3 ᠰᠠᠷ᠎ᠠ᠎ᠶ᠋ᠢᠨ 2᠎ᠤ᠋ᠨ ᠡᠳᠦᠷ᠂ ᠪᠥᠬᠥ᠌
ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ《2025 ᠣᠨ᠎ᠤ ᠪᠥᠬᠥ᠌ ᠤᠯᠤᠰ᠎ᠤᠨ〈3·8〉 ᠤ᠋ ᠤᠯᠠᠭᠠᠨ ᠲᠤᠭ᠍ᠴᠢ ᠵᠢᠨ ᠵᠢᠱ᠌ᠢᠶᠠᠴᠢ᠂
ᠪᠥᠬᠥ᠌ ᠤᠯᠤᠰ᠎ᠤᠨ 〈3·8〉 ᠤ᠋ ᠤᠯᠠᠭᠠᠨ ᠲᠤᠭ᠍ᠴᠢ᠂ ᠪᠥᠬᠥ᠌ ᠤᠯᠤᠰ᠎ᠤᠨ〈3·8〉 ᠤ᠋ ᠤᠯᠠᠭᠠᠨ ᠲᠤᠭ᠍ᠴᠢ ᠬᠠᠮᠲᠤ ᠨᠡᠢᠲᠡ᠂
ᠪᠥᠬᠥ᠌ ᠤᠯᠤᠰ᠎ᠤᠨ ᠡᠮᠡᠭ᠌ᠲᠡᠢᠴᠦᠳ᠎ᠦᠨ ᠪᠣᠯᠪᠠᠰᠤᠨ ᠠᠵᠢᠯ᠎ᠤᠨ ᠪᠠᠢᠷᠢ᠎ᠶ᠋ᠢᠨ ᠨᠡᠷᠡᠰ》 ᠢ᠋ ᠨᠡᠢᠲᠡᠯᠡᠪᠡ᠃
ᠲᠡᠷᠢᠭᠦᠨ᠎ᠦ ᠬᠢ᠎ᠶ᠋ᠢ ᠬᠥᠬᠢᠭᠦᠯᠦᠨ ᠰᠠᠢᠱᠢᠶᠠᠵᠤ᠂
ᠦᠯᠢᠭᠡᠷ ᠳᠠᠭᠤᠷᠢᠶᠠᠯ᠎ᠢ ᠪᠤᠢ ᠪᠣᠯᠭᠠᠵᠤ᠂ ᠲᠡᠷᠢᠭᠦᠨ᠎ᠦ ᠨᠡᠢᠲᠡᠯᠢᠭ ᠵᠢᠱ᠌ᠢᠶ᠎ᠡ ᠪᠠ ᠵᠢᠱ᠌ᠢᠶᠡᠴᠢ ᠬᠥᠮᠦᠰ᠎ᠦᠨ
ᠵᠢᠱ᠌ᠢᠶ᠎ᠡ ᠦᠵᠡᠭᠦᠯᠬᠦ᠌ ᠦᠢᠯᠡᠳᠦᠯ᠎ᠢ ᠭᠦᠢᠴᠡᠳ ᠪᠠᠳᠠᠷᠠᠭᠤᠯᠬᠤ᠎ᠶ᠋ᠢᠨ ᠲᠥᠯᠥᠭᠡ᠂ ᠪᠦᠬᠦ᠌ ᠤᠯᠤᠰ ᠤᠨ ᠡᠮᠡᠭ᠌ᠲᠡᠢᠴᠦᠳ᠎ᠦᠨ
ᠬᠣᠯᠪᠣᠭ᠎ᠠ᠎ᠠᠴᠠ ᠯᠠᠨ ᠵᠧᠨ ᠵᠡᠷᠭᠡ 9 ᠬᠥᠮᠦᠨ᠎ᠳᠦ ᠪᠦᠬᠦ᠌ ᠤᠯᠤᠰ ᠤᠨ 《3·8》 ᠤ᠋ ᠤᠯᠠᠭᠠᠨ ᠲᠤᠭ᠍ᠴᠢ ᠵᠢᠱ᠌ᠢᠶᠡᠴᠢ᠎ᠶ᠋ᠢᠨ
ᠴᠣᠯᠠ ᠣᠯᠭᠣᠵᠤ᠂ ᠷᠤᠸᠠᠨ ᠱᠢᠶᠠᠩ ᠶᠠᠨ ᠵᠡᠷᠭᠡ 598 ᠬᠥᠮᠦᠨ᠎ᠳᠦ ᠪᠦᠬᠦ᠌ ᠤᠯᠤᠰ ᠤ᠋ᠨ 《3·8》 ᠤ᠋ ᠤᠯᠠᠭᠠᠨ ᠲᠤᠭ᠍ᠴᠢ᠎ᠶ᠋ᠢᠨ
ᠴᠣᠯᠠ ᠣᠯᠭᠣᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠷᠠᠰᠭᠠᠯ᠎ᠤᠨ
ᠣᠷᠳᠣᠨ᠎ᠤ ᠨᠡᠢᠭᠡᠮ᠎ᠤᠨ ᠰᠤᠷᠭᠠᠨ ᠬᠥᠮᠦᠵᠢᠯ᠎ᠦᠨ ᠬᠡᠯᠳᠡᠰ ᠵᠡᠷᠭᠡ 400 ᠨᠢᠭᠡᠴᠢ᠎ᠳᠦ ᠪᠦᠬᠦ᠌ ᠤᠯᠤᠰ ᠤᠨ《3·8》 ᠤ᠋
ᠤᠯᠠᠭᠠᠨ ᠲᠤᠭ᠍ᠴᠢ ᠬᠠᠮᠲᠤ ᠨᠡᠢᠲᠡ᠎ᠶ᠋ᠢᠨ ᠴᠣᠯᠠ ᠣᠯᠭᠣᠵᠤ᠂ ᠨᠡᠢᠰᠯᠡᠯ ᠦᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ
ᠬᠠᠷᠢᠶᠠᠲᠤ ᠪᠡᠭᠡᠵᠢᠩ᠎ᠦᠨ ᠲᠦᠩ ᠷᠧᠨ ᠡᠮᠨᠡᠯᠭᠡ᠎ᠶ᠋ᠢᠨ ᠬᠣᠷᠢᠶᠠᠨ᠎ᠤ ᠴᠢᠬᠢ ᠬᠠᠮᠠᠷ ᠬᠣᠭᠣᠯᠠᠶ᠎ᠶ᠋ᠢᠨ ᠭᠠᠳᠠᠷ
ᠰᠠᠯᠠᠭ᠎ᠠ ᠵᠡᠷᠭᠡ 600 ᠨᠢᠭᠡᠴᠢ᠎ᠳᠦ ᠪᠦᠬᠦ᠌ ᠤᠯᠤᠰ᠎ᠤᠨ ᠡᠮᠡᠭ᠌ᠲᠡᠢᠴᠦᠳ᠎ᠦᠨ ᠪᠣᠯᠪᠠᠰᠤᠨ ᠠᠵᠢᠯ᠎ᠤᠨ ᠪᠠᠢᠷᠢ᠎ᠶ᠋ᠢᠨ
ᠴᠣᠯᠠ ᠣᠯᠭᠣᠬᠤ᠎ᠪᠠᠷ ᠲᠣᠭ᠍ᠲᠠᠪᠠ᠃



ᠡᠭᠦᠨ᠎ᠳᠦ᠂ ᠥᠪᠥᠷ ᠮᠣᠩᠭᠣᠯ᠎ᠤᠨ ᠬᠥᠯᠥᠨ
ᠪᠣᠢᠷ᠎ᠤᠨ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠨᠡᠢᠭᠡᠮᠯᠢᠭ ᠦᠨ ᠳᠠᠷᠤᠭ᠎ᠠ ᠮᠸᠩ ᠵᠢᠨ ᠱᠢᠶᠠ᠂ ᠥᠪᠥᠷ ᠮᠣᠩᠭᠣᠯ᠎ᠤᠨ
