ᠦᠨᠡᠨ ᠶᠣᠰᠣᠨ ᠤ ᠲᠥᠯᠥᠭᠡ ᠡᠷᠡᠯᠬᠡᠭ᠌ᠯᠡᠨ ᠲᠡᠮᠡᠴᠡᠬᠰᠡᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠠᠮ ᠪᠠ ᠵᠠᠰᠠᠭ ᠤᠨ ᠣᠷᠳᠣᠨ ᠵᠢᠴᠢ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠪᠠᠭᠠᠲᠤᠷᠴᠤᠳ᠎ᠲᠦ ᠡᠷᠬᠢᠮ ᠳᠡᠭᠡᠳᠦ ᠬᠦᠨᠳᠦᠳᠭᠡᠯ ᠪᠣᠯᠤᠨ ᠳᠣᠲᠣᠨᠣ ᠬᠠᠯᠠᠮᠵᠢᠯᠠᠯ᠎ᠢ ᠳᠠᠮᠵᠢᠭᠤᠯᠬᠤ᠎ᠶ᠋ᠢᠨ ᠲᠥᠯᠥᠭᠡ᠂ ᠴᠠᠭᠠᠨ ᠰᠠᠷ᠎ᠠ ᠵᠢᠨ ᠬᠤᠭᠤᠴᠠᠭᠠᠨ ᠳ᠋ᠤ᠂ ᠥᠪᠥᠷ ᠮᠣᠩᠭᠣᠯ᠎ᠤᠨ ᠦᠨᠡᠨ ᠶᠣᠰᠣᠨ ᠤ ᠲᠥᠯᠥᠭᠡ ᠡᠷᠡᠯᠬᠡᠭ᠌ᠯᠡᠨ ᠲᠡᠮᠡᠴᠡᠬᠰᠡᠨ ᠰᠠᠭᠤᠷᠢ ᠮᠥᠩᠭᠥᠨ᠎ᠦ ᠨᠡᠢᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠬᠰᠡᠨ ᠠᠵᠢᠯ᠎ᠤᠨ ᠲᠥᠪ ᠤ᠋ᠨ ᠲᠣᠬᠣᠨᠢᠭᠤᠯᠬᠤ ᠳᠤᠭᠤᠢᠯᠠᠩ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠪᠠᠭᠠᠲᠤᠷᠴᠤᠳ ᠵᠢᠴᠢ ᠲᠡᠳᠡᠨ᠎ᠦ ᠭᠡᠷ ᠪᠦᠯᠢ᠎ᠶ᠋ᠢᠨ ᠬᠢᠨ ᠢ᠋ ᠪᠤᠯᠭᠤᠭᠠᠨ ᠲᠤᠬᠤᠨᠢᠭᠤᠯᠪᠠ᠃
