ᠸᠠᠩ ᠬᠣ᠌ ᠨᠢᠩ ᠬᠤᠷᠠᠯ ᠢ᠋ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ
ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 2 ᠤ᠋ᠨ ᠴᠠᠬᠢᠯᠭᠠᠨ ᠮᠡᠳᠡᠭᠡ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠷᠪᠠᠨ ᠲᠠᠪᠤᠳᠤᠭᠠᠷ ᠬᠤᠷᠠᠯ 2 ᠤ᠋ᠨ ᠦᠳᠡ᠎ᠶ᠋ᠢᠨ ᠬᠣᠢᠨ᠎ᠠ ᠪᠡᠭᠡᠵᠢᠩ᠎ᠳᠦ ᠲᠡᠭᠦᠰᠪᠡ᠃ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠣ ᠨᠢᠩ ᠲᠡᠭᠦᠰᠭᠦ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠸᠠᠩ ᠬᠣ᠌ ᠨᠢᠩ᠂ ᠨᠢᠭᠡ ᠵᠢᠯ᠎ᠦᠨ ᠲᠤᠷᠰᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠱᠢᠨᠡᠡᠬᠦᠳᠤᠯᠳᠠ ᠵᠢᠨ ᠤᠨᠤᠯ᠎ᠤᠨ ᠪᠠᠢ᠌ᠩᠭᠤᠵᠢᠭ᠍ᠰᠠᠨ ᠰᠤᠷᠤᠯᠴᠠᠯᠭ᠎ᠠ ᠪᠣᠯᠪᠠᠰᠤᠷᠠᠯ᠂ ᠲᠤᠭ᠍ᠳᠠᠴᠠᠵᠢᠭ᠍ᠰᠠᠨ ᠰᠤᠳᠤᠯᠭᠠᠨ ᠲᠠᠢᠯᠪᠤᠷᠢᠯᠠᠯᠲᠠ᠎ᠶ᠋ᠢ ᠠᠬᠢᠭᠤᠯᠵᠤ᠂ ᠭᠣᠣᠯ ᠠᠵᠢᠯ ᠶᠡᠬᠡ ᠲᠠᠯ᠎ᠠ᠎ᠶ᠋ᠢᠨ ᠲᠣᠭᠣᠷᠢᠨ᠎ᠳᠤ ᠡᠭᠦᠷᠭᠡ ᠲᠤᠰᠢᠶᠠᠯ᠎ᠢᠶᠡᠨ ᠨᠠᠷᠢᠨ ᠬᠢᠨᠠᠮᠠᠭᠠᠢ ᠭᠦᠢᠴᠡᠳᠭᠡᠵᠦ᠍᠂ ᠢᠳᠡᠪᠬᠢᠲᠡᠢ᠎ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠲᠦᠷᠢᠮ ᠲᠣᠭ᠍ᠲᠠᠴᠠ᠎ᠶ᠋ᠢ ᠪᠦᠷᠢᠨᠱᠢᠬᠦᠯᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠪᠠᠢ᠌ᠩᠭᠤᠵᠢᠭ᠍ᠰᠠᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠯ᠎ᠡ ᠵᠦᠢᠯ᠎ᠦᠨ ᠠᠵᠢᠯ ᠱᠢᠨ᠎ᠡ ᠠᠬᠢᠴᠠ ᠪᠠ ᠦᠷ᠎ᠡ ᠪᠦᠲᠦᠮᠵᠢ ᠤᠯᠵᠠᠢ ᠭᠡᠵᠤ ᠢᠯᠡᠳᠭᠡᠪᠡ᠃
