ᠰᠦᠯᠵᠢᠶᠡᠨ᠎ᠦ
ᠢᠯᠡᠴᠢᠯᠡᠨ ᠮᠡᠳᠡᠭᠦᠯᠬᠦ᠌ ᠤᠬᠠᠭᠤᠯᠭ᠎ᠠ᠎ᠶᠢ ᠤᠯᠠᠮ ᠴᠢᠨᠠᠭᠰᠢᠳᠠ ᠴᠢᠩᠭᠠᠳᠬᠠᠵᠤ᠂ ᠨᠡᠶ᠋ᠢᠭᠡᠮ᠎ᠦᠨ ᠬᠦᠴᠦᠨ᠎ᠢ
ᠨᠢᠭᠲᠠᠷᠠᠭᠤᠯᠵᠤ᠂ ᠢᠳᠡᠪᠬᠢᠲᠡᠶ ᠪᠥᠭᠡᠳ ᠡᠷᠡᠭᠦᠯ ᠥᠭᠡᠳᠡᠷᠬᠡᠭ ᠰᠦᠯᠵᠢᠶᠡᠨ᠎ᠦ ᠠᠮᠢ ᠠᠬᠤᠶ᠎ᠶᠢ ᠬᠠᠮᠲᠤ᠎ᠪᠠᠷ
ᠪᠠᠶ᠋ᠢᠭᠤᠯᠬᠤ᠎ᠶᠢᠨ ᠲᠥᠯᠥᠭᠡ᠂ 《ᠥᠪᠥᠷ ᠮᠣᠩᠭᠣᠯ᠎ᠤᠨ ᠢᠨᠲ᠋ᠧᠷ ᠰᠦᠯᠵᠢᠶᠡᠨ᠎ᠦ ᠬᠠᠤᠯᠢ᠎ᠠᠴᠠ ᠵᠥᠷᠢᠴᠡᠭᠰᠡᠨ ᠪᠠ ᠡᠷᠡᠭᠦᠯ
ᠪᠤᠰᠤ ᠮᠡᠳᠡᠭᠡ ᠵᠠᠩᠭᠢ᠎ᠶᠢᠨ ᠢᠯᠡᠴᠢᠯᠡᠨ ᠮᠡᠳᠡᠭᠦᠯᠦᠯᠳᠠ》 ᠵᠢᠷᠭᠢᠶ᠎ᠠ ᠵᠢᠨ ᠳᠠᠪᠴᠠᠡᠭᠢ ᠲᠣᠰ
ᠡᠳᠦᠷ᠎ᠡᠴᠡ ᠡᠬᠢᠯᠡᠨ ᠵᠢᠩᠬᠢᠨᠢ ᠪᠡᠷ 《ᠥᠪᠥᠷ
ᠮᠣᠩᠭᠣᠯ᠎ᠤᠨ ᠰᠦᠯᠵᠢᠶᠡᠨ᠎ᠦ ᠢᠯᠡᠴᠢᠯᠡᠨ ᠮᠡᠳᠡᠭᠦᠯᠤᠯᠳᠠ》 ᠭᠡᠵᠦ᠍ ᠬᠠᠯᠠᠪᠠ᠃
ᠨᠡᠷ᠎ᠡ
ᠬᠤᠪᠢᠷᠠᠬᠰᠠᠨ ᠴᠤ᠌᠂ ᠤᠭ ᠰᠠᠨᠠᠭ᠎ᠠ ᠬᠤᠪᠢᠷᠠᠬᠤ ᠦᠭᠡᠢ; ᠦᠢᠯᠡᠴᠢᠯᠡᠭᠡᠨ᠎ᠦ
ᠶᠠᠰᠤ ᠴᠢᠨᠠᠷ᠎ᠢ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠭᠡᠰᠦᠳᠠᠢ! 《ᠥᠪᠥᠷ
ᠮᠣᠩᠭᠣᠯ᠎ᠤᠨ ᠰᠦᠯᠵᠢᠶᠡᠨ᠎ᠤ ᠢᠯᠡᠴᠢᠯᠡᠨ ᠮᠡᠳᠡᠭᠦᠯᠦᠯᠳᠠ》 ᠳᠠᠪᠴᠠᠡᠭ ᠨᠢ ᠢᠯᠡᠴᠢᠯᠡᠨ