ᠡᠳᠦᠷ᠎ᠦᠨ ᠰᠣᠨᠢᠨ᠎ᠤ ᠬᠣᠷᠢᠶ᠎ᠠ᠎ᠶ᠋ᠢᠨ ᠯᠢ ᠱᠢᠶᠠ ᠵᠡᠷᠭᠡ 14 ᠬᠥᠮᠦᠨ ᠪᠥᠬᠥ᠌ ᠤᠯᠤᠰ᠎ᠤᠨ《3·8》 ᠤ᠋ ᠤᠯᠠᠭᠠᠨ ᠲᠤᠭ᠍ᠴᠢ ᠪᠠᠷ ᠰᠣᠩᠭᠣᠭ᠍ᠳᠠᠵᠤ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠂
ᠱᠢᠯᠢ᠎ᠶ᠋ᠢᠨ ᠭᠤᠤᠯ ᠠᠢᠮᠠᠭ᠎ᠤᠨ ᠮᠣᠩᠭᠣᠯ ᠡᠮᠨᠡᠯᠭᠡ᠎ᠶ᠋ᠢᠨ ᠬᠣᠷᠢᠶ᠎ᠠ ᠵᠡᠷᠭᠡ 10 ᠬᠠᠮᠲᠤ ᠨᠡᠢᠲᠡ ᠪᠥᠬᠥ᠌ ᠤᠯᠤᠰ᠎ᠤᠨ
《3·8》 ᠤ᠋ ᠤᠯᠠᠭᠠᠨ ᠲᠤᠭ᠍ᠴᠢ ᠬᠠᠮᠲᠤ ᠨᠡᠢᠲᠡ
ᠪᠡᠷ ᠲᠤᠳᠤᠷᠠᠵᠤ᠂ ᠥᠪᠥᠷ ᠮᠣᠩᠭᠣᠯ᠎ᠤᠨ ᠢᠯᠢ ᠠᠵᠤ ᠦᠶ᠋ᠯᠡᠰ᠎ᠦᠨ ᠪᠦᠯᠦᠭ᠌ᠯᠡᠯ᠎ᠦᠨ ᠬᠤᠪᠢᠴᠠᠭᠠᠳᠤ ᠬᠢᠵᠠᠭᠠᠷᠲᠤ
ᠺᠣᠮᠫᠠᠨᠢ᠎ᠶ᠋ᠢᠨ ᠢᠯᠢ ᠰᠣᠶᠣᠯ ᠵᠢᠭᠤᠯᠴᠢᠯᠠᠯ᠎ᠤᠨ ᠪᠦᠯᠬᠦᠮ᠂ ᠲᠦᠩᠯᠢᠶᠣᠤ᠎ᠶ᠋ᠢᠨ ᠠᠵᠤ ᠠᠬᠤᠶ ᠮᠡᠷᠭᠡᠵᠢᠯ᠎ᠦᠨ
ᠨᠡᠭᠡᠭᠡᠯᠲᠡ᠎ᠶ᠋ᠢᠨ ᠲᠣᠭᠣᠷᠢᠭ᠎ᠤᠨ ᠨᠢᠭᠡᠳᠦᠭᠡᠷ ᠬᠡᠦᠬᠡᠳ᠎ᠦᠨ ᠴᠡᠴᠡᠷᠯᠢᠭ ᠵᠡᠷᠭᠡ 16 ᠬᠠᠮᠲᠤ ᠨᠡᠢᠲᠡ ᠪᠥᠬᠥ᠌
ᠤᠯᠤᠰ ᠤᠨ ᠡᠮᠡᠭ᠌ᠲᠡᠢᠴᠦᠳ ᠦᠨ ᠪᠣᠯᠪᠠᠰᠤᠨ ᠠᠵᠢᠯ᠎ᠤᠨ ᠪᠠᠢᠷᠢ᠎ᠳᠤ ᠰᠣᠩᠭᠣᠭ᠍ᠳᠠᠪᠠ᠃