ᠲᠡᠷᠢᠭᠦᠨ᠎ᠦ ᠬᠢ᠎ᠶ᠋ᠢ ᠰᠠᠢᠱᠢᠶᠠᠵᠤ᠂ ᠡᠷᠴᠢ ᠵᠣᠷᠢᠭ᠎ᠢ ᠬᠥᠪᠴᠢᠯᠡᠬᠦ ᠵᠢᠨ ᠲᠤᠯᠠᠳᠠ᠂ ᠲᠦᠷᠦᠬᠦᠬᠡᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ 《2025 ᠣᠨ᠎ᠤ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ᠎ᠶ᠋ᠢᠨ ᠬᠡᠷᠡᠭ ᠱᠢᠢᠳᠪᠦᠷᠢᠯᠡᠬᠦ᠌ ᠱᠢᠯᠢᠳᠡᠭ ᠪᠦᠯᠬᠦᠮ ᠪᠠ ᠬᠡᠷᠡᠭ ᠱᠢᠢᠳᠪᠦᠷᠢᠯᠡᠬᠦ᠌ ᠱᠢᠯᠢᠳᠡᠭ ᠪᠠᠢᠴᠠᠭᠠᠬᠤ ᠲᠤᠱᠢᠶᠠᠯᠲᠠᠨ᠎ᠢ ᠰᠠᠢᠰᠢᠶᠠᠨ ᠬᠦᠬᠢᠬᠦᠯᠬᠦ ᠲᠤᠬᠠᠢ ᠮᠡᠳᠡᠭ᠌ᠳᠡᠯ》᠎ᠢ᠋ ᠳᠠᠷᠤᠮᠠᠯᠯᠠᠨ ᠲᠠᠷᠬᠠᠭᠠᠵᠤ᠂ ᠬᠡᠷᠡᠭ ᠱᠢᠢᠳᠪᠦᠷᠢᠯᠡᠬᠦ᠌ 39 ᠱᠢᠯᠢᠳᠡᠭ ᠪᠦᠯᠬᠦᠮ ᠪᠠ ᠬᠡᠷᠡᠭ ᠱᠢᠢᠳᠪᠦᠷᠢᠯᠡᠬᠦ᠌ 65 ᠱᠢᠯᠢᠳᠡᠭ ᠪᠠᠢᠴᠠᠭᠠᠬᠤ ᠲᠤᠱᠢᠶᠠᠯᠲᠠᠨ᠎ᠢ ᠵᠠᠷᠯᠠᠨ ᠰᠠᠢᠱᠢᠶᠠᠪᠠ᠃
ᠡᠬᠦᠨ ᠳ᠋ᠸ᠋᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠬᠣᠶᠠᠳᠤᠭᠠᠷ ᠪᠠᠢᠴᠠᠭᠠᠬᠤ ᠬᠡᠯᠳᠡᠰ ᠤ᠋ᠨ ᠬᠦᠨᠳᠦ ᠶᠡᠬᠡ ᠶᠠᠯᠠᠲᠤ ᠬᠡᠷᠡᠭ᠎ᠢ ᠱᠢᠶ᠋ᠳᠪᠦᠷᠢᠯᠡᠬᠦ᠌ ᠭᠤᠷᠪᠠᠳᠤᠭᠠᠷ ᠳᠤᠭᠤᠢᠯᠠᠩ ᠬᠡᠷᠡᠭ ᠰᠢᠢᠳᠪᠦᠷᠢᠯᠡᠬᠦ ᠰᠢᠯᠢᠳᠡᠭ ᠪᠦᠯᠬᠦᠮ ᠤ᠋ᠨ ᠢᠷᠠᠭᠤ ᠠᠯᠳᠠᠷ᠎ᠢ ᠬᠦᠷᠳᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠬᠥᠬᠡᠬᠣᠲᠠ᠎ᠶ᠋ᠢᠨ ᠲᠡᠮᠦᠷ ᠵᠠᠮ᠎ᠤᠨ ᠲᠡᠭᠡᠭᠡᠪᠦᠷᠢ᠎ᠶ᠋ᠢᠨ ᠪᠠᠢᠴᠠᠭᠠᠬᠤ ᠬᠤᠪᠢᠶᠠᠷᠢ ᠬᠣᠷᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠪᠠᠢᠴᠠᠭᠠᠬᠤ ᠳᠠᠷᠤᠭ᠎ᠠ᠂ ᠭᠤᠷᠪᠠᠳᠤᠭᠠᠷ ᠳᠡᠰ᠎ᠤᠨ ᠳᠡᠭᠡᠳᠦ ᠵᠡᠷᠭᠡ᠎ᠶ᠋ᠢᠨ ᠪᠠᠢᠴᠠᠭᠠᠬᠤ ᠲᠤᠱᠢᠶᠠᠯᠲᠠᠨ ᠯᠢᠦ ᠵᠢᠶᠧ ᠬᠡᠷᠡᠭ ᠰᠢᠢᠳᠪᠦᠷᠢᠯᠡᠬᠦ ᠰᠢᠯᠢᠳᠡᠭ ᠪᠠᠢᠴᠠᠭᠠᠬᠤ ᠲᠤᠰᠢᠶᠠᠯᠳᠠᠨ ᠵᠢᠡᠷ ᠦᠨᠡᠯᠡᠭᠳᠡᠵᠡᠢ᠃
