ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ᠎ᠤ ᠹᠦ ᠰᠢᠩ ᠲᠤᠰᠬᠤᠨ ᠤ᠋ ᠠᠭᠤᠷᠬᠠᠢ ᠬᠠᠢᠬᠤ ᠡᠷᠬᠡ ᠶ᠋ᠢᠨ ᠠᠷᠠᠯᠵᠢᠶ᠎ᠠ ᠲᠡᠦᠬᠡᠨ ᠰᠢᠨ᠎ᠠ ᠲᠡᠮᠳᠡᠭᠯᠡᠯ ᠢ᠋ ᠡᠭᠦᠳᠪᠡ
2026-03-04 11:08:00
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠡᠴᠡ ᠤᠢᠯᠠᠭᠠᠭᠰᠠᠨ ᠶ᠋ᠢᠡᠷ᠂ 2 ᠰᠠᠷ᠎ᠠ ᠶ᠋ᠢᠨ 11 ᠤ᠋ ᠡᠳᠦᠷ ᠬᠢᠩᠭᠠᠨ ᠠᠢᠮᠠᠭ ᠤ᠋ᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ᠋ ᠹᠦ ᠰᠢᠩ ᠲᠤᠰᠬᠤᠨ ᠤ᠋ ᠮᠦᠩᠬᠦ ᠬᠠᠷ᠎ᠠ ᠲᠤᠭᠤᠯᠭ᠎ᠠ ᠴᠠᠢᠷ ᠤᠯᠠᠨ ᠲᠡᠮᠦᠷᠯᠢᠭ ᠤ᠋ᠨ ᠠᠭᠤᠷᠬᠠᠢ ᠶ᠋ᠢᠨ 1 ᠳ᠋ᠤᠭᠡᠷ ᠲᠤᠭᠤᠷᠢᠭ ᠤ᠋ᠨ ᠨᠠᠷᠢᠨ ᠪᠠᠢᠴᠠᠭᠠᠯᠳᠠ ᠶ᠋ᠢᠨ ᠠᠭᠤᠷᠬᠠᠢ ᠬᠠᠢᠬᠤ ᠡᠷᠬᠡ ᠶ᠋ᠢ ᠰᠦᠯᠵᠢᠶ᠎ᠠ ᠪᠡᠷ ᠠᠷᠠᠯᠵᠢᠶᠠᠯᠠᠬᠤ ᠠᠵᠢᠯ ᠠᠮᠵᠢᠯᠳᠠ ᠲᠠᠢ ᠦᠨᠳᠦᠷᠯᠡᠵᠠᠢ᠃ ᠲᠤᠰ ᠤᠳᠠᠭ᠎ᠠ 6.1359 ᠲᠡᠭᠰᠢ ᠳᠦᠷᠪᠡᠯᠵᠢᠨ ᠺᠢᠯᠤᠮᠧᠲᠷ ᠤ᠋ᠨ ᠲᠠᠯᠠᠪᠠᠢ ᠪᠦᠬᠦᠢ ᠬᠠᠢᠨ ᠪᠠᠢᠴᠠᠭᠠᠯᠳᠠ ᠶ᠋ᠢᠨ ᠲᠤᠭᠤᠷᠢᠭ ᠤ᠋ᠨ ᠠᠭᠤᠷᠬᠠᠢ ᠬᠠᠢᠬᠤ ᠡᠷᠬᠡ ᠶ᠋ᠢ ᠠᠷᠠᠯᠵᠢᠶᠠᠯᠠᠵᠤ᠂ 