠡᠯᠪᠡᠭ ᠪᠠᠶᠠᠯᠢᠭ ᠠᠭᠤᠯᠭ᠎ᠠ ᠪᠦᠬᠦᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠦᠨ ᠲᠠᠩᠬᠢᠮ ᠨᠢ ᠵᠠᠯᠠᠭᠤ ᠰᠤᠷᠤᠭ᠍ᠴᠢᠳ᠎ᠤᠨ ᠬᠦᠰᠡᠯᠡᠩ ᠢᠲᠡᠭᠡᠯ ᠪᠢᠱᠢᠷᠡᠯ᠎ᠢ ᠨᠡᠩ ᠪᠠᠲᠤ ᠴᠢᠩᠭ᠎ᠠ ᠪᠣᠯᠭᠠᠪᠠ᠃ 《ᠠᠬᠠᠮᠠᠳ ᠦᠶ᠎ᠡ᠎ᠶ᠋ᠢᠨ ᠬᠢᠨ᠎ᠦ ᠵᠤᠷᠢᠭ ᠰᠢᠭᠤᠳᠤᠨ ᠤᠯᠤᠰ᠎ᠢᠶᠠᠨ ᠠᠪᠤᠷᠠᠵᠤ ᠠᠷᠠᠳ ᠲᠦᠮᠡᠨ᠎ᠢᠶᠡᠨ ᠠᠪᠤᠷᠠᠬᠰᠡᠨᠭᠠᠵᠠᠷᠢᠶᠠᠷ ᠶᠠᠪᠤᠵᠤ᠂ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠭᠡᠷᠡᠴᠢᠯᠡᠵᠦ᠍᠂ ᠲᠡᠦᠬᠡ ᠪᠣᠯᠤᠨ ᠴᠠᠭ ᠦᠶ᠎ᠡ᠎ᠡᠴᠡ ᠤᠯᠭᠤᠬᠰᠠᠨ ᠬᠠᠷᠢᠭᠤᠴᠠᠯᠭᠠᠲᠤ ᠰᠡᠳᠭᠢᠯᠭᠡ ᠬᠢᠵᠠᠭᠠᠯᠠᠰᠢ ᠦᠭᠡᠢ ᠦᠨᠡᠨ ᠪᠣᠳᠠᠲᠠᠢ ᠪᠣᠯᠵᠠᠢ》 ᠬᠡᠪᠡ᠃
ᠶᠡᠷᠦᠩᠬᠡᠶ ᠱᠦᠵᠢ ᠰᠢ ᠵᠢᠨ ᠫᠢᠩ᠎ᠦᠨ ᠬᠠᠯᠠᠮᠵᠢᠯᠠᠯ ᠪᠠ ᠠᠬᠢᠭᠤᠯᠤᠯ ᠳᠤᠤᠷ᠎ᠠ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠴᠥᠮ 《ᠦᠵᠡᠯ ᠰᠠᠨᠠᠭ᠎ᠠ ᠤᠯᠤᠰ ᠲᠥᠷᠥ᠎ᠶ᠋ᠢᠨ ᠬᠠᠮ ᠬᠢᠴᠢᠶᠡᠯ》 ᠵᠢᠡᠷ ᠦᠨᠳᠦᠰᠦ᠎ᠶ᠋ᠢ ᠪᠤᠢᠵᠢᠭᠤᠯᠵᠤ ᠰᠦᠭ ᠰᠦᠨᠡᠰᠦ᠎ᠶ᠋ᠢ ᠱᠤᠭᠤᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠵᠢ ᠴᠢᠩᠭᠠᠳᠬᠠᠪᠠ᠃
ᠪᠡᠭᠡᠵᠢᠩ᠂ ᠲᠢᠶᠠᠨᠵᠢᠨ᠂ ᠾᠸᠪᠸᠢ ᠭᠤᠷᠪᠠᠨ ᠭᠠᠵᠠᠷ ᠬᠠᠮᠳᠤᠷᠠᠨ ᠪᠡᠭᠡᠵᠢᠩ ᠲᠢᠶᠠᠨᠵᠢᠨ ᠾᠸᠪᠸᠢ ᠵᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠦᠨ ᠦᠢᠯᠡᠳᠦᠯᠭᠡ ᠵᠢᠭᠠᠨ ᠰᠤᠷᠭᠠᠯᠲᠠ᠎ᠶ᠋ᠢᠨ ᠬᠠᠮᠵᠢᠯᠴᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠵᠤ᠂ ᠭᠠᠨᠰᠦ 《ᠤᠷᠳᠤ ᠵᠠᠮ᠎ᠤᠨ ᠠᠶᠠᠨ ᠲᠠᠢ᠌ᠨ᠎ᠦ ᠵᠠᠮ᠎ᠢᠶᠠᠷ ᠲᠠᠬᠢᠨ ᠵᠠᠮᠨᠠᠬᠤ》᠂ ᠨᠢᠩᠱᠢᠶᠠ᠎ᠶ᠋ᠢᠨ ᠬᠦ᠋ ᠶᠤᠸᠠᠨ 《ᠬᠠᠩᠰᠢ᠎ᠶ᠋ᠢᠨ ᠡᠳᠦᠷ ᠦᠷᠡᠭ᠌ᠳᠡᠭ᠌ᠰᠡᠨ ᠪᠠᠭᠠᠲᠤᠷᠴᠤᠳ᠎ᠢᠶᠠᠨ ᠲᠠᠬᠢᠬᠤ》 ᠵᠡᠷᠭᠡ ᠠᠯᠢ ᠤᠯᠠᠨ 