《ᠮᠡᠳᠡᠭᠳᠡᠯ》 ᠳ᠋ᠤ᠂ 2025 ᠣᠨᠡᠴᠨ ᠨᠠᠭᠠᠰᠢ᠂ ᠪᠥᠬᠥ᠌ ᠤᠯᠤᠰ᠎ᠤᠨ ᠪᠠᠢᠴᠠᠭᠠᠬᠤ ᠪᠠᠢᠭᠤᠯᠭ᠎ᠠ᠂ ᠪᠥᠬᠥ᠌ ᠪᠠᠢᠴᠠᠭᠠᠬᠤ ᠠᠵᠢᠯᠲᠠᠨ ᠢᠯᠠᠩᠭᠤᠶ᠎ᠠ ᠨᠢᠭᠡᠳᠦᠭᠡᠷ ᠹᠷᠣᠨᠲ᠎ᠤᠨ ᠬᠡᠷᠡᠭ ᠱᠢᠶ᠋ᠳᠪᠦᠷᠢᠯᠡᠬᠦ᠌ ᠪᠦᠯᠬᠦᠮ ᠪᠠ ᠬᠡᠷᠡᠭ ᠱᠢᠶ᠋ᠳᠪᠦᠷᠢᠯᠡᠬᠦ᠌ ᠪᠠᠢᠴᠠᠭᠠᠬᠤ ᠲᠤᠱᠢᠶᠠᠯᠲᠠᠨ ᠬᠠᠤᠯᠢ ᠶᠣᠰᠣᠭᠠᠷ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠬᠡᠷᠡᠭ ᠨᠢᠭᠡᠪᠦᠷᠢ᠎ᠶ᠋ᠢ ᠥᠨᠳᠥᠷ ᠪᠦᠲᠦᠮᠵᠢᠲᠡᠶ᠎ᠪᠡᠷ ᠰᠠᠢᠲᠤᠷ ᠱᠢᠶ᠋ᠳᠪᠦᠷᠢᠯᠡᠵᠦ᠍᠂ ᠤᠬᠠᠮᠰᠠᠷ ᠡᠴᠨ ᠪᠠᠨ ᠶᠡᠬᠡ ᠲᠠᠯ᠎ᠠ᠎ᠳᠤ ᠦᠶ᠋ᠯᠡᠴᠢᠯᠡᠵᠦ᠍᠂ ᠠᠷᠠᠳ ᠲᠦᠮᠡᠨ᠎ᠦ ᠲᠥᠯᠥᠭᠡ ᠬᠠᠤᠯᠢ ᠶᠠᠪᠤᠭᠤᠯᠵᠤ᠂ ᠬᠠᠤᠯᠢ᠎ᠪᠠᠷ ᠵᠠᠰᠠᠬᠤ᠎ᠳᠤ ᠬᠠᠷᠢᠭᠤᠴᠠᠯᠭ᠎ᠠ ᠡᠭᠦᠷᠭᠡᠯᠡᠵᠦ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠳᠤᠮᠳᠠᠳᠤ ᠤᠯᠤᠰ᠎ᠢ ᠪᠥᠲᠥᠭᠡᠨ ᠪᠠᠢᠭᠤᠯᠬᠤ ᠵᠢ ᠠᠬᠢᠭᠤᠯᠬᠤ ᠳ᠋ᠸ᠋ ᠪᠠᠢᠴᠠᠭᠠᠬᠤ ᠬᠦᠴᠦᠨ ᠴᠢᠳᠠᠯ ᠵᠢᠡᠨ ᠡᠷᠬᠦᠵᠡᠢ ᠬᠡᠵᠦ ᠵᠢᠭᠠᠨ ᠭᠠᠷᠭᠠᠵᠠᠢ᠃
《ᠮᠡᠳᠡᠭᠳᠡᠯ》᠎ᠳᠤ᠂ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ᠂ ᠪᠦᠬᠦ᠌ ᠪᠠᠢᠴᠠᠭᠠᠬᠤ ᠠᠵᠢᠯᠳᠠᠨ ᠰᠠᠢᠱᠢᠶᠠᠭ᠍ᠳᠠᠭ᠍ᠰᠠᠨ ᠬᠡᠷᠡᠭ ᠱᠢᠢᠳᠪᠦᠷᠢᠯᠡᠬᠦ᠌ ᠱᠢᠯᠢᠳᠡᠭ ᠪᠦᠯᠬᠦᠮ ᠪᠠ ᠬᠡᠷᠡᠭ ᠱᠢᠢᠳᠪᠦᠷᠢᠯᠡᠬᠦ᠌ ᠱᠢᠯᠢᠳᠡᠭ ᠪᠠᠢᠴᠠᠭᠠᠬᠤ ᠲᠤᠱᠢᠶᠠᠯᠲᠠᠨ᠎ᠢᠶᠠᠷ ᠦᠯᠢᠭᠡᠷ ᠳᠠᠭᠤᠷᠢᠶᠠᠯ ᠪᠣᠯᠭᠠᠵᠤ᠂ ᠲᠡᠳᠡᠨ᠎ᠦ ᠢᠲᠡᠭᠡᠯ ᠵᠣᠷᠢᠭ ᠡᠷᠡᠰ ᠪᠠᠲᠤ᠂ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠭᠦᠢᠴᠡᠳᠭᠡᠬᠦ᠌ ᠤᠯᠤᠰ ᠲᠦᠷᠦ᠍᠎ᠶ᠋ᠢᠨ ᠬᠡᠪ ᠰᠤᠷᠲᠠᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ ᠡᠷᠬᠢᠮ ᠳᠡᠭᠡᠳᠦ ᠵᠠᠩ ᠰᠤᠷᠲᠠᠯ᠎ᠢ ᠰᠤᠷᠤᠯᠴᠠᠬᠤ ᠬᠡᠷᠡᠭ᠌ᠲᠡᠢ ᠬᠡᠵᠦ ᠱᠠᠭᠠᠷᠳᠠᠵᠠᠢ᠃