491 ᠡᠭᠡᠯᠵᠢ ᠶ᠋ᠢᠨ ᠬᠤᠷᠴᠠ ᠰᠢᠷᠦᠭᠦᠨ ᠦᠨ᠎ᠠ ᠬᠠᠶᠠᠯᠴᠠᠭᠠᠨ ᠶ᠋ᠢᠡᠷ ᠡᠴᠤᠰ ᠲᠡᠭᠡᠨ 787036.8154 ᠲᠦᠮᠡᠨ ᠲᠦᠭᠦᠷᠢᠭ ᠶ᠋ᠢᠡᠷ ᠠᠷᠠᠯᠵᠢᠶ᠎ᠠ ᠪᠦᠲᠦᠵᠦ᠂ ᠦᠪᠡᠷᠳᠡᠭᠡᠨ ᠵᠠᠰᠠᠬᠤ ᠤᠷᠤᠨ ᠤ᠋ ᠲᠡᠮᠦᠷᠯᠢᠭ ᠤ᠋ᠨ ᠲᠦᠷᠦᠯ ᠤ᠋ᠨ ᠠᠭᠤᠷᠬᠠᠢ ᠶ᠋ᠢᠨ ᠠᠵᠢᠯ ᠲᠦᠷᠦᠯ ᠤ᠋ᠨ ᠡᠷᠬᠡ ᠶ᠋ᠢ ᠲᠦᠯᠦᠪᠤᠷᠢ ᠲᠠᠢ ᠰᠢᠯᠵᠢᠭᠦᠯᠦᠨ ᠦᠭᠬᠦ ᠦᠨ᠎ᠠ ᠬᠠᠶᠠᠯᠴᠠᠭᠠᠨ ᠤ᠋ ᠲᠡᠦᠬᠡᠨ ᠰᠢᠨ᠎ᠠ ᠲᠡᠮᠳᠡᠭᠯᠡᠯ ᠢ᠋ ᠡᠭᠦᠳᠴᠠᠢ᠃

ᠤᠢᠯᠠᠭᠠᠭᠰᠠᠨ ᠶ᠋ᠢᠡᠷ᠂ ᠹᠦ ᠰᠢᠩ ᠲᠤᠰᠬᠤᠨ ᠤ᠋ ᠮᠦᠩᠬᠦ ᠬᠠᠷ᠎ᠠ ᠲᠤᠭᠤᠯᠭ᠎ᠠ ᠴᠠᠢᠷ ᠤ᠋ᠨ ᠠᠭᠤᠷᠬᠠᠢ ᠨᠢ ᠪᠤᠷᠤ ᠳᠤᠯᠤᠭᠠᠢ — ᠹᠦ ᠰᠢᠩ ᠲᠤᠰᠬᠤᠨ ᠤ᠋ ᠯᠤᠳᠤ ᠲᠤᠮᠤ ᠬᠡᠯᠪᠡᠷᠢ ᠶ᠋ᠢᠨ ᠮᠦᠩᠬᠦ ᠬᠠᠷ᠎ᠠ ᠲᠤᠭᠤᠯᠭ᠎ᠠ ᠴᠠᠢᠷ ᠤᠯᠠᠨ ᠲᠡᠮᠦᠷᠯᠢᠭ ᠤ᠋ᠨ ᠠᠭᠤᠷᠬᠠᠢ ᠲᠦᠪᠯᠡᠷᠡᠭᠰᠡᠨ ᠲᠤᠭᠤᠷᠢᠭ ᠲᠤ᠌ ᠬᠠᠷᠢᠶᠠᠯᠠᠭᠳᠠᠵᠤ᠂ ᠨᠢᠭᠡᠨᠳᠡ ᠬᠠᠢᠨ ᠢᠯᠡᠷᠡᠭᠦᠯᠦᠭᠰᠡᠨ ᠮᠦᠩᠬᠦᠨ ᠬᠦᠳᠡᠷ ᠤ᠋ᠨ ᠬᠠᠳᠠᠭᠠᠯᠠᠭᠳᠠᠴᠠ ᠨᠢ 5100 ᠲᠤᠨ᠂ ᠬᠠᠷ᠎ᠠ ᠲᠤᠭᠤᠯᠭ᠎ᠠ ᠴᠠᠢᠷ ᠤ᠋ᠨ ᠬᠦᠳᠡᠷ ᠤ᠋ᠨ ᠬᠠᠳᠠᠭᠠᠯᠠᠭᠳᠠᠴᠠ ᠨᠢ 300 ᠲᠦᠮᠡᠨ ᠳᠤᠨ ᠪᠠᠢᠵᠤ᠂ ᠶᠡᠬᠡ ᠬᠢᠩᠭᠠᠨ ᠳᠠᠪᠠᠭ᠎ᠠ ᠶ᠋ᠢᠨ ᠭᠠᠯᠳᠦ ᠠᠭᠤᠯᠠ ᠶ᠋ᠢᠨ ᠴᠢᠯᠠᠭᠤᠯᠢᠭ ᠤᠷᠤᠨ ᠤ᠋ ᠴᠢᠬᠤᠯᠠ ᠶᠡᠬᠡ ᠠᠭᠤᠷᠬᠠᠢ ᠶ᠋ᠢᠨ ᠢᠯᠡᠷᠡᠭᠦᠯᠦᠯᠳᠡ ᠶ᠋ᠢᠨ ᠦᠷ᠎ᠠ ᠪᠦᠲᠦᠭᠡᠯ ᠪᠠᠢᠵᠤ᠂ ᠡᠬᠢ ᠪᠠᠶᠠᠯᠢᠭ ᠤ᠋ᠨ ᠳᠠᠪᠠᠭᠤᠯᠢᠭ ᠤᠨᠴᠠ ᠰᠠᠢᠨ᠂ ᠨᠡᠭᠡᠭᠡᠯᠳᠡ ᠬᠢᠬᠦ ᠳᠠᠯᠳᠠ ᠬᠦᠴᠦᠨ ᠯᠤᠳᠤ ᠶᠡᠬᠡ ᠪᠢᠯᠡ᠃

ᠬᠢᠩᠭᠠᠨ ᠠᠢᠮᠠᠭ ᠤ᠋ᠨ ᠬᠢᠨ ᠲᠤᠰ ᠤᠳᠠᠭ᠎ᠠ ᠶ᠋ᠢᠨ ᠠᠷᠠᠯᠵᠢᠶ᠎ᠠ ᠪᠡᠷ ᠠᠵᠠ ᠳᠤᠬᠢᠶᠠᠯ ᠪᠤᠯᠭᠠᠨ᠂ ᠤᠨᠴᠠ ᠲᠤᠮᠤ ᠬᠡᠯᠪᠡᠷᠢ ᠶ᠋ᠢᠨ ᠬᠦᠳᠡᠷ ᠤ᠋ᠨ ᠬᠡᠪᠳᠡᠰᠢ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠶ᠋ᠢᠡᠨ ᠭᠦᠢᠴᠡᠳ ᠪᠠᠳᠠᠷᠠᠭᠤᠯᠵᠤ᠂ ᠡᠴᠤᠰ ᠤ᠋ᠨ ᠦᠢᠯᠡᠳᠭᠦᠨ ᠤ᠋ ᠠᠵᠤ ᠦᠢᠯᠡᠰ ᠤ᠋ᠨ ᠬᠡᠯᠬᠢᠶ᠎ᠠ ᠶ᠋ᠢ ᠴᠤᠭᠴᠠᠯᠠᠬᠤ ᠠᠵᠢᠯ ᠢ᠋ ᠢᠳᠡᠪᠬᠢᠳᠠᠢ ᠲᠦᠰᠦᠪᠯᠡᠨ ᠠᠬᠢᠭᠤᠯᠵᠤ᠂ ᠰᠢᠨᠵᠢᠯᠡᠬᠦ ᠤᠬᠠᠭᠠᠨᠴᠢ ᠠᠵᠤ ᠦᠢᠯᠡᠰ ᠤ᠋ᠨ ᠪᠠᠢᠷᠢᠰᠢᠭᠤᠯᠤᠯᠳᠠ ᠪᠠ ᠨᠠᠷᠢᠯᠢᠭ ᠤᠨᠤᠪᠴᠢᠳᠠᠢ ᠪᠡᠷ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠠᠷᠭ᠎ᠠ ᠪᠡᠷ ᠳᠠᠮᠵᠢᠨ᠂ ᠮᠦᠩᠬᠦ ᠬᠠᠷ᠎ᠠ ᠲᠤᠭᠤᠯᠭ᠎ᠠ ᠴᠠᠢᠷ ᠤ᠋ᠨ ᠬᠦᠳᠡᠷ ᠢ᠋ ᠰᠢᠯᠢᠵᠦ ᠮᠠᠯᠳᠠᠬᠤ᠂ ᠬᠠᠢᠯᠤᠭᠤᠯᠤᠨ ᠪᠤᠯᠪᠠᠰᠤᠷᠠᠭᠤᠯᠬᠤ ᠵᠢᠴᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠢ᠋ ᠭᠤᠤᠯᠳᠠᠯᠭ᠎ᠠ ᠲᠠᠢ ᠬᠦᠭᠵᠢᠭᠦᠯᠵᠦ᠂ ᠡᠬᠢ ᠪᠠᠶᠠᠯᠢᠭ ᠢ᠋ ᠦᠨᠳᠦᠷ ᠪᠦᠲᠦᠮᠵᠢᠳᠠᠢ ᠪᠡᠷ ᠤᠨᠳᠤᠤᠰᠢᠭᠤᠯᠬᠤ᠂ ᠨᠡᠮᠡᠯᠳᠡ ᠦᠷᠳᠡᠭ ᠢ᠋ ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠪᠤᠬᠢᠷᠳᠦᠯ ᠦᠭᠡᠢ ᠠᠭᠤᠷᠬᠠᠢ ᠶ᠋ᠢᠨ ᠠᠵᠤ ᠦᠢᠯᠡᠰ ᠤ᠋ᠨ ᠬᠡᠯᠬᠢᠶ᠎ᠠ ᠶ᠋ᠢ ᠴᠤᠭᠴᠠᠯᠠᠨ᠂ ᠠᠵᠤ ᠦᠢᠯᠡᠰ ᠤ᠋ᠨ ᠪᠦᠭᠡᠮᠨᠡᠷᠡᠨ ᠳᠡᠰ ᠳᠡᠪᠰᠢᠬᠦ ᠶ᠋ᠢ ᠠᠬᠢᠭᠤᠯᠵᠤ᠂ ᠡᠬᠢ ᠪᠠᠶᠠᠯᠢᠭ ᠤ᠋ᠨ ᠳᠠᠪᠠᠭᠤᠯᠢᠭ ᠶ᠋ᠢᠡᠨ ᠦᠨᠡᠨ ᠬᠦ᠌ ᠠᠵᠤ ᠠᠬᠤᠢ ᠶ᠋ᠢᠨ ᠳᠠᠪᠠᠭᠤᠯᠢᠭ ᠪᠤᠯᠤᠨ ᠬᠦᠭᠵᠢᠯᠳᠡ ᠶ᠋ᠢᠨ ᠳᠠᠪᠠᠭᠤᠯᠢᠭ ᠪᠤᠯᠭᠠᠨ ᠬᠤᠪᠢᠷᠠᠭᠤᠯᠵᠤ᠂ ᠤᠷᠤᠨ ᠨᠤᠳᠤᠭ ᠤ᠋ᠨ ᠠᠭᠤᠷᠬᠠᠢ ᠶ᠋ᠢᠨ ᠠᠵᠤ ᠠᠬᠤᠢ ᠶ᠋ᠢᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠬᠦ ᠪᠠᠷ ᠬᠦᠴᠤᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号