《ᠠᠶᠠᠯᠠᠯ ᠤ᠋ᠨ ᠬᠡᠯᠪᠡᠷᠢ ᠵᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ》 ᠤ᠋ᠨ ᠲᠦᠷᠦᠯ ᠲᠡᠮᠳᠡᠭ᠎ᠢ ᠴᠤᠬᠴᠠᠯᠠᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠦᠨ ᠥᠭᠡᠷᠡᠴᠢᠯᠡᠯᠲᠡ ᠱᠢᠨᠡᠴᠢᠯᠡᠯᠲᠡ᠎ᠶ᠋ᠢ ᠦᠷᠭᠦᠯᠵᠢᠯᠡᠨ ᠴᠢᠩᠭᠠᠳᠭᠠᠪᠠ᠃
ᠨᠢᠳᠤᠨᠤᠨ᠎ᠤ 9 ᠰᠠᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠯᠤᠭᠡ ᠬᠠᠮᠲᠤᠷᠠᠨ ᠥᠷᠨᠢᠭᠦᠯᠦᠭ᠌ᠰᠡᠨ 《ᠶᠠᠫᠣᠨ ᠢ ᠡᠰᠡᠷᠭᠦᠴᠡᠬᠦ᠌ ᠲᠡᠢᠨ᠎ᠦ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠢᠷᠠᠭᠤ ᠠᠯᠳᠠᠷᠲᠤ ᠣᠮᠣᠭ᠍ᠰᠢᠯ ᠲᠠᠢ ᠳᠤᠮᠳᠠᠳᠤ ᠤᠯᠤᠰ᠎ᠤᠨ ᠬᠥᠮᠦᠨ ᠪᠤᠯᠤᠶ᠎ᠠ》 ᠭᠡᠬᠦ᠌ ᠦᠵᠡᠯ ᠰᠠᠨᠠᠭ᠎ᠠ ᠤᠯᠤᠰ ᠲᠥᠷᠥ᠎ᠶ᠋ᠢᠨ ᠬᠠᠮ ᠬᠢᠴᠢᠶᠡᠯ ᠳ᠋ᠤ ᠨᠠᠩ ᠴᠤ᠌ ᠪᠥᠬᠥ᠌ ᠤᠯᠤᠰ᠎ᠤᠨ 20 ᠭᠠᠷᠤᠶ ᠲᠦᠮᠡᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ 1.5 ᠳ᠋ᠦᠩᠱᠢᠭᠤᠷ ᠰᠢᠬᠠᠮ ᠪᠠᠭ᠍ᠰᠢ ᠰᠤᠷᠤᠭ᠍ᠴᠢᠳᠣᠷᠣᠯᠴᠠᠵᠠᠢ᠃
ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠪᠣᠳᠠᠲᠤ ᠬᠡᠷᠡᠭ᠌ᠴᠡᠭᠡ᠎ᠳᠦ ᠬᠠᠷᠢᠭᠤᠯᠲᠠ ᠥᠭ᠌ᠪᠠ
ᠶᠡᠷᠦᠩᠬᠡᠶ ᠱᠦᠵᠢ ᠰᠢ ᠵᠢᠨ ᠫᠢᠩ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ ᠵᠢ ᠠᠩᠬᠠᠷᠤᠨ ᠬᠠᠯᠠᠮᠵᠢᠯᠠᠬᠰᠠᠭᠠᠷ ᠢᠷᠡᠪᠡ᠃ 2025 ᠣᠨ᠎ᠤ 3 ᠰᠠᠷ᠎ᠠ᠎ᠶ᠋ᠢᠨ 6 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠤᠯᠤᠰ ᠲᠥᠷᠥ᠎ᠶ᠋ᠢᠨ ᠵᠥᠪᠯᠡᠯᠭᠡᠨ᠎ᠦ ᠲᠤᠭᠤᠢᠯᠠᠩ ᠬᠠᠮᠳᠤᠷᠠᠬᠰᠡᠨ ᠬᠤᠷᠠᠯ᠎ᠳᠤ ᠣᠷᠣᠯᠴᠠᠪᠠ᠂ ᠬᠤᠷᠠᠯ ᠲᠡᠭᠡᠷ᠎ᠠ ᠬᠠᠮᠤᠭ ᠤ᠋ᠨ ᠲᠦᠷᠦᠬᠦᠨ ᠳ᠋ᠤ ᠦᠭᠡ ᠬᠡᠯᠡᠭᠰᠡᠨ ᠨᠢ ᠲᠠᠷᠤᠢ ᠡᠾᠸᠪᠸᠢ ᠵᠢᠨ ᠵᠠᠮ ᠬᠠᠷᠢᠯᠴᠠᠭᠠᠨ᠎ᠤ ᠠᠵᠢᠯ ᠮᠡᠷᠬᠡᠵᠢᠯ᠎ᠤᠨ ᠲᠡᠬᠡᠳᠤ ᠰᠤᠷᠭᠠᠭᠤᠯᠢ ᠵᠢᠨ ᠲᠡᠳ᠋ ᠵᠠᠬᠢᠷᠤᠯ ᠶᠠᠩ ᠶᠦᠨ ᠺᠠᠢ ᠪᠤᠯᠤᠨ᠎ᠠ᠃
《ᠴᠢᠳᠠᠪᠤᠷᠢᠲᠠᠨ᠎ᠤ ᠠᠵᠢᠯ ᠲᠤᠮᠳᠠ ᠬᠠᠩᠭᠠᠯᠭ᠎ᠠ ᠬᠡᠷᠡᠭ᠌ᠴᠡᠭᠡ᠎ᠶ᠋ᠢᠨ ᠬᠠᠷᠢᠴᠠᠭ᠎ᠠ᠎ᠶ᠋ᠢᠨ ᠬᠤᠪᠢᠷᠠᠯᠲᠠ ᠬᠡᠵᠤ ᠪᠤᠢ᠂ ᠡᠨᠡ ᠲᠤᠬᠠᠢ ᠰᠤᠷᠭᠠᠨ ᠬᠥᠮᠦᠵᠢᠯᠤᠷᠢᠳ ᠵᠢᠡᠷ ᠪᠤᠳᠤᠵᠤ ᠤᠯᠬᠤ ᠬᠡᠷᠡᠭᠳᠡᠢ ᠪᠦᠬᠡᠳ ᠤᠷᠢᠳᠴᠢᠯᠠᠨ ᠬᠢᠬᠦ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠤᠷᠢᠳᠴᠢᠯᠠᠨ ᠰᠠᠢᠲᠤᠷ ᠲᠥᠯᠥᠪᠵᠢᠭᠦᠯᠵᠦ᠍᠂ ᠥᠭᠡᠷᠡᠴᠢᠯᠡᠯᠲᠡ᠎ᠪᠡᠷ ᠪᠣᠳᠠᠲᠤ ᠬᠡᠷᠡᠭ᠌ᠴᠡᠭᠡ᠎ᠳᠦ ᠵᠣᠬᠢᠴᠠᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
ᠵᠠᠩ ᠶᠦᠨ ᠺᠠᠶ ᠰᠤᠷᠪᠤᠯᠵᠢᠯᠠᠭ᠍ᠴᠢ᠎ᠳᠤ᠂ ᠮᠠᠨ᠎ᠤ ᠰᠤᠷᠭᠠᠭᠤᠯᠢ ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠣᠷᠣᠨ ᠪᠦᠰᠡ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠨᠢᠭ᠍ᠲᠠ ᠮᠥᠷᠳᠡᠵᠦ᠍᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠠᠵᠢᠯ ᠲᠥᠷᠥᠯ᠎ᠦᠨ ᠨᠡᠢᠭᠡᠮᠯᠢᠭ᠂ ᠲᠠᠭᠠᠭᠤᠯᠤᠬᠴᠢ ᠠᠵᠤ ᠠᠬᠤᠢᠯᠠᠯ᠎ᠯᠤᠭ᠎ᠠ ᠬᠠᠮᠲᠤᠷᠠᠨ ᠪᠠᠢᠴᠠᠭᠠᠨ ᠰᠤᠳᠤᠯᠤᠯᠲᠠ ᠥᠷᠨᠢᠭᠦᠯᠬᠦ᠌᠎ᠶ᠋ᠢᠨ ᠵᠡᠷᠭᠡ ᠪᠡᠷ ᠴᠠᠭ ᠲᠤᠬᠠᠶ᠎ᠳᠤᠨᠢ ᠱᠢᠨ᠎ᠡ ᠮᠡᠷᠭᠡᠵᠢᠯ᠂ ᠱᠢᠨ᠎ᠡ ᠭᠠᠷ ᠤᠷᠠᠯᠠᠯ᠎ᠢ ᠬᠢᠴᠢᠶᠡᠯ᠎ᠦᠨ ᠠᠭᠤᠯᠭ᠎ᠠ᠎ᠳᠤ ᠠᠭᠤᠰᠭᠠᠨ ᠣᠷᠣᠭᠤᠯᠵᠤ᠂ ᠲᠤᠰᠭᠠᠶ ᠮᠡᠷᠭᠡᠵᠢᠯ᠎ᠦᠨ ᠲᠣᠬᠢᠷᠠᠭᠤᠯᠤᠯᠲᠠ ᠬᠢᠭᠡᠳ ᠠᠵᠤ ᠦᠶ᠋ᠯᠡᠰ᠎ᠦᠨ ᠬᠡᠷᠡᠭ᠌ᠴᠡᠭᠡ ᠶ᠋ᠢᠨ ᠵᠥᠷᠢᠶ᠎ᠡ᠎ᠶ᠋ᠢ ᠬᠠᠮᠤᠭ᠎ᠤᠨ ᠪᠠᠭ᠎ᠠ ᠪᠣᠯᠭᠠᠬᠤ᠎ᠶ᠋ᠢ ᠦᠨᠡᠨ ᠬᠦ᠌ ᠪᠠᠲᠤᠯᠠᠨ᠎ᠠ ᠭᠡᠵᠤ ᠲᠠᠨᠢᠯᠴᠠᠭᠤᠯᠪᠠ᠃
ᠥᠭᠡᠷᠡᠴᠢᠯᠡᠯᠲᠡ ᠬᠢᠬᠦ᠌᠎ᠳᠦ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠣᠳᠠᠲᠤ ᠬᠡᠷᠡᠭ᠌ᠴᠡᠭᠡ᠎ᠶ᠋ᠢ ᠪᠣᠳᠣᠯᠬᠢᠯᠠᠬᠤᠪᠦᠭᠡᠳ ᠬᠥᠮᠦᠨ ᠠᠮᠠ᠎ᠶ᠋ᠢᠨ ᠪᠦᠲᠦᠴᠡ᠎ᠶ᠋ᠢᠨ ᠬᠤᠪᠢᠷᠠᠯᠲᠠ᠎ᠳᠤ ᠵᠣᠬᠢᠴᠠᠬᠤ᠎ᠶ᠋ᠢ ᠴᠤ᠌ ᠴᠢᠬᠤᠯᠠᠴᠢᠯᠠᠬᠤ ᠬᠡᠷᠡᠭ᠌ᠲᠡᠢ᠃
《ᠨᠢᠳᠤᠨᠤᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠶ ᠱᠦᠵᠢ 〈ᠨᠠᠩ ᠵᠦᠶ ᠵᠣᠬᠢᠰᠲᠠᠶ ᠥᠨᠳᠥᠷ ᠪᠦᠲᠦᠮᠵᠢᠲᠡᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠬᠦ᠌〉 ᠲᠤᠬᠠᠶ ᠱᠠᠭᠠᠷᠳᠠᠯᠭ᠎ᠠ ᠳᠤᠷᠠᠳᠪᠠ》᠃ ᠭᠤᠯᠤᠭ᠎ᠤᠨ ᠱᠢᠨᠢᠩᠦᠨ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠵᠠᠬᠢᠷᠤᠯ ᠽᠸᠩ ᠴᠢᠶᠠᠩ᠄ 《ᠣᠳᠣᠬᠠᠨ᠎ᠳᠤ ᠰᠤᠷᠬᠤ ᠨᠠᠰᠤᠨ᠎ᠤ ᠬᠥᠮᠦᠨ ᠠᠮᠠ᠎ᠶ᠋ᠢᠨ ᠬᠡᠪᠴᠢᠶᠡᠨ᠎ᠦ ᠬᠤᠪᠢᠷᠠᠯᠲᠠ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ ᠨᠢ ᠰᠤᠷᠭᠠᠨ ᠬᠥᠮᠦᠵᠢᠯ᠎ᠳᠦ ᠱᠢᠨ᠎ᠡ ᠦᠷᠢᠰᠦᠯᠳᠦᠭᠡᠨ᠎ᠢ ᠠᠪᠴᠢᠷᠠᠬᠰᠠᠨ ᠪᠠᠢᠨ᠎ᠠ᠃ ᠶᠡᠷᠦᠩᠬᠡᠢ ᠱᠦᠵᠢ᠎ᠶ᠋ᠢᠨ ᠬᠠᠯᠠᠮᠵᠢᠯᠠᠯ ᠨᠢ ᠮᠠᠨ᠎ᠤ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠌ ᠢᠲᠡᠭᠡᠯ ᠵᠣᠷᠢᠭ᠎ᠢ ᠤᠯᠠᠮ ᠬᠥᠪᠴᠢᠯᠡᠵᠡᠢ》 ᠭᠡᠪᠡ᠃
ᠡᠨᠡ ᠬᠦ᠌ ᠱᠠᠩᠬᠠᠶ᠎ᠡᠴᠡ ᠠᠵᠢᠯ ᠲᠥᠷᠥᠯ᠎ᠢᠶᠡᠷ ᠬᠠᠪᠰᠤᠷᠤᠨ ᠪᠠᠢᠭᠤᠯᠤᠭ᠍ᠰᠠᠨ ᠰᠤᠷᠭᠠᠭᠤᠯᠢ ᠨᠢ 2019 ᠣᠨ᠎ᠳᠤ ᠰᠤᠷᠭᠠᠭᠤᠯᠢ ᠡᠬᠢᠯᠡᠭ᠌ᠰᠡᠨ᠎ᠡᠴᠡ ᠨᠠᠭᠠᠰᠢ᠂ ᠥᠨᠳᠥᠷᠯᠢᠭ᠎ᠦᠨ ᠮᠠᠯᠵᠢᠬᠤ ᠣᠷᠣᠨ᠎ᠤ ᠰᠣᠷᠣᠭ᠍ᠴᠢ᠎ᠶ᠋ᠢ ᠨᠡᠢᠲᠡ 2000 ᠭᠠᠷᠤᠶ ᠡᠯᠰᠡᠪᠠ᠂ ᠡᠭᠦᠨ᠎ᠳᠦ ᠣᠯᠠᠩᠬᠢ ᠨᠢ ᠲᠡᠯᠡᠶ᠎ᠶ᠋ᠢᠨ ᠲᠦᠪᠱᠢᠨ᠎ᠡᠴᠡ 4200 ᠮᠧᠲ᠋ᠷ ᠳᠠᠪᠠᠭ᠍ᠰᠠᠨ ᠭᠤᠯᠤᠭ᠎ᠤᠨ ᠮᠠᠯᠵᠢᠬᠤ ᠣᠷᠣᠨ᠎ᠡᠴᠡ ᠢᠷᠡᠵᠦ᠍᠂ ᠥᠨᠳᠥᠷᠯᠢᠭ᠎ᠦᠨ ᠰᠤᠷᠤᠭ᠍ᠴᠢᠳ᠎ᠲᠤ ᠢᠷᠡᠭᠡᠳᠦᠶ᠎ᠳᠦ ᠨᠡᠪᠲᠡᠷᠡᠬᠦ᠌ ᠬᠥᠭᠥᠷᠭᠡ ᠵᠢ ᠲᠠᠯᠪᠢᠵᠤ ᠥᠭ᠌ᠴᠡᠶ᠃
ᠥᠩᠭᠡᠷᠡᠭ᠌ᠰᠡᠨ ᠨᠢᠭᠡ ᠵᠢᠯ᠎ᠳᠦ᠂ ᠭᠤᠯᠤᠭ᠎ᠤᠨ ᠱᠢᠨᠢᠩᠦᠨ ᠦᠨᠳᠦᠰᠦᠲᠡᠨ᠎ᠦ ᠳᠤᠮᠳᠠᠳᠤ ᠰᠤᠷᠭᠠᠭᠤᠯᠢ ᠴᠥᠭᠡᠨ ᠪᠤᠰᠤ ᠱᠢᠨ᠎ᠡ ᠬᠤᠪᠢᠷᠠᠯᠲᠠ᠎ᠲᠠᠶ ᠪᠣᠯᠵᠠᠶ᠄ ᠰᠤᠷᠭᠠᠭᠤᠯᠢ᠎ᠳᠤ ᠣᠶᠤᠨᠴᠢ ᠵᠢᠭᠠᠨ ᠰᠤᠷᠭᠠᠯᠲᠠ᠎ᠶ᠋ᠢᠨ ᠦᠵᠦᠭᠦᠷᠯᠢᠭ ᠪᠠ ᠲᠤᠷᠱᠢᠯᠲᠠ᠎ᠶ᠋ᠢᠨ ᠳᠠᠭᠤᠷᠢᠶᠠᠮᠠᠯ ᠲᠥᠬᠥᠭᠡᠷᠦᠮᠵᠢ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ ᠱᠢᠨ᠎ᠡ ᠨᠢᠭᠡ ᠪᠦᠯᠦᠭ ᠱᠢᠯᠢᠳᠡᠭ ᠪᠠᠭ᠍ᠰᠢ ᠱᠠᠩᠬᠠᠶ᠎ᠡᠴᠡ ᠢᠷᠡᠵᠦ᠍ ᠬᠠᠪᠰᠤᠷᠤᠨ ᠲᠡᠳᠬᠦᠵᠦ᠍᠂ ᠬᠢᠮᠢ᠂ ᠪᠡᠶ᠎ᠡ᠎ᠶ᠋ᠢᠨ ᠲᠠᠮᠢᠷ ᠵᠡᠷᠭᠡ ᠣᠯᠠᠨ ᠱᠢᠨᠵᠢᠯᠡᠭᠡᠨ᠎ᠦ ᠰᠠᠯᠠᠭ᠎ᠠ᠎ᠶ᠋ᠢ ᠬᠠᠮᠤᠷᠴᠤ᠌᠂ ᠲᠡᠷᠢᠭᠦᠨ᠎ᠦ ᠵᠢᠭᠠᠨ ᠰᠤᠷᠭᠠᠯᠲᠠ᠎ᠶ᠋ᠢᠨ ᠣᠢᠯᠠᠭᠠᠭ᠍ᠳᠠᠬᠤᠨ᠎ᠢ ᠨᠠᠢᠳᠠᠪᠤᠷᠢᠵᠢᠭᠤᠯᠪᠠ᠃
ᠨᠢᠭᠡ ᠵᠢᠯ᠎ᠦᠨ ᠲᠤᠷᠰᠢ᠂ ᠰᠠᠭᠤᠷᠢ ᠰᠤᠷᠭᠠᠨ ᠬᠥᠮᠦᠵᠢᠯ᠎ᠡᠴᠡ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠬᠦᠷᠲᠡᠯ᠎ᠡ᠂ ᠳᠠᠬᠢᠭᠠᠳ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠬᠦᠷᠲᠡᠯ᠎ᠡ᠂ ᠡᠯ᠎ᠡ ᠱᠠᠲᠤ ᠡᠯ᠎ᠡ ᠲᠥᠷᠥᠯ᠎ᠦᠨ ᠰᠤᠷᠭᠠᠨ ᠬᠥᠮᠦᠵᠢᠯ ᠨᠢ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠬᠥᠮᠦᠨ ᠬᠥᠮᠦᠵᠢᠭᠦᠯᠬᠦ᠌ ᠣᠷᠴᠢᠨ ᠨᠥᠬᠥᠴᠡᠯ ᠲᠠᠰᠤᠷᠠᠯᠲᠠ ᠥᠬᠡᠶ ᠱᠢᠯᠢᠳᠡᠭ᠌ᠵᠢᠵᠦ᠍᠂ ᠴᠣ ᠱᠢᠨ᠎ᠡ ᠳᠦᠷᠰᠦ ᠪᠠᠢᠳᠠᠯ᠎ᠲᠠᠶ ᠪᠣᠯᠪᠠ᠃
ᠰᠤᠷᠬᠤ ᠨᠠᠰᠤᠨ᠎ᠡᠴᠡ ᠡᠮᠦᠨᠡᠬᠢ ᠨᠢᠭᠡ ᠵᠢᠯ᠎ᠦᠨ ᠠᠰᠠᠷᠠᠨ ᠬᠥᠮᠦᠵᠢᠭᠦᠯᠬᠦ᠌ ᠵᠠᠷᠤᠳᠠᠯ᠎ᠢ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠪᠠᠷᠤᠭ 1400 ᠲᠦᠮᠡᠨ ᠬᠡᠦᠬᠡᠳ᠎ᠲᠦ ᠠᠱᠢᠭ ᠬᠦᠷᠲᠡᠭᠡᠪᠡ ;9 ᠵᠦᠶ᠋ᠯ᠎ᠦᠨ ᠱᠢᠨ᠎ᠡ ᠲᠤᠰᠭᠠᠶ ᠮᠡᠷᠭᠡᠵᠢᠯ᠎ᠢ 2025 ᠣᠨ᠎ᠤ ᠡᠩ᠎ᠦᠨ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠦᠨ ᠭᠠᠷᠴᠠᠭ᠎ᠲᠤ ᠣᠷᠣᠭᠤᠯᠵᠤ᠂ ᠤᠯᠤᠰ᠎ᠤᠨ ᠪᠠᠢᠯᠳᠤᠬᠤ ᠪᠣᠳᠣᠯᠭ᠎ᠠ᠂ ᠵᠠᠬ᠎ᠠ ᠳᠡᠯᠭᠡᠭᠦᠷ᠎ᠦᠨ ᠬᠡᠷᠡᠭ᠌ᠴᠡᠭᠡ ᠪᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠎ᠶ᠋ᠢ ᠭᠦᠶ᠋ᠴᠡᠳ ᠢᠯᠡᠷᠡᠭᠦᠯᠪᠡ ᠁
ᠤᠳᠤᠬᠠᠨ᠎ᠳᠦ᠂ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ ᠨᠢ ᠠᠷᠠᠳ ᠣᠯᠠᠨ᠎ᠤ 《ᠰᠤᠷᠭᠠᠭᠤᠯᠢ ᠲᠠᠢ》 ᠪᠠᠢᠭ᠍ᠰᠠᠨ᠎ᠡᠴᠡ᠎ᠪᠠᠨ 《ᠰᠠᠢᠨ ᠰᠤᠷᠭᠠᠭᠤᠯᠢ ᠳ᠋ᠤ ᠰᠤᠷᠤᠯᠴᠠᠬᠤ》ᠬᠦᠰᠡᠯ᠎ᠢ ᠲᠠᠰᠤᠷᠠᠯᠲᠠ ᠥᠬᠡᠶ ᠬᠠᠩᠭᠠᠵᠤ᠂ ᠦᠷᠬᠡᠨ ᠣᠯᠠᠨ ᠰᠤᠷᠤᠭ᠍ᠴᠢᠳ᠎ᠢ ᠥᠪᠡᠷ᠎ᠦᠨ ᠪᠡᠶ᠎ᠡ᠎ᠳᠡᠭᠡᠨ ᠢᠲᠡᠭᠡᠯ᠎ᠲᠡᠶ᠂ ᠢᠷᠡᠭᠡᠳᠦᠶ᠎ᠳᠡᠭᠡᠨ ᠬᠦᠰᠡᠯ ᠡᠷᠡᠮᠡᠯᠵᠡᠯ᠎ᠲᠡᠶ ᠪᠣᠯᠭᠠᠪᠠ᠃
ᠰᠤᠷᠭᠠᠨ ᠬᠦᠮᠦᠵᠢᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠵᠢᠡᠷ ᠬᠦᠮᠦᠨ ᠬᠦᠮᠦᠵᠢᠭᠦᠯᠬᠦ ᠶᠠᠰᠤ ᠴᠢᠨᠠᠷ ᠦᠷ᠎ᠡ ᠠᠰᠢᠭ᠎ᠢ ᠲᠡᠭᠡᠭᠰᠢᠯᠡᠬᠦᠯᠬᠦ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ
ᠲᠦᠷᠦᠭᠦᠬᠡᠨ᠂ ᠹᠦᠳᠠᠨ ᠶᠡᠬᠡ ᠰᠤᠷᠭᠠᠭᠤᠯᠢ᠎ᠶ᠋ᠢᠨ ᠫᠸᠩ ᠬᠤᠢ ᠱᠧᠩ / ᠴᠧᠨ ᠫᠸᠢ ᠨᠢᠩ᠎ᠦᠨ ᠪᠦᠯᠬᠦᠮ ᠴᠤᠬᠴᠠ ᠳᠡᠯᠡᠬᠡᠢ ᠳᠡᠭᠡᠷᠡᠬᠢ ᠠᠩᠬᠠᠳᠠᠭ᠍ᠴᠢ《ᠱᠢᠷᠬᠡᠭ᠌ᠯᠢᠭ ᠴᠠᠬᠢᠮ ᠢᠯᠳᠠᠰᠤ》 ᠵᠢ ᠡᠭᠦᠳᠴᠦ᠍᠂ ᠡᠯᠧᠺᠲ᠋ᠷᠣᠨ ᠨᠡᠬᠡᠮᠡᠯ ᠡᠳ᠋᠂ ᠵᠤᠬᠢᠶᠠᠮᠠᠯ ᠪᠣᠳᠠᠲᠤ ᠠᠬᠤᠢ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠤᠪᠢᠰᠤᠯᠲᠠ ᠬᠥᠭ᠌ᠵᠢᠯᠲᠡ᠎ᠳᠦ ᠱᠢᠨ᠎ᠡ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠪᠣᠯᠤᠮᠵᠢᠲᠠᠶ ᠪᠣᠯᠪᠠ᠃
ᠰᠤᠳᠤᠯᠭᠠᠨ᠎ᠢ ᠥᠷᠨᠢᠭᠦᠯᠬᠦ᠌ ᠶᠠᠪᠤᠴᠠ᠎ᠳᠤ᠂ ᠹᠦᠳᠠᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠴᠧᠨ ᠫᠸᠢ ᠨᠢᠩ᠄《ᠰᠤᠳᠤᠯᠭᠠᠨ᠎ᠤ ᠱᠢᠨ᠎ᠡ ᠴᠢᠭ᠌ᠯᠡᠯ᠎ᠢ ᠨᠡᠭᠡᠭᠡᠬᠦ᠌ ᠪᠦᠷᠢ ᠴᠥᠮ ᠠᠳᠠᠯᠢ ᠪᠤᠰᠤ ᠱᠢᠨᠵᠢᠯᠡᠭᠡᠨ᠎ᠦ ᠰᠠᠯᠠᠭ᠎ᠠ ᠪᠣᠯᠤᠨ ᠴᠢᠳᠠᠪᠤᠷᠢᠲᠠᠨ᠎ᠢ ᠣᠷᠣᠯᠴᠠᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ᠎ᠪᠠᠷ ᠱᠢᠨᠵᠢᠯᠡᠭᠡᠨ᠎ᠦ ᠰᠠᠯᠠᠭ᠎ᠠ᠎ᠶ᠋ᠢᠨ ᠬᠥᠭ᠌ᠵᠢᠯᠲᠡ ᠪᠣᠯᠤᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠬᠦᠳᠦᠯᠦᠨ ᠳᠠᠭᠠᠭᠤᠯᠬᠤ ᠬᠡᠷᠡᠭ᠌ᠲᠡᠢ》 ᠭᠡᠵᠦ ᠲᠦᠷᠦᠭᠳᠡᠯ ᠵᠢᠡᠨ ᠶᠠᠷᠢᠨ᠎ᠠ᠃
《ᠶᠡᠷᠦᠩᠬᠡᠢ ᠱᠦᠵᠢ ᠰᠢ ᠵᠢᠨ ᠫᠢᠩ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ᠎ᠢ ᠪᠡᠶ᠎ᠡ᠎ᠪᠡᠨ ᠳᠠᠭᠠᠭᠠᠵᠤ ᠬᠥᠮᠦᠵᠢᠭᠦᠯᠬᠦ᠌ ᠰᠠᠢ᠌ᠨ ᠰᠠᠢᠬᠠᠨ ᠬᠦᠳᠡᠯᠦᠯᠴᠡᠬᠡᠵᠢ ᠪᠡᠶᠡᠯᠡᠭᠦᠯᠵᠦ᠍᠂ ᠰᠤᠷᠭᠠᠨ ᠬᠥᠮᠦᠵᠢᠯ᠎ᠦᠨ ᠤᠳᠤᠷᠢᠳᠤᠮᠵᠢ᠎ᠶ᠋ᠢᠨ ᠴᠢᠨᠠᠷᠲᠠᠢ᠂ ᠰᠠᠭᠤᠷᠢ ᠴᠢᠨᠠᠷᠲᠠᠢ ᠲᠤᠯᠭᠠᠭᠤᠷᠢᠯᠠᠬᠤ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠨᠢ ᠪᠢᠳᠡᠨ᠎ᠦ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠵᠢᠭᠠᠨ ᠰᠤᠷᠭᠠᠯᠲᠠ᠎ᠶ᠋ᠢᠨ ᠠᠵᠢᠯ᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ》 ᠭᠡᠵᠦ᠍ ᠴᠧᠨ ᠫᠸᠢ ᠨᠢᠩ ᠬᠡᠯᠡᠪᠡ᠃
ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠶᠠᠪᠤᠴᠠ᠎ᠳᠤ᠂ ᠰᠤᠳᠤᠯᠭᠠᠨ᠎ᠤ ᠬᠦᠷᠢᠶᠡᠯᠡᠩ ᠪᠣᠳᠠᠲᠤ ᠬᠡᠷᠡᠭ᠌ᠴᠡᠭᠡ᠎ᠪᠡᠨ ᠦᠨᠳᠦᠰᠦᠯᠡᠨ᠂ ᠭᠠᠳᠠᠭᠠᠳᠤ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ 《ᠬᠣᠱᠢᠭᠤᠴᠢ ᠴᠡᠷᠢᠭ》 ᠢ᠋ ᠣᠷᠣᠭᠤᠯᠤᠨ ᠠᠪᠴᠢᠷᠠᠬᠤ᠎ᠶ᠋ᠢᠨ ᠬᠠᠮᠲᠤ ᠪᠠᠰᠠ ᠱᠠᠲᠤᠯᠵᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠬᠤᠯᠠᠴᠢᠯᠠᠵᠤ᠂ ᠲᠤᠰ ᠭᠠᠵᠠᠷ ᠣᠷᠣᠨ᠎ᠤ 《ᠭᠣᠣᠯᠯᠠᠭ᠍ᠴᠢ ᠬᠦᠴᠦᠨ》 ᠢ᠋ ᠬᠥᠮᠦᠵᠢᠭᠦᠯᠵᠦ᠍᠂ ᠵᠠᠯᠠᠭᠤ ᠴᠢᠳᠠᠪᠤᠷᠢᠲᠠᠨ᠎ᠢ ᠬᠦᠲᠦᠯᠦᠨ ᠵᠢᠯᠣᠭᠣᠳᠴᠤ᠌ ᠱᠢᠨᠵᠢᠯᠡᠬᠦ᠌ ᠤᠬᠠᠭᠠᠨ᠎ᠤ ᠬᠣᠱᠢᠭᠤᠷᠠᠯ ᠪᠠ ᠴᠢᠬᠤᠯᠠ ᠶᠡᠬᠡ ᠬᠡᠷᠡᠭ᠌ᠴᠡᠭᠡ᠎ᠶ᠋ᠢ ᠤᠶᠠᠯᠳᠤᠭᠤᠯᠵᠤ᠂ ᠬᠦᠴᠢᠷ ᠠᠰᠠᠭᠤᠳᠠᠯ᠎ᠢ ᠨᠢ ᠱᠢᠢᠳᠪᠦᠷᠢᠯᠡᠵᠦ᠍᠂ ᠱᠢᠪᠲᠤᠯᠤᠯᠲᠠ ᠭᠠᠷᠭᠠᠬᠤ᠎ᠪᠠᠷ ᠴᠢᠷᠮᠠᠢᠵᠠᠢ᠃
ᠣᠳᠣᠬᠢ ᠴᠠᠭ ᠦᠶ᠎ᠡ᠎ᠳᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠮᠥᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠂ ᠱᠢᠨ᠎ᠡ᠎ᠶ᠋ᠢ ᠡᠭᠦᠳᠬᠦ᠌ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ᠂ ᠰᠤᠷᠭᠠᠨ ᠬᠥᠮᠦᠵᠢᠯ ᠨᠢ ᠭᠤᠷᠪᠠᠨ ᠲᠠᠯ᠎ᠠ᠎ᠶ᠋ᠢ ᠬᠣᠯᠪᠣᠬᠤ ᠬᠣᠯᠪᠣᠭᠠᠰᠤ ᠪᠠ ᠠᠷᠭ᠎ᠠ ᠵᠠᠮ ᠪᠤᠯᠵᠤ ᠪᠠᠢᠨ᠎ᠠ᠃
《ᠢᠷᠡᠭᠡᠳᠦᠢ᠎ᠳᠦ ᠬᠠᠨᠳᠤᠵᠤ᠂ ᠪᠢᠳᠡ ᠪᠠᠰᠠ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠴᠢᠨᠠᠷ ᠰᠠᠢᠲᠠᠢ ᠰᠤᠷᠭᠠᠨ ᠬᠥᠮᠦᠵᠢᠯ᠎ᠦᠨ ᠱᠢᠰᠲᠸᠮ᠎ᠢ ᠲᠦᠷᠭᠡᠳᠭᠡᠨ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠪᠡᠷ ᠭᠣᠣᠯ ᠰᠡᠳᠦᠪ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠂ ᠴᠢᠬᠤᠯᠠ ᠶᠡᠬᠡ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠢ᠎ᠡ ᠪᠠ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠢ ᠨᠢᠮᠪᠠᠢ ᠲᠥᠯᠥᠪᠵᠢᠭᠦᠯᠵᠦ᠍᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ》 ᠭᠡᠵᠦ᠍ ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠡᠯᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 1 ᠤ᠋ ᠴᠠᠬᠢᠯᠭᠠᠨ ᠮᠡᠳᠡᠭᠡ ᠡᠴᠡ)