ᠸᠠᠩ ᠬᠣ᠌ ᠨᠢᠩ᠂ 2026 ᠣᠨ ᠳ᠋ᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠳᠠᠯᠠᠵᠤ᠂《ᠬᠣᠶᠠᠷ ᠢ ᠲᠣᠭ᠍ᠲᠠᠭᠠᠬᠰᠡᠨ》᠎ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠥᠷᠪᠡᠳᠦᠭᠡᠷ ᠪᠦᠭᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠨᠠᠮ ᠪᠠ ᠤᠯᠤᠰ᠎ᠤᠨ ᠭᠤᠤᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠤ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠭᠤᠷᠢ᠎ᠶ᠋ᠢ ᠪᠡᠬᠢᠵᠢᠭᠦᠯᠵᠦ᠍ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ᠯᠤᠭᠡ ᠤᠶᠠᠯᠳᠤᠭᠤᠯᠤᠨ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠴᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ᠎ᠢ ᠨᠢᠭ᠍ᠲᠠᠷᠠᠭᠤᠯᠬᠤ ᠭᠡᠷᠡᠭᠳᠠᠢ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠢ ᠰᠠᠢᠳᠤᠷ ᠬᠤᠷᠠᠯᠳᠤᠭᠤᠯᠬᠤ᠎ᠪᠠᠷ ᠪᠦᠬᠦ᠌ ᠬᠦᠴᠦᠨ᠎ᠢᠶᠡᠷ᠎ᠢᠶᠡᠨ ᠪᠡᠯᠡᠳᠭᠡᠬᠦ᠌ ᠬᠡᠷᠡᠭ᠌ᠲᠡᠢ ᠭᠡᠵᠤ ᠢᠯᠡᠳᠭᠡᠪᠡ᠃
ᠬᠤᠷᠠᠯ᠎ᠡᠴᠡ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠳᠥᠷᠪᠡᠳᠦᠭᠡᠷ ᠬᠤᠷᠠᠯ᠎ᠤᠨ ᠵᠥᠪᠯᠡᠬᠦ᠌ ᠵᠦᠢᠯ(ᠲᠥᠰᠦᠯ)ᠪᠣᠯᠤᠨ ᠡᠳᠦᠷ᠎ᠦᠨ ᠳᠠᠷᠠᠭᠠᠯᠠᠯ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠪᠠᠲᠤᠯᠠᠪᠠ᠃ ᠬᠣᠯᠪᠣᠭ᠍ᠳᠠᠯ ᠪᠦᠬᠦᠢ ᠲᠥᠰᠦᠯ ᠪᠣᠯᠤᠨ ᠮᠡᠳᠡᠭᠦᠯᠦᠯᠲᠡ᠎ᠶ᠋ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌ ᠪᠣᠯᠤᠨ᠎ᠠ᠃
ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠡᠮᠵᠢᠨ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠳᠥᠷᠪᠡᠳᠦᠭᠡᠷ ᠬᠤᠷᠠᠯ᠎ᠤᠨ ᠨᠠᠷᠢᠨ ᠪᠢᠴᠢᠭ᠎ᠦᠨ ᠳᠠᠷᠤᠭ᠎ᠠ᠂ ᠳᠡᠳ᠋ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠢ ᠪᠠᠲᠤᠯᠠᠪᠠ; ᠴᠢ ᠪᠢᠨ ᠨᠥᠬᠥᠷ ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠠᠵᠤ ᠠᠬᠤᠶ᠎ᠶ᠋ᠢᠨ ᠵᠥᠪᠯᠡᠯ᠎ᠳᠦ ᠰᠠᠭᠤᠭ᠎ᠠ ᠳᠡᠳ᠋ ᠡᠷᠬᠢᠯᠡᠭ᠌ᠴᠢ᠎ᠪᠡᠷ ᠨᠡᠮᠡᠵᠦ᠍ ᠨᠦᠬᠦᠪᠡ; ᠲᠠᠩ ᠯᠢᠶᠠᠩ ᡁᠢ ᠨᠥᠬᠥᠷ᠎ᠢ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠡᠷᠡᠭᠦᠯ ᠬᠠᠮᠠᠭᠠᠯᠠᠯ ᠪᠡᠶ᠎ᠡ᠎ᠶ᠋ᠢᠨ ᠲᠠᠮᠢᠷ᠎ᠤᠨ ᠵᠥᠪᠯᠡᠯ᠎ᠦᠨ ᠳᠡᠳ᠋ ᠡᠷᠬᠢᠯᠡᠭ᠌ᠴᠢ᠎ᠪᠡᠷ ᠨᠡᠮᠡᠵᠤ ᠨᠦᠬᠦᠪᠡ᠃
ᠬᠤᠷᠠᠯ᠎ᠡᠴᠡ ᠬᠠᠨ ᠸᠧᠶ ᠭᠦᠸᠧ᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ᠎ᠶ᠋ᠢᠨ ᠲᠤᠱᠢᠶᠠᠯ᠎ᠡᠴᠡ ᠨᠢ ᠪᠠᠭᠤᠯᠭᠠᠵᠤ᠂ ᠯᠢᠦ ᠯᠸᠢ᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠦᠷᠦ ᠵᠢᠨ ᠵᠦᠪᠯᠡᠯᠬᠡᠨ᠎ᠤ ᠪᠠᠢᠩᠭᠤ᠎ᠶ᠋ᠢᠨ ᠭᠡᠱᠢᠭᠦᠨ᠂ ᠬᠦᠳᠡᠭᠡ ᠠᠵᠤ ᠠᠬᠤᠢ ᠪᠠ ᠬᠥᠳᠡᠭᠡ ᠲᠣᠰᠭᠣᠨ᠎ᠤ ᠵᠥᠪᠯᠡᠯ᠎ᠦᠨ ᠳᠡᠳ᠋ ᠡᠷᠬᠢᠯᠡᠭ᠌ᠴᠢ᠎ᠶ᠋ᠢᠨ ᠲᠤᠱᠢᠶᠠᠯ᠎ᠡᠴᠡ ᠨᠢ ᠪᠠᠭᠤᠯᠭᠠᠵᠤ᠂ ᠭᠤᠤ ᠵᠢᠨ ᠢ᠋ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠦᠷᠦ ᠵᠢᠨ ᠵᠦᠪᠯᠡᠯᠭᠡᠨ ᠤ᠋ ᠪᠠᠢᠩᠭᠤ᠎ᠶ᠋ᠢᠨ ᠭᠡᠱᠢᠭᠦᠨ᠂ ᠠᠵᠤ ᠠᠬᠤᠶ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ᠎ᠶ᠋ᠢᠨ ᠲᠤᠱᠢᠶᠠᠯ᠎ᠡᠴᠡ ᠨᠢ ᠪᠠᠭᠤᠯᠭᠠᠵᠤ᠂ ᠬᠠᠨ ᠸᠧᠶ ᠭᠦᠸᠧ᠂ ᠯᠢᠦ ᠯᠸᠢ᠂ ᠭᠤᠤ ᠵᠢᠨ ᠤ᠋ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠬᠢᠷᠢ ᠬᠡᠮ᠎ᠢ ᠬᠠᠰᠤᠵᠤ ᠬᠦᠴᠦᠨ ᠦᠬᠡᠢ ᠪᠤᠯᠭᠠᠬᠤ ᠲᠤᠬᠠᠶ ᠲᠣᠭ᠍ᠲᠠᠭᠠᠯ᠎ᠢ ᠪᠠᠲᠤᠯᠠᠪᠠ;ᠵᠠᠩ ᠺᠸ ᠵᠢᠶᠠᠨ᠎ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠎ᠦ ᠲᠤᠱᠢᠶᠠᠯ᠎ᠡᠴᠡ ᠨᠢ ᠪᠠᠭᠤᠯᠭᠠᠬᠤ᠎ᠶ᠋ᠢᠨ ᠬᠠᠮᠲᠤ ᠲᠡᠬᠦᠨ᠎ᠤ ᠭᠡᠱᠢᠭᠦᠨ᠎ᠦ ᠬᠢᠷᠢ ᠬᠡᠮ ᠢ ᠬᠠᠰᠤᠵᠤ ᠬᠦᠴᠦᠨ ᠦᠬᠡᠢ ᠪᠤᠯᠭᠠᠬᠤ ᠲᠤᠬᠠᠢ ᠲᠣᠭ᠍ᠲᠠᠭᠠᠯ᠎ᠢ ᠪᠠᠲᠤᠯᠠᠪᠠ; ᠶᠠᠩ ᠬᠤᠢ᠂ ᠯᠢ ᠱᠧᠩ ᠯᠦᠩ᠎ᠤ᠋ᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ᠎ᠡᠴᠡ᠎ᠪᠠᠨ ᠪᠠᠭᠤᠬᠤ᠎ᠶ᠋ᠢ ᠬᠦᠯᠢᠶᠡᠨ ᠠᠪᠬᠤ ᠲᠤᠬᠠᠢ ᠲᠣᠭ᠍ᠲᠠᠭᠠᠯ᠎ᠢ ᠪᠠᠲᠤᠯᠠᠪᠠ; ᠸᠠᠩ ᠴᠦᠨ ᠷᠦ᠋ᠵᠢᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠬᠢᠷᠢ ᠬᠡᠮ᠎ᠢ ᠬᠠᠰᠤᠵᠤ ᠬᠦᠴᠦᠨ ᠦᠬᠡᠢ ᠪᠤᠯᠭᠠᠬᠤ ᠲᠤᠬᠠᠢ ᠲᠣᠭ᠍ᠲᠠᠭᠠᠯ᠎ᠢ ᠪᠠᠲᠤᠯᠠᠪᠠ᠃
ᠬᠤᠷᠠᠯ᠎ᠡᠴᠡ ᠸᠠᠩ ᠱᠢᠩ ᠬᠤᠸᠠᠨ᠂ ᠵᠠᠩ ᠳ᠋ᠦᠩ ᠴᠧᠨ᠂ ᠼᠤᠤ ᠵᠢᠶᠠᠨ ᠭᠦᠸᠧ᠂ ᠯᠢᠦ ᠭᠦᠸᠧ ᠶᠤᠸᠠᠢ᠂ ᠮᠠ ᠵᠧᠩ ᠦ᠋᠂ ᠹᠠᠨ ᠶᠢᠦ ᠱᠠᠨ᠂ ᠽᠸᠩ ᠢ᠂ ᠢᠦᠢ ᠫᠸᠢ ᠭᠸᠨ᠂ ᠲᠢᠶᠠᠨ ᠱᠢᠤᠸᠠᠢ ᠪᠢᠨ᠂ ᠾᠧ ᠰᠦᠩ ᠵᠡᠷᠬᠡ ᠬᠦᠮᠦᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠬᠢᠷᠢ ᠬᠡᠮ᠎ᠢ ᠬᠠᠰᠤᠵᠤ ᠬᠦᠴᠦᠨ ᠦᠬᠡᠢ ᠪᠤᠯᠭᠠᠬᠤ ᠲᠤᠬᠠᠢ ᠲᠣᠭ᠍ᠲᠠᠭᠠᠯ᠎ᠢ ᠨᠡᠬᠡᠮᠵᠢᠯᠡᠨ ᠵᠥᠪᠱᠢᠶᠡᠷᠡᠪᠡ᠃
ᠲᠡᠭᠦᠰᠭᠦ ᠬᠤᠷᠠᠯ᠎ᠤᠨ ᠳᠠᠷᠠᠭ᠎ᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠠᠢᠳ ᠸᠠᠩ ᠸᠸᠨ ᠲᠤᠤ ᠤᠷᠢᠯᠭ᠎ᠠ᠎ᠪᠠᠷ 《ᠠᠷᠠᠯᠵᠢᠶᠠᠨ᠎ᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠵᠤ᠂ ᠠᠷᠠᠯᠵᠢᠶᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠶ᠎ᠡ》 ᠭᠡᠬᠦ᠌ ᠰᠡᠳᠦᠪ᠎ᠢᠶᠡᠷ ᠰᠤᠷᠤᠯᠴᠠᠯᠭ᠎ᠠ᠎ᠶ᠋ᠢᠨ ᠲᠠᠢᠯᠤᠮᠵᠢ ᠬᠢᠪᠡ᠃
ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱᠢᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠣ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠤᠢ᠂ ᠱᠤᠤ ᠬᠣᠩ᠂ ᠭᠤᠤ ᠶᠦᠨ ᠯᠦᠩ᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠵᠠᠢ᠃