《ᠠᠷᠪᠠᠨ ᠲᠠᠪᠤᠳᠤᠭᠠᠷ ᠲᠠᠪᠤᠨ ᠵᠢᠯ 》 ᠤ᠋ᠨ ᠡᠬᠢᠯᠡᠯᠲᠡ᠎ᠶ᠋ᠢᠨ ᠵᠢᠯ᠎ᠤᠨ ᠬᠠᠪᠤᠷ᠂ ᠡᠯ᠎ᠡ ᠭᠠᠵᠠᠷ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠪᠡᠭᠡᠵᠢᠩ᠎ᠳᠦ ᠴᠤᠭ᠍ᠯᠠᠷᠠᠨ᠂ ᠱᠠᠯᠠᠮᠠᠭᠠᠢᠯᠠᠨ ᠤᠷᠤᠭ᠍ᠰᠢᠯᠠᠬᠤ ᠵᠣᠷᠢᠭ ᠰᠠᠨᠠᠭ᠎ᠠ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠲᠥᠷᠥ᠎ᠶ᠋ᠢᠨ ᠶᠠᠪᠤᠳᠠᠯ᠎ᠳᠤ ᠣᠷᠣᠯᠴᠠᠨ ᠲᠥᠷᠥ᠎ᠶ᠋ᠢᠨ ᠶᠠᠪᠤᠳᠠᠯ᠎ᠢ ᠵᠥᠪᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠭᠦᠯᠵᠦ᠂ ᠠᠨᠭᠬᠠᠨ᠎ᠤ ᠠᠯᠬᠤᠮ᠎ᠢ ᠰᠠᠢᠳᠤᠷ ᠠᠯᠬᠤᠬᠤ ᠵᠢ ᠪᠡᠶᠡᠯᠡᠬᠦᠯᠬᠦ ᠵᠢᠨ ᠲᠦᠯᠦᠬᠡ ᠣᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ ᠪᠡᠷ ᠪᠡᠯᠡᠬᠡᠨ ᠪᠤᠯᠪᠠ᠃
ᠬᠣᠶᠠᠷ ᠰᠠᠷ᠎ᠠ ᠭᠠᠷᠤᠢ᠎ᠶ᠋ᠢᠨ ᠡᠮᠦᠨᠡᠬᠢ ᠱᠢᠨ᠎ᠡ ᠵᠢᠯ᠎ᠦᠨ ᠪᠠᠶᠠᠷ᠎ᠤᠨ ᠦᠭᠡ᠎ᠳᠡᠭᠡᠨ ᠶᠡᠷᠦᠩᠬᠡᠢ ᠱᠦᠵᠢ ᠰᠢ ᠵᠢᠨ ᠫᠢᠩ 《ᠶᠠᠨ ᠠᠨ ᠤ 〈ᠨᠦᠬᠡᠨ ᠭᠡᠷ᠎ᠲᠡᠬᠢ ᠠᠰᠠᠭᠤᠯᠲᠠ 〉 ᠵᠢ ᠦᠷᠭᠦᠯᠵᠢᠯᠡᠨ ᠰᠠᠢᠲᠤᠷ ᠬᠠᠷᠢᠭᠤᠯᠵᠤ᠂ ᠠᠷᠠᠳ ᠲᠦᠮᠡᠨ᠎ᠳᠦ ᠦᠯᠦ᠍ ᠣᠰᠣᠯᠳᠠᠬᠤ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠭᠡᠷᠡᠢ》 ᠭᠡᠵᠦ᠍ ᠭᠦᠨ ᠰᠡᠳᠭᠢᠯᠭᠡ᠎ᠲᠡᠶ᠎ᠪᠡᠷ ᠵᠠᠬᠢᠪᠠ᠃