ᠲᠤᠬᠤᠨᠢᠭᠤᠯᠬᠤ ᠲᠤᠭᠤᠢᠯᠠᠡᠭ ᠤ᠋ᠨ ᠬᠢᠨ᠂ ᠴᠧ ᠮᠢᠩ ᠢ᠎ᠶ᠋ᠢᠨ ᠬᠡᠷ᠎ᠲᠦ ᠬᠦᠷᠴᠤ ᠲᠡᠭᠦᠨ᠎ᠦ ᠠᠶᠤᠯ ᠲᠦᠭ᠌ᠰᠢᠭᠦᠷᠢᠲᠡᠶ ᠦᠶ᠎ᠡ᠎ᠳᠦ ᠴᠡᠭᠡᠵᠢ ᠳᠦᠷᠢᠨ ᠤᠷᠤᠬᠰᠠᠨ ᠡᠷᠡᠯᠭᠡᠭ ᠪᠠᠭᠠᠳᠤᠷᠯᠢᠭ ᠦᠶ᠋ᠯᠡ ᠠᠵᠢᠯᠯᠠᠭ᠎ᠠ᠎ᠶ᠋ᠢ ᠮᠠᠭ᠍ᠲᠠᠨ ᠰᠠᠢᠱᠢᠶᠠᠪᠠ; ᠲᠤᠬᠤᠨᠢᠭᠤᠯᠬᠤ ᠲᠤᠭᠤᠢᠯᠠᠡᠭ᠎ᠤᠨ ᠬᠢᠨ ᠤᠰᠤᠨ᠎ᠳᠤ ᠤᠨᠠᠭ᠍ᠰᠠᠨ ᠡᠴᠢᠭᠡ ᠬᠦᠦ᠍᠎ᠶ᠋ᠢ ᠠᠪᠤᠷᠠᠨ ᠵᠣᠯ ᠪᠤᠰᠤ᠎ᠪᠠᠷ ᠪᠡᠶ᠎ᠡ ᠦᠷᠡᠭ᠌ᠳᠡᠭ᠌ᠰᠡᠨ ᠬᠤᠸᠠᠩ ᠴᠢ ᠳ᠋ᠦᠩ᠎ᠦᠨ ᠭᠡᠷ ᠲᠸ᠋ ᠲᠡᠳᠡᠨᠡᠷ ᠤ᠋ᠨ ᠠᠮᠢᠳᠤᠷᠠᠯ᠎ᠤᠨ ᠪᠠᠢᠳᠠᠯ ᠪᠣᠯᠤᠨ ᠪᠣᠳᠠᠲᠠᠢ ᠬᠦᠴᠢᠷᠳᠡᠯ᠎ᠢ ᠨᠢ ᠨᠠᠷᠢᠨ ᠠᠰᠠᠭᠤᠵᠤ᠂ ᠳᠤᠷᠠᠰᠤᠨ ᠰᠠᠨᠠᠭᠠᠯᠵᠠᠵᠤ ᠪᠠᠢᠬᠤ ᠰᠡᠳᠬᠢᠯᠭᠡ᠎ᠪᠠᠨ ᠢᠯᠡᠳᠭᠡᠪᠡ; ᠲᠦᠷᠡᠯᠵᠡᠭᠰᠡᠨ ᠲᠦᠢᠮᠡᠷ᠎ᠦᠨ ᠡᠮᠦᠨ᠎ᠡ ᠲᠠᠳᠠᠭᠠᠯᠵᠠᠯ ᠦᠭᠡᠢ ᠲᠤᠬᠢᠳᠡᠢ ᠰᠢᠢᠳᠪᠤᠷᠢᠯᠡᠭᠰᠡᠨ 7 ᠲᠦᠷᠭᠡᠨ ᠬᠦᠷᠭᠡᠭ᠌ᠴᠢ᠎ᠶ᠋ᠢ ᠡᠷᠬᠢᠨ ᠦᠵᠡᠵᠦ᠍᠂ ᠲᠡᠳᠡᠨ᠎ᠦ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠬᠦᠢᠴᠡᠳ ᠨᠤᠲᠠᠯᠠᠪᠠ; ᠴᠠᠰᠤ ᠰᠢᠭᠤᠷᠭᠠᠨ ᠤ᠋ ᠲᠤᠮᠳᠠ ᠨᠠᠰᠤᠳᠠᠨ ᠢ᠋ ᠠᠪᠤᠷᠠᠨ ᠲᠤᠰᠠᠯᠠᠬᠰᠠᠨ ᠯᠢ ᡁᠢ ᠹᠸᠢ ᠵᠢ ᠪᠤᠯᠭᠤᠭᠠᠨ ᠲᠤᠬᠤᠨᠢᠭᠤᠯᠵᠤ᠂ ᠲᠡᠭᠦᠨ᠎ᠢ ᠪᠤᠰᠤᠳ ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠬᠰᠠᠨ ᠰᠠᠢᠬᠠᠨ ᠰᠤᠷᠲᠠᠯ᠎ᠢᠶᠠᠨ ᠦᠷᠭᠦᠯᠵᠢᠯᠡᠨ ᠪᠠᠳᠠᠷᠠᠭᠤᠯᠬᠤ ᠵᠢ ᠵᠣᠷᠢᠭ᠍ᠵᠢᠭᠤᠯᠪᠠ᠃
