ᠪᠤᠭᠤᠲᠤ ᠬᠤᠪᠤᠷ ᠰᠢᠷᠤᠢ ᠵᠢᠨ ᠲᠡᠭᠡᠳᠤ ᠰᠢᠨ᠎ᠠ ᠮᠡᠷᠭᠡᠵᠢᠯ᠎ᠤᠨ ᠲᠤᠭᠤᠷᠢᠭ᠎ᠤᠯᠤᠰ᠎ᠤᠨ ᠲᠡᠰ᠎ᠤᠨ ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠭ᠎ᠢ ᠪᠦᠲᠦᠭᠡᠨ ᠪᠠᠢᠭᠤᠯᠵᠤ ᠪᠤᠢ
2026-03-04 11:15:07
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

ᠪᠤᠭᠤᠲᠤ ᠬᠤᠪᠤᠷ ᠰᠢᠷᠤᠢ ᠵᠢᠨ ᠲᠡᠭᠡᠳᠤ ᠰᠢᠨ᠎ᠠ ᠮᠡᠷᠭᠡᠵᠢᠯ᠎ᠤᠨ ᠲᠤᠭᠤᠷᠢᠭ᠎ᠤᠨ ᠤᠯᠤᠰ᠎ᠤᠨ ᠲᠡᠰ᠎ᠤᠨ ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠭ᠎ᠢ ᠪᠦᠲᠦᠭᠡᠨ ᠪᠠᠢᠭᠤᠯᠬᠤ ᠠᠵᠢᠯ ᠤᠢᠷ᠎ᠠ᠎ᠳᠤ ᠡᠬᠢᠯᠡᠵᠡᠢ᠂ ᠡᠨᠡ ᠨᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠯᠤᠰ᠎ᠤᠨ 《ᠨᠡᠭᠦᠷᠡᠰᠦᠳ᠋ᠦ᠋ᠷᠦᠭᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ᠂ ᠨᠡᠭᠦᠷᠡᠰᠦᠳᠦ᠋ᠷᠦᠭᠴᠢ ᠵᠢ ᠰᠠᠭᠠᠷᠮᠠᠭᠵᠢᠭᠤᠯᠬᠤ》ᠢᠨᠵᠧᠨᠧᠷᠢᠩ᠎ᠢ ᠨᠠᠢᠲᠠᠪᠤᠷᠢᠵᠢᠭᠤᠯᠬᠤ ᠬᠡᠪ ᠳᠠᠭᠤᠷᠢᠶᠠᠯ᠎ᠤᠨ ᠴᠢᠨᠡᠷᠳᠠᠢ ᠢᠨᠵᠧᠨᠧᠷᠢᠩ ᠪᠤᠯᠬᠤ ᠪᠡᠷ ᠪᠠᠷᠠᠬᠤ ᠦᠭᠡᠢ᠂ ᠨᠡᠩ ᠴᠤ᠌ ᠪᠦᠬᠦ ᠤᠯᠤᠰ᠎ᠤᠨ ᠲᠦᠷᠦᠭᠦᠦ ᠪᠦᠯᠦᠭ᠎ᠤᠨ ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠭ᠎ᠤᠨ ᠤᠯᠠᠮᠵᠢᠯᠠᠯᠳᠤ ᠠᠵᠤ ᠦᠢᠯᠡᠳᠪᠦᠷᠢ ᠵᠢᠨ ᠬᠤᠳᠠ ᠵᠢᠨ ᠪᠤᠬᠢᠷᠳᠤᠯ ᠦᠭᠡᠢ ᠨᠡᠭᠦᠷᠡᠰᠦᠳ᠋ᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠢᠰᠢ ᠬᠤᠪᠢᠷᠠᠬᠤ ᠠᠷᠭ᠎ᠠ ᠵᠠᠮ᠎ᠢ ᠡᠷᠢᠯᠬᠢᠯᠡᠬᠦ᠂ ᠪᠦᠬᠦ ᠤᠯᠤᠰ ᠲᠤ᠌ ᠳᠠᠭᠤᠷᠢᠶᠠᠵᠤ ᠪᠤᠯᠬᠤ ᠬᠡᠪ ᠵᠠᠬᠪᠤᠷ᠎ᠢ ᠴᠤᠬᠴᠠᠯᠠᠬᠤ ᠴᠢᠬᠤᠯᠠ ᠡᠭᠦᠷᠭᠡ ᠵᠢ ᠡᠭᠦᠷᠭᠡᠯᠡᠵᠦ ᠪᠤᠢ᠃

ᠪᠤᠭᠤᠲᠤ ᠬᠤᠪᠤᠷ ᠰᠢᠷᠤᠢ ᠵᠢᠨ ᠲᠡᠭᠡᠳᠤ ᠰᠢᠨ᠎ᠠ ᠮᠡᠷᠭᠡᠵᠢᠯ᠎ᠤᠨ ᠲᠤᠭᠤᠷᠢᠭ᠎ᠤᠨ ᠤᠯᠤᠰ᠎ᠤᠨ ᠲᠡᠰ᠎ᠤᠨ ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠭ᠎ᠢ 《ᠬᠦᠷᠢᠶᠡᠯᠡᠩ ᠲᠤᠳᠤᠷᠠᠬᠢ ᠬᠦᠷᠢᠶᠡᠯᠡᠩ》 ᠤ᠋ᠨ ᠵᠠᠬᠪᠤᠷ ᠵᠢᠡᠷ ᠪᠠᠢᠭᠤᠯᠵᠦ᠂ ᠬᠤᠪᠤᠷ ᠰᠢᠷᠤᠢ ᠵᠢᠨ ᠠᠵᠤ ᠦᠢᠯᠡᠰ᠎ᠤᠨ ᠬᠦᠷᠢᠶᠡᠯᠡᠩ᠂ ᠲᠡᠭᠡᠳᠤ ᠲᠡᠰ᠎ᠤᠨ ᠪᠠᠭᠠᠵᠢ ᠲᠤᠨᠤᠬᠯᠠᠯ ᠦᠢᠯᠡᠳᠬᠦ ᠠᠵᠤ ᠦᠢᠯᠡᠰ᠎ᠤᠨ ᠬᠦᠷᠢᠶᠡᠯᠡᠩ᠎ᠢ ᠬᠠᠮᠤᠷᠤᠨ᠂ ᠤᠳᠤ ᠨᠢᠭᠡᠨᠳᠡ ᠬᠤᠪᠤᠷ ᠰᠢᠷᠤᠢ᠂ ᠬᠡᠷᠡᠯᠴᠢ ᠴᠡᠨᠡᠭ ᠪᠤᠯᠤᠨ ᠡᠨᠧᠷᠬᠢ ᠬᠠᠳᠠᠭᠠᠯᠠᠬᠤ ᠵᠡᠷᠭᠡ ᠤᠨᠴᠠᠯᠢᠬᠳᠤ ᠭᠤᠤᠯ ᠵᠢᠯᠤᠭᠤᠳᠬᠤ ᠠᠵᠤ ᠦᠢᠯᠡᠰ᠎ᠢ ᠪᠦᠷᠢᠯᠳᠦᠬᠦᠯᠵᠠᠢ᠃ ᠪᠦᠬᠦ ᠤᠯᠤᠰ᠎ᠤᠨ ᠲᠦᠷᠦᠬᠦᠦ ᠪᠦᠯᠦᠭ᠎ᠤᠨ ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠭ᠎ᠤᠨ ᠲᠤᠷᠰᠢᠯᠳᠠ ᠵᠢᠨ ᠴᠡᠭ ᠪᠤᠯᠤᠬᠰᠠᠨ᠎ᠤ ᠬᠤᠪᠢ ᠳ᠋ᠤ᠂ ᠲᠡᠭᠦᠨ᠎ᠤ ᠭᠤᠤᠯ ᠡᠭᠦᠷᠭᠡ ᠨᠢ ᠪᠦᠬᠦ ᠤᠯᠤᠰ᠎ᠤᠨ ᠠᠳᠠᠯᠢᠪᠲᠤᠷ ᠬᠦᠨᠳᠤ ᠠᠵᠤ ᠦᠢᠯᠡᠳᠪᠦᠷᠢ ᠲᠦᠪᠯᠡᠷᠡᠭᠰᠡᠨ ᠤᠷᠤᠨ᠎ᠤ ᠨᠡᠭᠦᠷᠡᠰᠦᠳ᠋ᠦ᠋ᠷᠦᠭᠴᠢ ᠭᠠᠳᠠᠬᠰᠢᠯᠠᠭᠤᠯᠬᠤ ᠬᠦᠴᠢᠷ ᠠᠰᠠᠭᠤᠳᠠᠯ᠎ᠢ ᠰᠢᠰᠲᠧᠮᠵᠢᠭᠦᠯᠦᠨ ᠰᠢᠢᠳᠪᠦᠷᠢᠯᠡᠬᠦ ᠳ᠋ᠤ ᠲᠦᠭᠡᠮᠡᠯᠵᠢᠬᠦᠯᠵᠦ ᠪᠤᠯᠬᠤ 《ᠪᠤᠭᠤᠲᠤ ᠵᠢᠨ ᠲᠦᠰᠤᠯ》 ᠢ᠋ ᠬᠠᠩᠭᠠᠬᠤ ᠪᠤᠯᠤᠨ᠎ᠠ᠃ ᠡᠭᠦᠨ᠎ᠤ ᠲᠤᠯᠠᠳᠠ᠂ ᠬᠦᠷᠢᠶᠡᠯᠡᠩ ᠲᠤᠭᠤᠷᠢᠭ 《ᠬᠤᠶᠠᠷ ᠠᠯᠬᠤᠮ ᠵᠢᠡᠷ ᠶᠠᠪᠤᠬᠤ》 ᠪᠠᠢᠯᠳᠤᠬᠤ ᠪᠤᠳᠤᠯᠭ᠎ᠠ ᠵᠢ ᠲᠤᠳᠤᠷᠬᠠᠢ ᠲᠤᠬᠳᠠᠭᠠᠪᠠ᠃ 2025 ᠤᠨ — 2027 ᠤᠨ ᠬᠦᠷᠲᠡᠯ᠎ᠡ ᠰᠠᠭᠤᠷᠢ ᠵᠢ ᠪᠠᠳᠤᠳᠬᠠᠵᠤ᠂ ᠭᠤᠤᠯᠳᠠᠭᠤ ᠪᠤᠬᠢᠷᠳᠤᠯ ᠦᠭᠡᠢ ᠴᠠᠬᠢᠯᠭᠠᠨ ᠵᠢᠡᠷ ᠤᠷᠤᠯᠠᠭᠤᠯᠬᠤ᠂ ᠡᠨᠧᠷᠬᠢ ᠠᠷᠪᠢᠯᠠᠨ ᠦᠭᠡᠷᠡᠴᠢᠯᠡᠬᠦ ᠵᠡᠷᠭᠡ ᠪᠤᠭᠤᠮᠳᠠ ᠰᠢᠪᠳᠤᠯᠬᠤ ᠢᠨᠵᠧᠨᠧᠷᠢᠩ᠎ᠢ ᠭᠤᠤᠯᠳᠠᠯᠭ᠎ᠠ ᠲᠠᠢ ᠦᠷᠨᠢᠬᠦᠯᠦᠨ᠎ᠡ᠃ 2028 ᠤᠨ — 2035 ᠤᠨ ᠪᠤᠯᠲᠠᠯ᠎ᠠ ᠴᠢᠨᠠᠷ᠎ᠢ ᠲᠡᠭᠡᠭᠰᠢᠯᠡᠭᠦᠯᠦᠨ᠂ ᠰᠢᠰᠲᠧᠮ᠎ᠤᠨ ᠬᠤᠷᠠᠮᠠᠯ ᠵᠢᠴᠢ ᠤᠶᠤᠨ᠎ᠤ ᠠᠭᠤᠰᠤᠯᠴᠠᠯ ᠳ᠋ᠤ ᠠᠩᠬᠠᠷᠤᠯ ᠵᠢᠡᠨ ᠲᠦᠪᠯᠡᠷᠡᠭᠦᠯᠦᠨ᠂ ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠦᠷ᠎ᠠ ᠪᠦᠳᠦᠭᠡᠯ᠎ᠢ ᠪᠡᠬᠢᠵᠢᠬᠦᠯᠦᠨ ᠲᠡᠭᠡᠭᠰᠢᠯᠡᠬᠦᠯᠵᠦ᠂ ᠬᠦᠷᠢᠶᠡᠯᠡᠩ ᠲᠤᠭᠤᠷᠢᠭ᠎ᠤᠨ ᠡᠨᠧᠷᠬᠢ ᠵᠢᠨ ᠦᠢᠯᠡᠳᠦᠯ ᠪᠤᠯᠤᠨ ᠨᠡᠭᠦᠷᠡᠰᠦᠳ᠋ᠦ᠋ᠷᠦᠭᠴᠢ ᠭᠠᠳᠠᠬᠰᠢᠯᠠᠭᠤᠯᠬᠤ ᠵᠢ ᠬᠠᠮᠢᠶᠠᠷᠤᠨ ᠡᠵᠡᠮᠳᠡᠬᠦ ᠲᠦᠪᠰᠢᠨ᠎ᠤ ᠪᠦᠬᠦ ᠲᠠᠯ᠎ᠠ ᠵᠢᠨ ᠦᠰᠦᠷᠦᠩᠬᠦᠢ ᠲᠠᠪᠰᠢᠯᠳᠠ ᠵᠢ ᠪᠡᠶᠡᠯᠡᠬᠦᠯᠬᠦ ᠪᠤᠯᠤᠨ᠎ᠠ᠃

ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠬ᠎ᠢ ᠪᠦᠲᠦᠭᠡᠨ ᠪᠠᠢᠭᠤᠯᠬᠤ ᠵᠢᠨ ᠲᠦᠯᠦᠭᠡ᠂ ᠪᠤᠭᠤᠲᠤ ᠬᠤᠪᠤᠷ ᠰᠢᠷᠤᠢ ᠵᠢᠨ ᠲᠡᠭᠡᠳᠤ ᠰᠢᠨ᠎ᠠ ᠮᠡᠷᠭᠡᠵᠢᠯ᠎ᠤᠨ ᠲᠤᠭᠤᠷᠢᠭ ᠬᠠᠮᠢᠶᠠᠷᠤᠯᠳᠠ ᠵᠢᠨ ᠲᠤᠬᠳᠠᠴᠠ ᠪᠡᠨ ᠲᠡᠭᠦᠯᠳᠡᠷᠵᠢᠭᠦᠯᠵᠦ᠂ ᠪᠤᠬᠢᠷᠳᠤᠯ ᠦᠭᠡᠢ ᠵᠦᠪᠰᠢᠶᠡᠷᠡᠯ᠎ᠤᠨ ᠪᠠᠷᠢᠮᠵᠢᠶ᠎ᠠ ᠵᠢ ᠴᠢᠩᠭᠠᠳᠬᠠᠨ᠂ ᠵᠠᠬ᠎ᠠ ᠳᠡᠯᠭᠡᠭᠦᠷ᠎ᠤᠨ ᠭᠤᠤᠯ ᠴᠤᠭᠴᠠ ᠵᠢᠨ ᠳᠤᠲᠤᠭᠠᠳᠤ ᠬᠦᠳᠡᠯᠭᠡᠬᠦ ᠬᠦᠴᠦᠨ᠎ᠢ ᠲᠠᠢᠴᠢᠯᠠᠵᠠᠢ᠃ ᠲᠦᠯᠦᠪᠵᠢᠬᠦᠯᠭᠡ ᠶᠤᠰᠤᠭᠠᠷ᠂ 2027 ᠤᠨ ᠪᠤᠯᠬᠤ ᠳ᠋ᠤ ᠪᠤᠭᠤᠲᠤ ᠬᠤᠪᠤᠷ ᠰᠢᠷᠤᠢ ᠵᠢᠨ ᠲᠡᠭᠡᠳᠤ ᠰᠢᠨ᠎ᠠ ᠮᠡᠷᠭᠡᠵᠢᠯ᠎ᠤᠨ ᠲᠤᠭᠤᠷᠢᠭ᠎ᠤᠨ ᠤᠯᠤᠰ᠎ᠤᠨ ᠲᠡᠰ᠎ᠤᠨ ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠭ ᠪᠤᠬᠢᠷᠳᠤᠯ ᠦᠭᠡᠢ ᠴᠠᠬᠢᠯᠭᠠᠨ᠎ᠤ ᠰᠢᠭᠤᠳ ᠬᠠᠩᠭᠠᠯᠭ᠎ᠠ ᠵᠢᠨ ᠬᠠᠷᠢᠴᠠᠯ᠎ᠢ 50% ᠡᠴᠡ ᠳᠡᠭᠡᠭᠰᠢ ᠪᠤᠯᠭᠠᠵᠤ᠂ ᠴᠡᠪᠡᠷ ᠡᠨᠧᠷᠬᠢ ᠵᠢᠨ ᠬᠡᠷᠡᠭᠯᠡᠭᠡ ᠵᠢᠨ ᠡᠵᠡᠯᠡᠬᠦ ᠬᠠᠷᠢᠴᠠᠯ᠎ᠢ 90% ᠡᠴᠡ ᠳᠡᠭᠡᠭᠰᠢ ᠪᠤᠯᠭᠠᠨ᠂ ᠨᠢᠭᠡᠴᠢ ᠡᠨᠧᠷᠬᠢ ᠵᠢᠨ ᠬᠤᠷᠤᠬᠳᠠᠯ᠎ᠤᠨ ᠨᠡᠭᠦᠷᠡᠰᠦᠳ᠋ᠦ᠋ᠷᠦᠭᠴᠢ ᠵᠢᠨ ᠭᠠᠳᠠᠬᠰᠢᠯᠠᠭᠤᠯᠤᠯᠳᠠ ᠵᠢ 0.25 ᠲᠤᠨ ᠪᠠᠷᠢᠮᠵᠢᠶᠠᠳᠤ ᠨᠡᠭᠦᠷᠡᠰᠤ / ᠲᠦᠮᠡᠨ ᠲᠦᠭᠦᠷᠢᠭ᠎ᠡᠴᠡ ᠲᠤᠷᠤᠭᠰᠢ ᠪᠤᠯᠭᠠᠵᠦ᠂ ᠨᠡᠭᠦᠷᠡᠰᠦᠳ᠋ᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠤᠭᠤᠷᠢᠭ᠎ᠢ ᠦᠨᠳᠤᠰᠤᠨ ᠳ᠋ᠡᠭᠡᠨ ᠪᠠᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号