ᠮᠡᠳᠡᠭᠦᠯᠭᠦ᠂ ᠴᠤᠤᠷᠬᠠᠯ᠎ᠢ ᠨᠢᠴᠤᠭᠠᠬᠤ ᠭᠤᠤᠯ ᠡᠭᠦᠷᠭᠡ ᠴᠢᠳᠠᠪᠬᠢ᠎ᠶᠢ ᠦᠷᠭᠦᠯᠵᠢᠯᠡᠨ ᠪᠠᠷᠢᠮᠲᠠᠯᠠᠵᠤ᠂
ᠢᠨᠲ᠋ᠧᠷ ᠰᠦᠯᠵᠢᠶᠡᠨ᠎ᠦ ᠬᠠᠤᠯᠢ᠎ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶᠢ ᠢᠯᠡᠴᠢᠯᠡᠨ
ᠮᠡᠳᠡᠭᠦᠯᠬᠦ᠌ ᠭᠤᠤᠯ ᠬᠠᠷᠢᠭᠤᠴᠠᠯᠭ᠎ᠠ᠎ᠶᠢ ᠭᠥᠯᠢᠶᠡᠨ ᠠᠪᠴᠤ᠌ ᠰᠢᠢᠳᠪᠦᠷᠢᠯᠡᠬᠦ᠌ ᠭᠤᠤᠯ ᠠᠵᠢᠯ᠎ᠳᠤ
ᠠᠩᠬᠠᠷᠤᠯ᠎ᠢᠶᠠᠨ ᠲᠥᠪᠯᠡᠷᠡᠭᠦᠯᠵᠦ᠍᠂ ᠴᠤᠤᠷᠬᠠᠯ᠎ᠢ ᠨᠢᠴᠤᠭᠠᠬᠤ ᠠᠯᠪᠠᠨ ᠲᠠᠯ᠎ᠠ᠎ᠶᠢᠨ ᠡᠷᠬᠡ ᠰᠦᠷᠲᠦ᠍
ᠮᠡᠳᠡᠭᠡ ᠵᠠᠩᠭᠢ ᠪᠠ ᠴᠤᠤᠷᠬᠠᠯ᠎ᠢ ᠨᠢᠴᠤᠭᠠᠬᠤ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌
ᠮᠡᠳᠡᠯᠭᠡ᠎ᠶᠢ ᠨᠡᠶ᠋ᠢᠲᠡᠯᠡᠵᠦ᠍᠂ ᠨᠠᠩ ᠡᠷᠡᠰ ᠪᠠᠲᠤ᠌ ᠡᠭᠦᠷᠭᠡᠯᠡᠯ᠂ ᠨᠠᠩ ᠥᠨᠳᠥᠷ ᠪᠦᠲᠦᠮᠵᠢᠲᠡᠶ ᠠᠷᠭ᠎ᠠ
ᠬᠡᠮᠵᠢᠶ᠎ᠡ᠂ ᠨᠠᠩ ᠨᠠᠷᠢᠯᠢᠭ ᠦᠢᠯᠡᠴᠢᠯᠡᠭᠡ᠎ᠪᠡᠷ ᠠᠷᠢᠭᠤᠨ ᠴᠡᠪᠡᠷ ᠰᠦᠯᠵᠢᠶᠡᠨ᠎ᠦ ᠣᠷᠣᠨ ᠵᠠᠶ᠎ᠶᠢ ᠪᠥᠬᠥ᠌
ᠬᠦᠴᠦᠨ᠎ᠢᠶᠡᠷ᠎ᠢᠶᠡᠨ ᠰᠠᠬᠢᠨ ᠬᠠᠮᠠᠭᠠᠯᠠᠨ᠎ᠠ᠃
ᠲᠠᠨ᠎ᠤ
