ᠬᠢᠩᠭᠠᠨ ᠠᠢᠮᠠᠬ᠎ᠤᠨ ᠤᠯᠠᠭᠠᠨᠬᠤᠲᠠ ᠤᠢ᠍ᠢᠷ᠎ᠠ᠎ᠶ᠋ᠢᠨ ᠵᠢᠯ᠎ᠠᠴᠠ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠳᠤ ᠲᠦᠰᠢᠭᠯᠡᠨ᠂ ᠭᠡᠷ᠎ᠤᠨ ᠵᠢᠭᠦᠷᠳᠡᠨ᠂ ᠮᠢᠬᠠᠨ᠎ᠤ ᠦᠭᠡᠷ ᠵᠡᠷᠭᠡ ᠲᠡᠵᠢᠭᠡᠪᠦᠷᠢ ᠵᠢᠨ ᠤᠢᠯᠡᠰ᠎ᠤᠨ ᠭᠡᠪᠴᠢᠶᠡᠵᠢᠭᠰᠡᠨ᠂ ᠪᠠᠷᠢᠮᠵᠢᠶᠠᠵᠢᠭᠰᠡᠨ᠂ ᠰᠢᠨᠵᠢᠯᠡᠭᠦ ᠤᠬᠠᠭᠠᠨᠴᠢᠯᠠᠭᠰᠡᠨ ᠲᠠᠢᠰᠢ ᠭᠡᠯᠪᠡᠷᠢ ᠪᠡᠨ ᠬᠤᠪᠢᠷᠠᠭᠤᠯᠬᠤ ᠵᠢ ᠭᠦᠴᠤᠯᠠᠨ ᠠᠬᠢᠭᠤᠯᠵᠤ᠂ ᠦᠷ᠎ᠡ ᠠᠰᠢᠬ᠎ᠢ ᠨᠡᠮᠡᠭᠳᠡᠭᠦᠯᠵᠦ᠂ ᠠᠷᠠᠳ᠎ᠤᠨ ᠤᠷᠤᠯᠭ᠎ᠠ ᠵᠢ ᠨᠡᠮᠡᠭᠳᠡᠭᠦᠯᠤᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠭᠦᠴᠤᠨ ᠨᠡᠮᠡᠷᠢᠯᠡᠵᠤ ᠪᠤᠢ᠃
ᠲᠦᠷᠦᠭᠦᠬᠡᠨ ᠤᠯᠠᠭᠠᠨᠬᠤᠲᠠ᠎ᠶ᠋ᠢᠨ ᠱᠢᠨᠴᠸᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠵᠡᠭᠦᠨ ᠪᠠᠶᠠᠨ ᠭᠠᠴᠠᠭᠠᠨ᠎ᠤ ᠬᠤᠩ ᠾᠦᠢ ᠥᠨᠳᠡᠭᠡᠨ ᠲᠠᠬᠢᠶᠠᠨ᠎ᠤ ᠲᠡᠵᠢᠭᠡᠪᠦᠷᠢ ᠵᠢᠨ ᠲᠤᠰᠭᠠᠢ ᠬᠤᠷᠱᠢᠶᠡᠨᠳᠤ ᠬᠦᠷᠬᠦ᠎ᠳᠤ᠂ ᠲᠠᠬᠢᠶᠠᠨ ᠡᠬᠦᠷ ᠮᠦᠷ ᠮᠦᠷ ᠵᠢᠡᠷ ᠵᠢᠭᠳᠡᠷᠡᠭᠡᠳ᠂ ᠣᠷᠴᠢᠨ ᠨᠦᠭᠦᠴᠡᠯ ᠨᠢ ᠴᠡᠪᠡᠷ ᠴᠡᠮᠴᠡᠭᠡᠷ᠂ ᠳᠤᠯᠠᠭᠠᠨ᠎ᠤ ᠬᠡᠮᠵᠢᠶ᠎ᠡ ᠲᠣᠬᠢᠷᠠᠮᠵᠢᠲᠠᠶ ᠪᠠᠢᠯ᠎ᠠ᠃ ᠠᠦ᠋ᠲ᠋ᠤᠴᠢᠯᠠᠭᠰᠡᠨ ᠥᠨᠳᠡᠭᠡ ᠲᠡᠭᠦᠬᠦ᠌ ᠲᠦᠭᠦᠭᠡᠷᠤᠮᠵᠢ ᠵᠢᠨ ᠢᠯᠭᠠᠨ ᠬᠤᠪᠢᠶᠠᠬᠰᠠᠨᠲᠠᠬᠢᠶᠠᠨ ᠥᠨᠳᠡᠭᠡ᠎ᠶ᠋ᠢ ᠠᠵᠢᠯᠳᠠᠨ ᠬᠠᠢᠷᠴᠠᠭᠯᠠᠨ ᠪᠣᠭᠤᠳᠠᠯᠯᠠᠵᠠᠭᠠᠨᠠ᠃
《ᠮᠠᠨ᠎ᠤ ᠲᠡᠵᠢᠭᠡᠪᠦᠷᠢ ᠵᠢᠨ ᠬᠤᠷᠱᠢᠶ᠎ᠠ ᠲᠠᠬᠢᠶᠠᠨ ᠡᠭᠦᠷᠲᠦ᠍ ᠰᠠᠯᠬᠢ ᠨᠡᠪᠲᠡᠷᠡᠭᠦᠯᠬᠦ᠂ ᠲᠠᠬᠢᠶᠠᠨ᠎ᠳᠤ ᠪᠤᠷᠳᠤᠭ᠎ᠠ ᠥᠭ᠌ᠬᠦ᠂ ᠭᠡᠷᠡᠭᠯᠡᠭᠦ ᠤᠰᠤᠨ᠎ᠤ ᠬᠡᠮᠵᠢᠶ᠎ᠡ ᠵᠢ ᠳᠤᠬᠢᠷᠠᠭᠤᠯᠬᠤ᠂ ᠢᠯᠭᠠᠳᠠᠰᠤ᠎ᠶ᠋ᠢ ᠴᠡᠪᠡᠷᠯᠡᠬᠦ᠂ ᠥᠨᠳᠡᠭᠡ ᠲᠡᠭᠦᠬᠦ᠌ ᠵᠡᠷᠭᠡ ᠵᠢ ᠴᠥᠮ ᠠᠦ᠋ᠲ᠋ᠣ᠋ ᠲᠥᠬᠦᠭᠡᠷᠦᠮᠵᠢ ᠪᠡᠷ ᠬᠢᠵᠦ ᠪᠠᠢᠨ᠎ᠠ᠃ ᠡᠭᠦᠨ᠎ᠤ ᠬᠠᠮᠳᠤ᠂ ᠥᠨᠳᠡᠭᠡᠨ ᠲᠠᠬᠢᠶᠠᠨ᠎ᠤ ᠠᠳᠠᠯᠢ ᠪᠤᠰᠤ ᠦᠰᠤᠯᠳᠠ᠎ᠶ᠋ᠢᠨ ᠱᠠᠲᠤᠨ᠎ᠤ ᠭᠡᠷᠡᠭᠰᠡᠭᠦ ᠱᠢᠮ᠎ᠡ ᠲᠡᠵᠢᠭᠡᠯ᠎ᠤᠨ ᠬᠡᠷᠡᠭ᠌ᠴᠡᠭᠡ᠎ᠶ᠋ᠢ ᠦᠨᠳᠦᠰᠦᠯᠡᠨ᠂ ᠲᠡᠵᠢᠭᠡᠯ ᠪᠣᠷᠳᠣᠭᠠᠨ᠎ᠤ ᠨᠠᠢᠷᠠᠯᠭ᠎ᠠ ᠵᠢ ᠨᠠᠷᠢᠯᠢᠭ ᠣᠨᠣᠴᠠᠲᠠᠶᠳᠣᠭᠢᠷᠠᠭᠤᠯᠤᠨᠠ᠃ ᠤᠳᠤ ᠡᠳᠦᠷ ᠪᠦᠷᠢ 7000 ᠵᠢᠩ ᠣᠷᠴᠢᠮ᠎ᠤᠨ ᠲᠠᠬᠢᠶᠠᠨ ᠥᠨᠳᠡᠭᠡ ᠵᠢ ᠤᠯᠠᠭᠠᠨᠬᠤᠲᠠ᠎ᠶ᠋ᠢᠨ ᠵᠠᠬ᠎ᠠ ᠳᠡᠯᠭᠡᠭᠦᠷ ᠲᠤ᠌ ᠬᠦᠷᠭᠡᠵᠦ ᠪᠠᠢᠨ᠎ᠠ》 ᠭᠡᠵᠤ ᠬᠤᠩ ᠾᠦᠢ ᠥᠨᠳᠡᠭᠡᠨ ᠲᠠᠬᠢᠶᠠᠨ᠎ᠤ ᠲᠡᠵᠢᠭᠡᠪᠦᠷᠢ ᠵᠢᠨ ᠲᠤᠰᠭᠠᠶ ᠬᠤᠷᠱᠢᠶᠠᠨ᠎ᠤ ᠬᠡᠷᠡᠭ ᠡᠷᠬᠢᠯᠡᠭ᠌ᠴᠢᠳ᠎ᠤᠨ ᠳᠠᠷᠤᠭ᠎ᠠ ᠯᠢ ᠬᠤᠩ ᠴᠢᠩ ᠲᠠᠨᠢᠯᠴᠠᠭᠤᠯᠵᠠᠢ᠃
ᠲᠤᠰ ᠲᠡᠵᠢᠭᠡᠪᠦᠷᠢ ᠵᠢᠨ ᠬᠤᠷᠱᠢᠶ᠎ᠠ 2016 ᠣᠨ᠎ᠳᠤ ᠪᠠᠢᠭᠤᠯᠤᠭᠳᠠᠵᠤ᠂ ᠤᠳᠤᠬᠠᠨ᠎ᠳᠤ ᠬᠢᠩᠭᠠᠨ ᠠᠢᠮᠠᠭ᠎ᠤᠨ ᠬᠡᠪᠴᠢᠶ᠎ᠡ᠎ᠪᠠᠷ ᠬᠠᠮᠤᠭ᠎ᠤᠨ ᠶᠡᠭᠡ ᠠᠦ᠋ᠲ᠋ᠤᠴᠢᠯᠠᠭ᠍ᠰᠠᠨ ᠥᠨᠳᠡᠭᠡᠨ ᠲᠠᠬᠢᠶᠠᠨ᠎ᠤ ᠲᠡᠵᠢᠭᠡᠪᠦᠷᠢ ᠵᠢᠨ ᠲᠥᠪ ᠪᠣᠯᠵᠤ ᠭᠦᠭᠵᠢᠭᠡᠳ᠂ ᠵᠢᠯ᠎ᠳᠤ 10 ᠲᠦᠮᠡᠨ ᠥᠨᠳᠡᠭᠡᠨ ᠲᠠᠬᠢᠶ᠎ᠠ ᠲᠡᠵᠢᠭᠡᠵᠦ᠍ ᠪᠤᠢ᠃ ᠲᠡᠷᠢᠭᠦᠨ᠎ᠤ ᠠᠦ᠋ᠲ᠋ᠣᠴᠢᠯᠠᠭ᠍ᠰᠠᠨ ᠲᠡᠵᠢᠭᠡᠨ ᠦᠷᠡᠵᠢᠭᠦᠯᠬᠦ᠌ ᠵᠠᠭ᠍ᠪᠤᠷ ᠪᠠ 《ᠱᠢᠨᠵᠢᠯᠡᠬᠦ᠌ ᠤᠬᠠᠭᠠᠨᠴᠢ᠎ᠪᠠᠷ ᠲᠡᠵᠢᠭᠡᠬᠦ᠂ ᠠᠮᠤᠷ ᠲᠦᠪᠱᠢᠨ᠎ᠢ ᠪᠠᠳᠤᠯᠠᠬᠤ᠂ ᠡᠳᠦᠷ᠎ᠤᠨ ᠭᠠᠷᠤᠯᠲᠠ ᠪᠠᠨ ᠡᠳᠦᠷ᠎ᠲᠡᠭᠡᠨ ᠪᠣᠷᠣᠯᠠᠭᠤᠯᠬᠤ》 ᠡᠵᠡᠩᠨᠡᠯᠲᠡ᠎ᠶ᠋ᠢᠨ ᠤᠢᠯᠠᠭᠠᠭᠳᠠᠬᠤᠨ᠎ᠢ ᠪᠠᠷᠢᠮᠳᠠᠯᠠᠨ᠂ ᠲᠤᠬᠠᠶ᠎ᠶ᠋ᠢᠨ ᠭᠠᠵᠠᠷ᠎ᠤᠨ ᠠᠦ᠋ᠲ᠋ᠣᠴᠢᠯᠠᠭ᠍ᠰᠠᠨ ᠲᠡᠵᠢᠭᠡᠪᠦᠷᠢ ᠵᠢᠨ ᠡᠷᠤᠬᠡ ᠵᠢᠨ ᠬᠡᠪ ᠳᠠᠭᠤᠷᠢᠶᠠᠯ ᠪᠣᠯᠵᠠᠢ᠃
ᠥᠪᠥᠷ ᠮᠣᠩᠭᠤᠯ᠎ᠤᠨ ᠱᠢᠨ ᠹᠦ᠋ ᠰᠠᠢᠨ ᠡᠭᠦᠯᠳᠡᠷ ᠦᠷᠡᠵᠢᠭᠦᠯᠦᠨ ᠪᠤᠢᠵᠢᠭᠤᠯᠬᠤ ᠰᠠᠭᠤᠷᠢᠨ᠎ᠳᠤ ᠭᠦᠷᠬᠦ᠎ᠳᠤ᠂ ᠮᠡᠷᠭᠡᠵᠢᠯᠲᠡᠨ ᠠᠦ᠋ᠲ᠋ᠣ᠋ ᠲᠠᠮᠤᠷ ᠵᠢᠶᠠᠰᠠ᠎ᠶ᠋ᠢ ᠬᠡᠷᠡᠭ᠌ᠯᠡᠭᠡᠳ ᠰᠢᠮᠸᠨ᠋ᠳ᠋ᠠᠷ ᠦᠬᠡᠷ᠎ᠲᠤ ᠸᠠᠺᠼᠢᠨ᠎ᠤ ᠲᠠᠷᠢᠯᠭ᠎ᠠ ᠬᠢᠵᠦ᠍᠂ ᠠᠵᠢᠯᠳᠠᠨ᠎ᠤ ᠵᠠᠷᠢᠮ ᠨᠢ ᠠᠦ᠋ᠲ᠋ᠣ᠋ ᠲᠦᠭᠦᠭᠡᠷᠤᠮᠵᠢ ᠪᠡᠷ ᠦᠭᠡᠷ ᠲᠤ᠌ ᠨᠠᠷᠢᠨ ᠤᠨᠤᠴᠠᠳᠠᠢ ᠪᠤᠷᠳᠤᠭ᠎ᠠ ᠦᠭᠴᠤ᠂ ᠵᠠᠷᠢᠮ ᠨᠢ ᠠᠦ᠋ᠲ᠋ᠣ᠋ ᠬᠤᠩᠭᠢᠯ᠎ᠢ ᠴᠡᠪᠡᠷᠯᠡᠵᠦ ᠪᠠᠢᠯ᠎ᠠ᠃
《ᠦᠩᠭᠡᠷᠡᠭᠰᠡᠨ᠎ᠳᠤ 100 ᠭᠠᠷᠤᠢ ᠦᠬᠡᠷ᠎ᠲᠤ 3 ᠠᠵᠢᠯᠴᠢᠨ ᠲᠣᠬᠢᠷᠠᠭᠤᠯᠵᠤ᠂ ᠲᠣᠭᠤᠷᠢᠨ ᠪᠠᠢᠴᠠᠭᠠᠬᠤ᠂ ᠪᠤᠷᠳᠤᠭ᠎ᠠ ᠦᠭᠭᠦ᠂ ᠬᠤᠩᠭᠢᠯ᠎ᠢ ᠴᠡᠪᠡᠷᠯᠡᠬᠦ᠌ ᠠᠵᠢᠯ᠎ᠢ ᠵᠣᠭ᠍ᠰᠣᠯ ᠦᠭᠡᠢ ᠬᠢᠵᠤ ᠪᠠᠢᠵᠠᠢ᠂ ᠤᠳᠤ ᠠᠥ᠋ᠲ᠋ᠣ᠋ ᠲᠠᠵᠢᠬᠡᠯ ᠪᠤᠷᠳᠤᠭ᠎ᠠ ᠦᠭᠭᠦ ᠳᠦᠬᠦᠭᠡᠷᠦᠮᠵᠢ ᠵᠢ ᠤᠷᠤᠭᠤᠯᠤᠭᠠᠳ ᠠᠮᠤᠷ ᠲᠦᠪᠰᠢᠨ ᠪᠤᠯᠤᠬᠰᠠᠨ ᠮᠥᠷᠲᠡᠭᠡᠨ ᠭᠦᠮᠤᠨ᠎ᠤ ᠬᠦᠴᠦ᠍ ᠵᠢ ᠠᠷᠪᠢᠯᠠᠯᠠ᠃ ᠡᠨᠡ ᠵᠢᠯ ᠪᠢᠳᠡ ᠪᠠᠰᠠ ᠠᠦ᠋ᠲ᠋ᠤ᠋ ᠦᠭᠡᠷ ᠤᠶᠠᠬᠤ ᠲᠠᠮᠤᠷ ᠵᠢᠶᠠᠰᠠ᠎ᠶ᠋ᠢ ᠣᠷᠣᠭᠤᠯᠤᠭᠠᠳ᠂ ᠦᠬᠡᠷ᠎ᠲᠤ ᠨᠠᠷᠢᠯᠢᠭ ᠣᠨᠣᠴᠠᠲᠠᠶ ᠪᠥᠭᠡᠳ ᠥᠨᠳᠥᠷ ᠪᠦᠲᠦᠮᠵᠢᠲᠡᠶ ᠸᠠᠺᠼᠢᠨ᠎ᠤ ᠲᠠᠷᠢᠯᠭ᠎ᠠ ᠬᠢᠵᠦ᠍᠂ ᠲᠡᠵᠢᠭᠡᠨ ᠦᠷᠡᠵᠢᠭᠦᠯᠬᠦ᠎ᠳᠤ ᠨᠠᠩ ᠳᠥᠭᠦᠮ ᠪᠣᠯᠵᠠᠢ》 ᠭᠡᠵᠤ ᠥᠪᠥᠷ ᠮᠣᠩᠭᠤᠯ᠎ᠤᠨ ᠱᠢᠨ ᠹᠦ᠋ ᠰᠠᠢᠨ ᠡᠭᠦᠯᠳᠡᠷ ᠦᠷᠡᠵᠢᠭᠦᠯᠦᠨ ᠪᠤᠢᠵᠢᠭᠤᠯᠬᠤ ᠬᠢᠵᠠᠭᠠᠷᠲᠤ ᠺᠣᠮᠫᠠᠨᠢ᠎ᠶ᠋ᠢᠨ ᠳᠠᠷᠤᠭ᠎ᠠ ᠵᠠᠩ ᠬᠤᠸᠠᠨ ᠲᠠᠨᠢᠯᠴᠠᠭᠤᠯᠤᠯ᠎ᠠ᠃
ᠲᠣᠰ ᠺᠣᠮᠫᠠᠨᠢ ᠣᠶᠤᠨᠴᠢᠯᠠᠭ᠍ᠰᠠᠨ ᠬᠠᠮᠢᠶᠠᠷᠤᠯᠲᠠ ᠶ᠋ᠢ ᠬᠡᠷᠡᠭ᠌ᠵᠢᠭᠦᠯᠬᠦ᠌ ᠪᠠᠷ ᠳᠠᠮᠵᠢᠭᠤᠯᠤᠨ᠂ ᠲᠡᠵᠢᠭᠡᠪᠦᠷᠢ ᠵᠢᠨ ᠬᠡᠪᠴᠢᠶ᠎ᠡ ᠪᠠ ᠶᠠᠰᠤ ᠴᠢᠨᠠᠷ᠎ᠢ ᠵᠡᠷᠭᠡ᠎ᠪᠠᠷ ᠳᠡᠭᠡᠭ᠌ᠰᠢᠯᠡᠭᠦᠯᠪᠡ᠃ ᠣᠳᠣᠬᠠᠨ᠎ᠳᠤ 1500 ᠭᠠᠷᠤᠶ ᠴᠢᠨᠠᠷ ᠰᠠᠢᠲᠠᠶ ᠱᠢᠮᠧᠨ᠋ᠲᠠᠷ ᠦᠭᠡᠷ ᠲᠡᠵᠢᠭᠡᠨ᠂ ᠠᠷᠠᠴᠢᠯᠠᠨ ᠪᠤᠢᠵᠢᠭᠤᠯᠬᠤ ᠴᠢᠳᠠᠪᠤᠷᠢ ᠪᠠ ᠱᠢᠨᠵᠢᠯᠡᠬᠦ᠌ ᠤᠬᠠᠭᠠᠨᠴᠢ ᠲᠡᠵᠢᠭᠡᠨ ᠦᠷᠡᠵᠢᠭᠦᠯᠬᠦ᠌ ᠬᠠᠮᠢᠶᠠᠷᠤᠯᠲᠠ᠎ᠶ᠋ᠢᠨ ᠱᠢᠰᠲ᠋ᠧᠮ ᠳ᠋ᠡᠬᠡᠨ ᠲᠦᠰᠢᠭᠡᠳ᠂ ᠾᠧᠨᠠᠨ᠂ ᠱᠢᠨᠵᠢᠶᠠᠩ᠂ ᠰᠧᠴᠤᠸᠠᠨ ᠵᠡᠷᠭᠡ ᠭᠠᠵᠠᠷ᠎ᠠᠴᠠ ᠢᠷᠡᠭ᠌ᠰᠡᠨ ᠮᠠᠰᠢ ᠣᠯᠠᠨ ᠬᠡᠷᠡᠭ᠌ᠯᠡᠭ᠌ᠴᠢᠳ᠎ᠤᠨ ᠠᠩᠬᠠᠷᠤᠯ᠎ᠢ ᠲᠠᠲᠠᠵᠤ᠂ ᠵᠠᠬ᠎ᠠ ᠳᠡᠯᠭᠡᠭᠦᠷ᠎ᠲᠤ ᠥᠷᠭᠡᠨ᠎ᠢᠶᠠᠷ ᠮᠡᠳᠡᠷᠡᠭ᠌ᠳᠡᠭ᠌ᠰᠡᠨ ᠪᠠᠢᠨ᠎ᠠ᠃
ᠤᠳᠤ ᠤᠯᠠᠭᠠᠨᠬᠤᠲᠠ ᠦᠷᠭᠦᠯᠵᠢᠯᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠭᠦᠨᠵᠡᠭᠡᠢ ᠠᠱᠢᠬ᠍ᠯᠠᠵᠤ᠂ ᠠᠵᠤ ᠦᠢᠯᠡᠰ᠎ᠤᠨ ᠬᠡᠯᠬᠢᠶ᠎ᠡ᠎ᠶ᠋ᠢ ᠲᠠᠰᠤᠷᠠᠯᠲᠠ ᠦᠭᠡᠢ ᠤᠷᠲᠤᠳᠭᠠᠨ᠂ ᠨᠡᠩ ᠥᠨᠳᠥᠷ ᠪᠦᠲᠦᠮᠵᠢᠲᠡᠢ ᠲᠡᠵᠢᠭᠡᠨ ᠦᠷᠡᠵᠢᠭᠦᠯᠵᠦ᠂ ᠲᠡᠵᠢᠭᠡᠪᠦᠷᠢ ᠵᠢᠨ ᠠᠵᠤ ᠦᠢᠯᠡᠰ᠎ᠢ ᠨᠡᠩ ᠴᠢᠨᠠᠷ ᠰᠠᠢᠲᠠᠢ ᠬᠦᠭᠵᠢᠭᠦᠯᠬᠦ ᠪᠠᠷ ᠬᠦᠴᠦᠯᠡᠵᠦ ᠪᠤᠢ᠃