ᠲᠣᠬᠣᠨᠢᠭᠤᠯᠬᠤ ᠳᠤᠭᠤᠢᠯᠠᠩ᠎ᠤᠨ ᠬᠢᠨ᠂ ᠡᠷᠬᠡ ᠠᠱᠢᠭ᠎ᠢ ᠪᠠᠲᠤᠯᠠᠬᠤ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠠᠪᠰᠤᠷᠤᠨ ᠲᠡᠳᠬᠦᠬᠦ᠌ ᠠᠵᠢᠯ᠎ᠢ ᠪᠣᠳᠠᠲᠠᠶ ᠨᠠᠷᠢᠯᠢᠭ ᠬᠢᠵᠦ᠍᠂ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠬᠥᠮᠦᠰ ᠪᠣᠯᠤᠨ ᠬᠡᠷ ᠪᠦᠯᠢ᠎ᠶ᠋ᠢᠨ᠎ᠬᠢᠨ᠎ᠢ ᠦᠨᠡᠨ ᠬᠦ᠌ ᠬᠠᠪᠰᠤᠷᠤᠨ ᠬᠣᠢᠱᠢᠳᠠ᠎ᠶ᠋ᠢᠨ ᠵᠣᠪᠠᠨᠢᠯ᠎ᠢ᠎ᠨᠢ ᠱᠢᠶ᠋ᠳᠪᠦᠷᠢᠯᠡᠵᠦ᠍ ᠥᠭ᠌ᠭᠦᠨ᠎ᠡ; ᠪᠠᠭᠠᠲᠤᠷᠴᠤᠳ᠎ᠢ ᠳᠡᠭᠡᠳᠦᠯᠡᠵᠦ᠍᠂ ᠪᠠᠭᠠᠲᠤᠷᠴᠤᠳ᠎ᠢ ᠬᠠᠯᠠᠮᠵᠢᠯᠠᠬᠤ ᠨᠡᠢᠭᠡᠮ᠎ᠦᠨ ᠠᠭᠤᠷ ᠠᠮᠢᠰᠭᠤᠯ ᠢ᠋ ᠦᠳᠭᠡᠷᠡᠭᠦᠯᠵᠦ᠂ ᠨᠡᠩ ᠤᠯᠠᠨ ᠬᠥᠮᠦᠰ᠎ᠦᠨ ᠵᠠᠩᠭᠢᠯᠠᠭ᠎ᠠ᠎ᠶ᠋ᠢᠨ ᠴᠠᠭ ᠮᠥᠴᠡ᠎ᠳᠦ ᠬᠠᠯᠠᠭᠤᠨ ᠭᠠᠷ᠎ᠢᠶᠠᠨ ᠰᠤᠩᠭᠠᠵᠤ᠂ ᠡᠶ᠎ᠡ ᠵᠣᠬᠢᠴᠠᠩᠭᠤᠢ ᠠᠮᠤᠷ ᠠᠮᠤᠭᠤᠯᠠᠩᠳᠤ ᠭᠡᠷ ᠣᠷᠣᠨ᠎ᠢᠶᠠᠨ ᠬᠠᠮᠲᠤ᠎ᠪᠠᠷ ᠪᠦᠳᠦᠭᠡᠨ ᠪᠠᠢᠭᠤᠯᠬᠤ ᠵᠢ ᠲᠠᠢᠴᠢᠯᠠᠨ᠎ᠠ ᠭᠡᠵᠦ ᠢᠯᠡᠳᠭᠡᠪᠡ᠃