ᠦᠷᠭᠦᠯᠵᠢ ᠵᠢᠨ ᠠᠩᠬᠠᠷᠤᠯ ᠪᠠ ᠳᠡᠮᠵᠢᠯᠭᠡ᠎ᠳᠦ ᠪᠠᠶᠠᠷᠯᠠᠯ᠎ᠠ! ᠲᠠᠨ᠎ᠤ ᠤᠳᠠᠭ᠎ᠠ ᠪᠦᠷᠢ᠎ᠶᠢᠨ
ᠤᠩᠰᠢᠬᠤ᠂ ᠰᠠᠶ᠋ᠢᠰᠢᠶᠠᠬᠤ᠂ ᠦᠭᠡ ᠦᠯᠡᠳᠡᠭᠡᠬᠦ᠌᠂ ᠳᠠᠮᠵᠢᠭᠤᠯᠤᠨ ᠲᠠᠷᠬᠠᠭᠠᠬᠤ ᠪᠠ ᠪᠦᠲᠦᠮᠵᠢᠲᠡᠢ
ᠢᠯᠡᠴᠢᠯᠡᠨ ᠮᠡᠳᠡᠭᠦᠯᠬᠦ᠌ ᠪᠣᠯ ᠴᠥᠮ ᠪᠢᠳᠡᠨ᠎ᠦ ᠡᠷᠡᠮᠡᠬᠡᠶ᠋ᠢᠯᠡᠨ ᠤᠷᠤᠭᠰᠢᠯᠠᠬᠤ᠎ᠶᠢᠨ ᠪᠠᠷᠠᠭᠳᠠᠰᠢ ᠦᠭᠡᠢ
ᠬᠥᠳᠡᠯᠭᠡᠬᠦ᠌ ᠬᠦᠴᠦᠨ ᠮᠥᠨ᠃
ᠰᠢᠨ᠎ᠡ
ᠭᠠᠷᠤᠭ᠎ᠠ ᠳᠡᠭᠡᠷ᠎ᠡ ᠵᠣᠭᠰᠣᠵᠤ᠂ ᠪᠢᠳᠡ ᠦᠷᠭᠦᠯᠵᠢᠯᠡᠨ ᠲᠠᠨ᠎ᠲᠠᠶ ᠭᠠᠷ ᠬᠣᠯᠪᠣᠨ᠂ ᠬᠤᠷᠤᠭᠤᠨ
ᠦᠵᠦᠭᠦᠷ᠎ᠢᠶᠡᠷ ᠰᠦᠯᠵᠢᠶᠡᠨ᠎ᠦ ᠬᠡᠷ ᠣᠷᠣᠨ᠎ᠢᠶᠠᠨ ᠰᠠᠬᠢᠨ ᠬᠠᠮᠠᠭᠠᠯᠠᠵᠤ᠂ ᠥᠪᠥᠷ ᠮᠣᠩᠭᠣᠯ᠎ᠤᠨ
ᠰᠦᠯᠵᠢᠶᠡᠨ᠎ᠦ ᠣᠷᠣᠨ ᠵᠠᠶ᠎ᠶᠢ ᠨᠠᠩ ᠲᠤᠩᠭᠠᠯᠠᠭ᠂ ᠨᠠᠩ ᠠᠮᠤᠷ ᠲᠦᠪᠰᠢᠨ᠂ ᠨᠠᠩ ᠡᠮᠬᠢ ᠵᠢᠷᠤᠮ᠎ᠲᠠᠶ
ᠪᠣᠯᠭᠠᠬᠤ᠎ᠶᠢ ᠬᠦᠰᠡᠵᠦ᠍ ᠪᠠᠶ᠋ᠢᠨ᠎ᠠ᠃
ᠥᠪᠥᠷ
ᠮᠣᠩᠭᠣᠯ᠎ᠤᠨ ᠰᠦᠯᠵᠢᠶᠡᠨ᠎ᠦ ᠢᠯᠡᠴᠢᠯᠡᠨ ᠮᠡᠳᠡᠭᠦᠯᠦᠯᠲᠡ᠂ ᠲᠠᠨ᠎ᠤ ᠣᠷᠣᠯᠴᠠᠬᠤ᠎ᠶᠢ ᠬᠦᠰᠡᠵᠦ᠍ ᠪᠠᠶ᠋ᠢᠨ᠎ᠠ᠃
ᠢᠷᠡᠯᠲᠡ᠄ ᠥᠪᠥᠷ ᠮᠣᠩᠭᠣᠯ᠎ᠤᠨ ᠰᠦᠯᠵᠢᠶᠡᠨ᠎ᠦ ᠢᠯᠡᠴᠢᠯᠡᠨ ᠮᠡᠳᠡᠭᠦᠯᠦᠯᠲᠡ