ᠨᠠᠢ᠍ᠮᠠᠨ ᠬᠣᠰᠢᠭᠤ ᠰᠢᠨ᠎ᠡ ᠵᠢᠯ᠎ᠦᠨ ᠠᠩᠬᠠᠨ᠎ᠤ 《ᠤᠷᠢᠬᠠᠨ ᠰᠠᠯᠬᠢ ᠠᠵᠢᠯᠯᠠᠭ᠎ᠠ》 ᠥᠷᠨᠢᠭᠥᠯᠪᠡ
2026-03-04 11:10:54
ᠵᠣᠬᠢᠶᠠᠭ᠍ᠴᠢ᠄
ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

ᠤᠷᠴᠢᠮᠬᠠᠨ 2026 ᠣᠨ᠎ᠤ ᠨᠠᠢ᠍ᠮᠠᠨ ᠬᠣᠰᠢᠭᠤᠨ᠎ᠤ ᠰᠢᠨ᠎ᠡ ᠵᠢᠯ᠎ᠦᠨ ᠠᠵᠢᠯ ᠣᠯᠭᠣᠬᠤ 《ᠤᠷᠢᠬᠠᠨ ᠰᠠᠯᠬᠢ ᠠᠵᠢᠯᠯᠠᠭ᠎ᠠ》 ᠵᠢᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠶᠠᠪᠤᠭᠳᠠᠪᠠ᠂ ᠬᠣᠰᠢᠭᠤᠨ᠎ᠤ ᠳᠣᠲᠣᠨ᠎ᠠ ᠭᠠᠳᠠᠨ᠎ᠠ᠎ᠠᠴᠠ ᠢᠷᠡᠭᠰᠡᠨ 50 ᠰᠢᠯᠢᠳᠡᠭ ᠠᠵᠤ ᠠᠬᠤᠢᠯᠠᠯ 2200 ᠭᠠᠷᠤᠢ ᠠᠵᠢᠯ᠎ᠤᠨ ᠪᠠᠢᠷᠢ ᠬᠠᠩᠭᠠᠵᠤ᠂ ᠠᠵᠢᠯ ᠡᠷᠢᠭᠰᠡᠳ᠎ᠤᠨ ᠰᠣᠩᠭᠣᠯᠲᠠ᠎ᠳᠤ ᠵᠣᠷᠢᠭᠤᠯᠤᠬᠰᠠᠨ ᠪᠠᠢᠨ᠎ᠠ᠃

ᠲᠤᠬᠠᠢ᠎ᠶᠢᠨ ᠲᠠᠯᠠᠪᠠᠢ᠎ᠳᠤ ᠮᠠᠰᠢ ᠤᠯᠠᠨ ᠠᠵᠢᠯ ᠡᠷᠢᠭᠰᠡᠳ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠡᠪᠥᠷᠯᠡᠵᠤ᠂ ᠡᠯ᠎ᠡ ᠠᠵᠤ ᠠᠬᠤᠢᠯᠠᠯ᠎ᠤᠨ ᠣᠷᠣᠨ ᠪᠠᠢᠷᠢ᠎ᠨᠤᠭᠤᠳ᠎ᠤᠨ ᠬᠣᠭᠣᠷᠣᠨᠳᠤ ᠰᠦᠯᠵᠢᠯᠳᠦᠨ᠂ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠨᠠᠷᠢᠨ ᠬᠢᠨᠠᠮᠠᠭᠠᠢ ᠦᠵᠡᠵᠦ᠂ ᠴᠠᠯᠢᠩ ᠬᠥᠯᠥᠰᠦ ᠂ ᠠᠵᠢᠯ ᠮᠡᠷᠭᠡᠵᠢᠯ᠎ᠦᠨ ᠬᠥᠭᠵᠢᠯᠲᠡ ᠵᠡᠷᠭᠡ ᠪᠠᠢᠳᠠᠯ᠎ᠢ ᠠᠰᠠᠭᠤᠨ ᠯᠠᠪᠯᠠᠵᠤ ᠪᠠᠢᠪᠠ᠃ ᠡᠯ᠎ᠡ ᠠᠵᠤ ᠠᠬᠤᠢᠯᠠᠯ᠎ᠤᠨ ᠬᠢᠨ ᠠᠵᠢᠯᠲᠠᠨ ᠡᠯᠰᠡᠬᠦ᠎ᠳᠡᠭᠡᠨ ᠠᠵᠢᠯ ᠡᠷᠢᠭᠰᠡᠳ᠎ᠤᠨ ᠮᠠᠳᠠᠭ᠎ᠲᠠᠢ ᠠᠰᠠᠭᠤᠯᠲᠠ᠎ᠶᠢ ᠬᠦᠯᠢᠴᠡᠩᠭᠦᠢ ᠬᠠᠷᠢᠭᠤᠯᠵᠤ᠂ ᠬᠣᠶᠠᠷ ᠲᠠᠯ᠎ᠠ᠎ᠪᠠᠷ ᠵᠢᠡᠨ ᠪᠤᠳᠤᠯ ᠰᠠᠨᠠᠯ ᠵᠢᠨᠨ ᠪᠥᠳᠥᠮᠵᠢᠳᠠᠢ ᠰᠤᠯᠢᠯᠴᠠᠨ᠂ ᠴᠥᠭᠡᠨ ᠪᠤᠰᠤ ᠠᠵᠢᠯ᠎ᠤᠨ ᠪᠠᠢᠷᠢ᠎ᠶᠢᠨ ᠳᠠᠨᠢᠯᠴᠠᠭᠤᠯᠭ᠎ᠠ ᠵᠢᠨ ᠡᠮᠦᠨ᠎ᠡ ᠬᠥᠮᠥᠰ ᠪᠥᠭᠡᠮᠨᠡᠷᠡᠨ᠂ ᠬᠥᠰᠥᠨᠥᠭᠳᠥ ᠳᠠᠭᠯᠠᠨ ᠶᠠᠭᠠᠷᠠᠯᠳᠤᠵᠤ ᠪᠠᠢᠯ᠎ᠠ᠃

ᠤᠯᠢᠶᠠᠰᠥ ᠰᠢᠶᠠᠩ᠎ᠤᠨ ᠶᠡᠬᠡ ᠰᠤᠷᠭᠠᠭᠤᠯᠢ ᠡᠴᠡ ᠲᠡᠭᠦᠰᠦᠭᠰᠡᠨ ᠯᠢᠦ ᡁᠢ ᠶᠦᠩ᠎ᠳᠦ ᠠᠪᠴᠤ ᠬᠡᠯᠡᠪᠡᠯ ᠡᠨᠡ ᠤᠳᠠᠭᠠᠨ᠎ᠤ ᠠᠵᠢᠯᠲᠠᠨ ᠡᠯᠰᠡᠬᠦ ᠴᠤᠬᠯᠠᠭᠠᠨ ᠨᠢ ᠳᠡᠭᠥᠨ ᠳ᠋ᠤ ᠠᠵᠨ ᠳᠤᠬᠢᠶᠠᠯ ᠤᠯᠭᠤᠬᠰᠠᠨ ᠪᠠᠢᠯ᠎ᠠ᠃ 《ᠮᠢᠨᠤ ᠲᠣᠭᠣᠭᠰᠠᠨ ᠠᠵᠢᠯ᠎ᠤᠨ ᠪᠠᠢᠷᠢ ᠪᠣᠯ ᠬᠤᠧᠠ ᠮᠢᠩ ᠪᠦᠯᠦᠭᠯᠡᠯ᠎ᠦᠨ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯ᠎ᠤᠨ ᠪᠠᠢᠷᠢ ᠪᠣᠯᠣᠨ᠎ᠠ᠂ ᠭᠡᠷ᠎ᠡᠴᠡ ᠣᠢᠷᠠᠬᠠᠨ ᠪᠦᠭᠡᠳ ᠴᠠᠯᠢᠩ ᠤᠯᠭᠤᠮᠵᠢ ᠴᠦ᠍ ᠨᠡᠯᠢᠶᠡᠳ ᠰᠠᠢᠨ᠂ ᠮᠢᠨᠤ ᠬᠥᠰᠡᠯ ᠬᠡᠷᠡᠭᠴᠡᠭᠡ ᠳ᠋ᠤ ᠨᠡᠢᠴᠡᠵᠦ᠂ ᠤᠷᠤᠭᠰᠢᠲᠠᠢ᠎ᠡᠯᠰᠡᠭᠳᠡᠬᠥ᠎ᠶᠢ ᠬᠦᠰᠡᠵᠦ ᠪᠠᠢᠨ᠎ᠠ》 ᠭᠡᠵᠤ ᠳᠡᠷᠡ ᠰᠤᠷᠪᠤᠯᠵᠢᠯᠠᠭᠴᠢ᠎ᠳᠤ ᠬᠡᠯᠡᠵᠦ ᠪᠠᠢᠯ᠎ᠠ᠃

ᠣᠢᠯᠠᠭᠠᠭᠰᠠᠨ᠎ᠢᠶᠠᠷ ᠲᠣᠰ ᠤᠳᠠᠭᠠᠨ᠎ᠤ ᠠᠵᠢᠯᠲᠠᠨ ᠡᠯᠰᠡᠬᠦ ᠴᠤᠭᠯᠠᠭᠠᠨ᠎ᠢ ᠨᠠᠢ᠍ᠮᠠᠨ ᠬᠣᠰᠢᠭᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠭᠣᠣᠯᠯᠠᠨ ᠡᠷᠭᠢᠯᠡᠵᠦ᠂ ᠦᠢᠯᠡᠳᠴᠦ ᠡᠳ᠋ᠰᠢᠭᠥᠯᠬᠥ᠂ ᠣᠲᠣ᠌ ᠦᠶ᠎ᠡ᠎ᠶᠢᠨ ᠦᠢᠯᠡᠴᠢᠯᠡᠭᠡ᠂ ᠰᠢᠨ᠎ᠡ ᠡᠨᠧᠷᠭᠢ᠂ ᠮᠠᠯ ᠠᠵᠤ ᠠᠬᠤᠢ ᠲᠠᠷᠢᠶᠠᠯᠠᠩ ᠵᠡᠷᠭᠡ ᠣᠯᠠᠨ ᠠᠵᠢᠯ ᠲᠥᠷᠥᠯ᠎ᠦᠨ ᠬᠦᠷᠢᠶ᠎ᠡ ᠴᠠᠷᠠᠭ᠎ᠠ᠎ᠶᠢ ᠬᠠᠮᠤᠷᠴᠤ᠂ ᠠᠳᠠᠯᠢ ᠪᠤᠰᠤ ᠲᠠᠰ ᠳᠠᠪᠬᠤᠷᠭ᠎ᠠ᠎ᠶᠢᠨ ᠠᠵᠢᠯ ᠡᠷᠢᠭᠰᠡᠳ᠎ᠦᠨ ᠣᠯᠠᠨ ᠡᠰᠢᠲᠦ ᠬᠡᠷᠡᠭᠴᠡᠭᠡ᠎ᠶᠢ ᠬᠠᠩᠭᠠᠵᠠᠢ᠃

ᠲᠤᠰ ᠠᠵᠢᠯᠲᠠᠨ ᠡᠯᠰᠡᠬᠦ ᠴᠤᠭᠯᠠᠭᠠᠨ᠎ᠳᠤ 1800 ᠭᠠᠷᠤᠢ ᠠᠵᠢᠯ ᠡᠷᠢᠭᠰᠡᠳ ᠲᠤᠬᠠᠢ᠎ᠶᠢᠨ ᠲᠠᠯᠠᠪᠠᠶ᠎ᠳᠤ ᠬᠥᠷᠥᠯᠴᠡᠨ ᠢᠷᠡᠵᠦ᠂ 265 ᠬᠥᠮᠥᠨ ᠠᠵᠢᠯ ᠣᠯᠭᠣᠬᠤ ᠰᠠᠨᠠᠮᠵᠢ ᠵᠢᠨ ᠪᠢᠴᠢᠭ ᠳᠡᠭᠡᠷ᠎ᠡ ᠭᠠᠷ᠎ᠤᠨ ᠥᠰᠥᠭ ᠵᠢᠷᠤᠪᠠ᠃ ᠤᠨᠴᠠᠭᠠᠢ ᠳᠤᠷᠠᠳᠤᠭᠤᠰᠢᠳᠠᠢ ᠨᠢ ᠲᠤᠬᠠᠢ᠎ᠶᠢᠨ ᠲᠠᠯᠠᠪᠠᠢ ᠳ᠋ᠤ ᠤᠨᠴᠠᠭᠠᠢ ᠬᠥᠮᠥᠰ᠎ᠲᠤ ᠴᠢᠭᠯᠡᠭᠦᠯᠦᠨ᠂ ᠵᠡᠮᠳᠡᠭᠴᠦᠳ᠎ᠢ ᠡᠯᠰᠡᠬᠦ ᠲᠤᠰᠬᠠᠢ ᠣᠷᠣᠨ ᠪᠠ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠭᠣᠬᠤ ᠦᠢᠯᠡᠴᠢᠯᠡᠭᠡᠨ᠎ᠦ ᠺᠠᠷᠲ ᠣᠯᠭᠣᠬᠤ ᠲᠤᠰᠬᠠᠢ ᠣᠷᠣᠨ ᠭᠠᠷᠭᠠᠵᠤ᠂ ᠠᠵᠢᠯ ᠣᠯᠭᠣᠬᠤ ᠪᠠ ᠦᠢᠯᠡᠰ ᠪᠤᠰᠬᠠᠬᠤ ᠬᠠᠮᠤᠭ ᠰᠢᠨ᠎ᠡ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠬᠠᠩᠭᠠᠨ᠂ ᠠᠳᠠᠯᠢ ᠪᠤᠰᠤ ᠬᠥᠮᠥᠰ᠎ᠲᠤ ᠴᠥᠮ ᠨᠠᠷᠢᠯᠢᠭ᠋ ᠣᠨᠣᠴᠠᠲᠠᠢ ᠠᠵᠢᠯ ᠣᠯᠭᠣᠯᠲᠠ᠎ᠶᠢᠨ ᠦᠢᠯᠡᠴᠢᠯᠡᠭᠡ ᠬᠦᠷᠲᠡᠭᠡᠪᠠ᠃ ᠠᠵᠢᠯᠲᠠᠨ ᠡᠯᠰᠡᠬᠦ ᠴᠤᠭᠯᠠᠭᠠᠨ ᠪᠠᠰᠠ 《ᠰᠦᠯᠵᠢᠶᠡᠨ ᠳᠡᠭᠡᠷ᠎ᠡ + ᠲᠤᠬᠠᠢ ᠵᠢᠨ ᠲᠠᠯᠠᠪᠠᠢ》 ᠵᠢᠨ ᠬᠡᠯᠪᠡᠷᠢ ᠪᠡᠷ ᠵᠡᠷᠭᠡ᠎ᠪᠡᠷ ᠬᠦᠴᠦᠯᠡᠵᠦ᠂ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠬᠠᠩᠭᠠᠬᠤ ᠬᠡᠯᠪᠡᠷᠢ᠎ᠪᠡᠷ ᠠᠵᠢᠯᠲᠠᠨ ᠡᠯᠰᠡᠬᠦ ᠮᠡᠳᠡᠭᠡ ᠵᠠᠩᠭᠢ᠎ᠶᠢ ᠲᠤᠬᠠᠢ᠎ᠶᠢᠨ ᠲᠠᠯᠠᠪᠠᠢ ᠳ᠋ᠤ ᠢᠷᠡᠵᠤ ᠳᠡᠶ᠋ᠢᠯᠬᠦ ᠦᠭᠡᠢ ᠠᠵᠢᠯ ᠡᠷᠢᠭᠰᠡᠳ᠎ᠲᠦ ᠴᠠᠭ ᠲᠤᠬᠠᠢ ᠳ᠋ᠤᠨᠢ ᠳᠠᠮᠵᠢᠭᠤᠯᠤᠨ᠂ ᠠᠵᠢᠯ ᠣᠯᠭᠣᠯᠲᠠ᠎ᠶᠢ ᠵᠣᠯᠭᠠᠭᠤᠯᠬᠤ ᠠᠷᠭ᠎ᠠ ᠵᠠᠮ᠎ᠢ ᠤᠯᠠᠮ ᠥᠷᠭᠡᠳᠬᠡᠵᠦ᠂ ᠲᠤᠰ ᠤᠳᠠᠭᠠᠨ᠎ᠤ 《ᠤᠷᠢᠬᠠᠨ ᠰᠠᠯᠬᠢ》 ᠵᠢ ᠨᠠᠩ ᠬᠣᠯᠠ᠂ ᠨᠠᠩ ᠥᠷᠭᠡᠨ ᠳᠠᠮᠵᠢᠭᠤᠯᠬᠤ ᠵᠢ ᠠᠬᠢᠭᠤᠯᠤᠬᠰᠠᠨ ᠪᠠᠢᠨ᠎ᠠ᠃

《ᠡᠨᠡ ᠤᠳᠠᠭᠠᠨ᠎ᠤ ᠠᠵᠢᠯᠲᠠᠨ ᠡᠯᠰᠡᠬᠦ ᠴᠤᠭᠯᠠᠭᠠᠨ ᠪᠤᠯ ᠳᠡᠭᠡᠷ᠎ᠠ ᠱᠠᠲᠤᠨ᠎ᠤ ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ ᠠᠵᠢᠯ ᠣᠯᠭᠣᠯᠲᠠ᠎ᠶᠢ ᠪᠠᠲᠤᠯᠠᠬᠤ ᠰᠢᠢᠳᠪᠦᠷᠢᠲᠦ ᠪᠣᠳᠣᠯᠭ᠎ᠠ᠎ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠤᠯᠤᠨ᠎ᠠ᠂ ᠪᠠᠰᠠ ᠴᠤ᠌ ᠠᠵᠤ ᠠᠬᠤᠢᠯᠠᠯ ᠪᠠ ᠠᠵᠢᠯ ᠡᠷᠢᠭᠰᠡᠳ᠎ᠲᠦ ᠪᠠᠢᠭᠤᠯᠵᠤ ᠥᠭᠭᠦᠭᠰᠡᠨ ᠬᠥᠭᠥᠷᠭᠡ ᠬᠤᠯᠪᠤᠭᠠᠰᠤ ᠪᠤᠯᠬᠤ ᠶᠤᠮ᠂ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠂ ᠪᠢᠳᠡ ᠲᠣᠰ ᠤᠳᠠᠭᠠᠨ᠎ᠤ ᠠᠵᠢᠯᠯᠠᠭ᠎ᠠ᠎ᠪᠠᠷ ᠡᠬᠢᠯᠡᠯᠲᠡ ᠪᠣᠯᠭᠠᠵᠤ᠂ ᠠᠵᠢᠯ᠎ᠤᠨ ᠪᠠᠢᠷᠢ ᠬᠦᠷᠭᠡᠬᠦ᠂ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ ᠬᠠᠩᠭᠠᠬᠤ᠂ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ ᠵᠡᠷᠭᠡ ᠠᠵᠢᠯ᠎ᠢ ᠦᠷᠭᠦᠯᠵᠢᠯᠡᠨ ᠰᠠᠢᠲᠤᠷ ᠬᠢᠵᠦ᠂ ᠨᠠᠩ ᠣᠯᠠᠨ ᠬᠥᠮᠥᠰ᠎ᠲᠦ ᠡᠭᠥᠳᠡᠨ ᠡᠮᠥᠨ᠎ᠡ ᠪᠠᠨ ᠲᠣᠭᠲᠠᠪᠤᠷᠢᠲᠠᠢ ᠠᠵᠢᠯ ᠣᠯᠬᠤ ᠳᠤᠬᠢᠶᠠᠯ ᠬᠠᠩᠭᠠᠨ᠂ ᠪᠥᠬᠥ ᠬᠣᠰᠢᠭᠤᠨ᠎ᠤ ᠴᠢᠨᠠᠷ ᠰᠠᠢᠲᠠᠢ ᠬᠥᠭᠵᠢᠯᠲᠡ᠎ᠳᠦ ᠨᠠᠩ ᠴᠢᠩᠭ᠎ᠠ ᠬᠥᠳᠡᠯᠭᠡᠭᠦ ᠬᠥᠴᠥᠨ ᠨᠡᠮᠡᠷᠢᠯᠡᠨ᠎ᠡ》 ᠭᠡᠵᠦ ᠨᠠᠢ᠍ᠮᠠᠨ ᠬᠣᠰᠢᠭᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ ᠬᠣᠶ ᠴᠦᠨ ᠬᠡᠯᠡᠵᠥ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号