ᠦᠨᠭᠭᠡᠷᠡᠭᠰᠡᠨ ᠵᠢᠡᠨ ᠡᠷᠭᠢᠴᠡᠭᠦᠯᠬᠦᠶ᠎ᠡ᠂ ᠬᠡᠳᠦᠢᠪᠡᠷ ᠬᠠᠳᠠᠭᠤ ᠪᠡᠷᠬᠡᠰᠢᠶᠡᠯ ᠪᠠ ᠦᠷᠢᠰᠦᠯᠳᠦᠭᠡᠨ ᠵᠢᠡᠷ ᠲᠦᠭᠦᠷᠦᠭᠰᠡᠨ ᠴᠦ᠍ ᠢᠷᠡᠭᠡᠳᠦᠢ ᠪᠤᠯ ᠬᠦᠰᠡᠯ ᠡᠷᠡᠮᠡᠯᠵᠡᠯ ᠲᠠᠢ ᠭᠡᠭᠡᠨ ᠰᠠᠷᠠᠭᠤᠯ ᠪᠤᠯᠤᠨ᠎ᠠ᠃ ᠶᠠᠨ ᠠᠨ᠎ᠤ ᠨᠦᠬᠡᠨ ᠭᠡᠷ᠎ᠲᠡᠬᠢ ᠶᠠᠷᠢᠯᠴᠠᠭ᠎ᠠ᠎ᠡᠴᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠬᠦᠷᠲᠡᠯ᠎ᠡ᠂ ᠮᠠᠨ᠎ᠤ ᠨᠠᠮ᠂ ᠮᠠᠨ᠎ᠤ ᠤᠯᠤᠰ᠂ ᠮᠠᠨ᠎ᠤ ᠠᠷᠠᠳ ᠲᠦᠮᠡᠨ ᠰᠠᠯᠬᠢ ᠪᠣᠷᠣᠭᠠᠨ᠎ᠢ ᠲᠤᠭᠤᠯᠤᠨ ᠳᠠᠪᠲᠠᠭ᠍ᠳᠠᠵᠤ᠂ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠰᠠᠯᠬᠢ ᠳᠠᠪᠠᠯᠭᠠᠨ᠎ᠢ ᠬᠠᠢᠬᠤᠷᠤᠯ ᠦᠭᠡᠢ᠎ᠪᠡᠷ ᠢᠮᠠᠭ᠍ᠲᠠ ᠳᠡᠯᠡᠬᠡᠢ᠎ᠶ᠋ᠢᠨ ᠳᠣᠷᠣᠨᠠᠳᠠᠬᠢᠨ᠎ᠳᠤ ᠰᠡᠬᠦᠢᠨ ᠰᠦᠨᠳᠡᠷᠯᠡᠪᠡ᠃ ᠬᠡᠷᠬᠢᠨ ᠠᠮᠤᠷ ᠲᠦᠪᠰᠢᠨ ᠦᠢᠮᠡᠬᠡᠨ ᠰᠠᠮᠠᠭᠤᠷᠠᠯ ᠮᠠᠨᠳᠤᠵᠤ ᠪᠠᠭᠤᠷᠠᠬᠤ ᠲᠡᠦᠬᠡᠨ ᠦᠶᠡᠯᠡᠯ᠎ᠤᠨ ᠵᠢᠮ᠎ᠠ᠎ᠡᠴᠡ ᠠᠮᠵᠢᠯᠲᠠ᠎ᠲᠠᠶ ᠦᠰᠦᠷᠦᠨ ᠭᠠᠷᠴᠤ᠌ ᠴᠢᠳᠠᠬᠤ ᠪᠣᠶ?
ᠠᠷᠠᠳ᠎ᠤᠨ ᠰᠡᠳᠭᠢᠯ᠎ᠦᠨ ᠬᠠᠨᠳᠤᠰᠢ ᠵᠢ ᠰᠤᠨᠤᠰᠴᠤ᠂ ᠲᠥᠷᠥ᠍ ᠪᠠᠷᠢᠬᠤ ᠦᠨᠳᠦᠰᠦ ᠰᠠᠭᠤᠷᠢ᠎ᠶ᠋ᠢ ᠪᠠᠳᠤᠳᠬᠠᠬᠤ ᠬᠡᠷᠡᠭᠳᠡᠢ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮ ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍ ᠰᠠᠭᠤᠷᠢ᠎ᠶ᠋ᠢ ᠪᠡᠬᠢᠵᠢᠭᠦᠯᠦᠨ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 《ᠠᠷᠪᠠᠨ ᠲᠠᠪᠤᠳᠤᠭᠠᠷ ᠲᠠᠪᠤᠨ ᠵᠢᠯ 》 ᠦ᠋ᠨ ᠲᠥᠯᠥᠪᠵᠢᠭᠦᠯᠭᠡ᠎ᠶ᠋ᠢᠨ ᠬᠦᠳᠦᠯᠪᠦᠷᠢ ᠵᠢᠨ ᠲᠥᠰᠦᠯ ᠵᠢᠴᠢ ᠡᠯ᠎ᠡ ᠵᠦᠢᠯ᠎ᠦᠨ ᠵᠥᠪᠯᠡᠯᠭᠡ᠎ᠶ᠋ᠢᠨ ᠮᠡᠳᠡᠭᠦᠯᠦᠯᠲᠡ᠎ᠶ᠋ᠢ ᠲᠤᠭᠤᠷᠪᠢᠬᠤ᠂ ᠰᠠᠨᠠᠯ ᠬᠤᠷᠢᠶᠠᠬᠤ ᠶᠠᠪᠤᠴᠠ ᠪᠣᠯ ᠳᠠᠷᠤᠢ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠠᠷᠠᠳ᠎ᠤᠨ ᠤᠶᠤᠨ ᠤᠬᠠᠭᠠᠨ᠎ᠢ ᠬᠤᠷᠠᠮᠳᠤᠭᠤᠯᠤᠨ᠂ ᠠᠷᠠᠳ᠎ᠤᠨ ᠬᠦᠴᠦᠨ᠎ᠢ ᠨᠢᠭ᠍ᠲᠠᠷᠠᠭᠤᠯᠬᠤ ᠶᠠᠪᠤᠴᠠ ᠮᠥᠨ᠃ ᠵᠢᠯ ᠪᠦᠷᠢ᠎ᠶ᠋ᠢᠨ ᠪᠦᠬᠦ᠌ ᠤᠯᠤᠰ᠎ᠤᠨ ᠬᠣᠶᠠᠷ ᠬᠤᠷᠠᠯ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠨᠠᠷᠢᠨ ᠬᠢᠨᠠᠮᠠᠭᠠᠢ ᠬᠢᠨᠠᠨ ᠵᠥᠪᠯᠡᠬᠦ᠌᠎ᠡᠴᠡ ᠠᠪᠤᠭᠠᠳ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠭᠤ ᠬᠦᠷᠲᠡᠯ᠎ᠡ᠂ ᠭᠣᠭ᠍ᠴᠣᠭ᠎ᠠ ᠨᠢᠭᠡᠪᠦᠷᠢ᠎ᠳᠦ ᠴᠥᠮ ᠠᠷᠠᠳ ᠲᠦᠮᠡᠨ᠎ᠦ ᠠᠱᠢᠭ ᠲᠤᠰᠠ᠎ᠶ᠋ᠢ ᠢᠮᠠᠭ᠍ᠲᠠ ᠲᠡᠷᠢᠭᠦᠨ᠎ᠳᠤ ᠲᠠᠯᠪᠢᠵᠤ᠂ ᠭᠣᠭ᠍ᠴᠣᠭ᠎ᠠ ᠨᠢᠭᠡᠪᠦᠷᠢ᠎ᠳᠦ ᠴᠥᠮ ᠠᠷᠠᠳ ᠲᠦᠮᠡᠨ᠎ᠦ ᠪᠤᠳᠤᠯ ᠰᠠᠨᠠᠭ᠎ᠠ᠎ᠶ᠋ᠢ ᠤᠯᠤᠰ᠎ᠤᠨ ᠬᠥᠭ᠌ᠵᠢᠯᠲᠡ᠎ᠶ᠋ᠢᠨ ᠦᠵᠦ᠍ ᠲᠥᠯᠥᠪᠯᠡᠭᠡ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠳᠤ ᠠᠭᠤᠰᠭᠠᠨ ᠣᠷᠣᠭᠤᠯᠪᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠠᠷᠠᠳ᠎ᠤᠨ ᠠᠮᠢᠳᠤᠷᠠᠯ᠎ᠢ ᠲᠡᠷᠢᠭᠦᠨ᠎ᠳᠦ ᠲᠠᠯᠪᠢᠨ᠎ᠠ᠃ ᠣᠷᠣᠨ ᠨᠤᠲᠤᠭ᠎ᠤᠨ ᠬᠣᠶᠠᠷ ᠬᠤᠷᠠᠯ᠎ᠤᠨ《ᠠᠷᠠᠳ ᠤᠨ ᠠᠮᠢᠳᠤᠷᠠᠯ ᠤᠨ ᠨᠠᠷᠢᠨ ᠲᠠᠩᠰᠠ》᠎ᠡᠴᠡ ᠪᠦᠬᠦ᠌ ᠤᠯᠤᠰ᠎ᠤᠨ ᠬᠣᠶᠠᠷ ᠬᠤᠷᠠᠯ᠎ᠤᠨ ᠰᠦᠯᠵᠢᠶᠡᠨ ᠳᠡᠭᠡᠷᠡᠬᠢ ᠬᠠᠯᠠᠮᠱᠢᠯ ᠦᠭᠡ ᠬᠦᠷᠲᠡᠯ᠎ᠡ᠂ 2026 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠠᠷᠠᠳ᠎ᠤᠨ ᠠᠮᠢᠳᠤᠷᠠᠯ᠎ᠤᠨ ᠲᠤᠬᠠᠢ ᠬᠠᠯᠠᠮᠵᠢᠯᠠᠵᠤ ᠪᠠᠢᠭ᠎ᠠ ᠠᠰᠠᠭᠤᠳᠠᠯ᠄ ᠠᠵᠢᠯ ᠣᠯᠭᠣᠯᠲᠠ᠎ᠶ᠋ᠢᠨ ᠪᠠᠲᠤᠯᠠᠭ᠎ᠠ᠂ 《ᠦᠳᠡᠭᠦᠰ ᠨᠢᠯᠬᠠᠰ》 ᠤ᠋ᠨ ᠦᠢᠯᠡᠴᠢᠯᠡᠭᠡ᠂ ᠰᠤᠷᠭᠠᠨ ᠬᠥᠮᠦᠵᠢᠯ ᠡᠮ ᠡᠮᠨᠡᠯᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠬᠤᠳᠠ᠎ᠶ᠋ᠢ ᠱᠢᠨᠡᠳᠬᠡᠬᠦ ᠪᠣᠯᠤᠨ ᠣᠷᠣᠨ ᠰᠠᠭᠤᠴᠠ᠎ᠶ᠋ᠢᠨ ᠰᠠᠢᠵᠢᠷᠠᠯᠲᠠ᠂ ᠦᠨᠳᠦᠰᠦᠨ ᠱᠠᠲᠤᠨ᠎ᠤ ᠵᠠᠰᠠᠯᠲᠠ᠎ᠶ᠋ᠢ ᠱᠢᠯᠢᠳᠡᠭ᠌ᠵᠢᠭᠦᠯᠬᠦ᠌ ᠵᠡᠷᠭᠡ ᠨᠢ ᠵᠠᠪᠠᠯ ᠬᠠᠷᠢᠭᠤᠯᠬᠤ ᠰᠡᠳᠦᠪ ᠪᠣᠯᠬᠤ᠎ᠪᠠᠷ ᠪᠠᠷᠠᠬᠤ ᠦᠬᠡᠢ ᠪᠠᠰᠠ ᠴᠤ᠌ ᠲᠡᠷᠢᠭᠦᠨ ᠴᠢᠬᠤᠯᠠ ᠵᠦᠢᠯ ᠪᠣᠯᠤᠨ᠎ᠠ᠃ ᠭᠠᠭ᠍ᠴᠠ ᠬᠦ᠌ ᠠᠷᠠᠳ ᠲᠦᠮᠡᠨ᠎ᠢ ᠢᠮᠠᠭ᠍ᠲᠠ ᠰᠡᠳᠭᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠢ ᠬᠥᠭ᠌ᠵᠢᠯᠲᠡ᠎ᠶ᠋ᠢᠨ ᠣᠷᠣᠯᠴᠠᠭ᠍ᠴᠢ᠂ ᠬᠢᠨᠠᠯᠲᠠ ᠲᠠᠯᠪᠢᠭ᠍ᠴᠢ᠂ ᠠᠱᠢᠭ ᠬᠦᠷᠲᠡᠭ᠌ᠴᠢ ᠪᠣᠯᠭᠠᠪᠠᠯ᠂ ᠠᠷᠠᠳᠴᠢᠯᠠᠯ ᠰᠠᠶᠢ ᠠᠮᠢᠵᠢᠷᠠᠯ᠎ᠤᠨ ᠬᠦᠴᠦᠨ᠎ᠲᠡᠶ ᠪᠤᠯᠵᠤ᠂ ᠬᠥᠭ᠌ᠵᠢᠯᠲᠡ ᠰᠠᠶᠢ ᠬᠥᠳᠡᠯᠭᠡᠬᠦ᠌ ᠬᠦᠴᠦᠨ᠎ᠲᠡᠶ ᠪᠤᠯᠵᠤ᠂ ᠲᠦᠷᠦ᠍ ᠪᠠᠷᠢᠬᠤ ᠰᠠᠶᠢ ᠪᠠᠲᠤ ᠪᠡᠬᠢ ᠰᠠᠭᠤᠷᠢ᠎ᠲᠠᠶ ᠪᠤᠯᠵᠤ ᠴᠢᠳᠠᠨ᠎ᠠ᠃
ᠨᠦᠬᠡᠨ ᠭᠡᠷ᠎ᠲᠡᠬᠢ ᠠᠰᠠᠭᠤᠯᠲᠠ ᠶᠠᠪᠤᠬᠤ ᠲᠤᠲᠤᠮ ᠱᠢᠨᠡᠳᠴᠦ᠍ ᠤᠯᠠᠮ ᠦᠨ᠎ᠡ ᠦᠷᠳᠡᠭ ᠲᠠᠢ ᠪᠤᠯᠵᠤ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃ 《ᠨᠦᠬᠡᠨ ᠭᠡᠷ᠎ᠲᠡᠬᠢ ᠶᠠᠷᠢᠯᠴᠠᠭ᠎ᠠ》 ᠪᠡᠷ ᠲᠣᠯᠢ ᠪᠣᠯᠭᠠᠵᠤ᠂ ᠬᠣᠶᠠᠷ ᠬᠤᠷᠠᠯ᠎ᠤᠨ ᠬᠠᠮᠲᠤ᠎ᠶ᠋ᠢᠨ ᠲᠠᠨᠢᠯᠲᠠ᠎ᠪᠠᠷ ᠪᠢᠷ ᠪᠣᠯᠭᠠᠵᠤ᠂ ᠪᠢᠳᠡ ᠥᠷᠭᠡᠨ ᠠᠭᠤᠳᠠᠮ ᠲᠤᠮᠳᠠᠳᠤ ᠵᠢᠨ ᠡᠬᠡ ᠭᠠᠵᠠᠷ ᠳᠡᠭᠡᠷ᠎ᠡ᠂ ᠠᠷᠠᠳ ᠲᠦᠮᠡᠨ᠎ᠳᠦ ᠣᠰᠣᠯᠳᠠᠬᠤ ᠦᠭᠡᠢ᠂ ᠴᠠᠭ ᠦᠶ᠎ᠡ᠎ᠳᠦ ᠣᠰᠣᠯᠳᠠᠬᠤ ᠦᠭᠡᠢ ᠰᠦᠷᠯᠢᠭ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠰᠦᠬᠡᠢ᠃