ᠦᠪᠦᠷ ᠮᠤᠩᠭᠤᠯ ᠭᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭᠠᠯᠠᠬᠤ ᠠᠵᠢᠯ᠎ᠢ ᠤᠨᠤᠪᠴᠢᠲᠠᠢ ᠠᠭᠢᠭᠤᠯᠵᠤ ᠪᠤᠢ
2026-03-04 10:41:25
ᠵᠣᠬᠢᠶᠠᠭ᠍ᠴᠢ᠄
ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

2026 ᠣᠨ᠎ᠤ 3 ᠰᠠᠷ᠎ᠠ ᠎ᠶᠢᠨ 3᠎ᠤ ᠡᠳᠦᠷ ᠪᠣᠯ ᠠᠷᠪᠠᠨ ᠭᠤᠷᠪᠠᠳᠤᠭᠠᠷ《ᠳᠡᠯᠡᠬᠡᠢ᠎ᠶᠢᠨ ᠬᠡᠭᠡᠷ᠎ᠡ᠎ᠶᠢᠨ ᠠᠮᠢᠲᠠᠨ ᠤᠷᠭᠤᠮᠠᠯ᠎ᠤᠨ ᠡᠳᠦᠷ》  ᠪᠣᠯᠣᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠲᠤᠬᠠᠢ᠎ᠶᠢᠨ ᠭᠠᠵᠠᠷ᠎ᠤᠨ ᠬᠡᠭᠡᠷ᠎ᠡ᠎ᠶᠢᠨ ᠠᠮᠢᠲᠠᠨ ᠤᠷᠭᠤᠮᠠᠯ᠎ᠢ ᠬᠠᠮᠠᠭᠠᠯᠠᠭᠰᠠᠨ ᠦᠷ᠎ᠡ ᠪᠦᠲᠦᠮᠵᠢ᠂ ᠨᠡᠭᠦᠳᠡᠯ᠎ᠤᠨ ᠰᠢᠪᠠᠭᠤᠨ᠎ᠤ ᠲᠥᠷᠥᠯ᠎ᠦᠨ ᠰᠦᠷᠦᠭ᠎ᠦᠨ ᠲᠣᠭ᠎ᠠ ᠵᠡᠷᠭᠡ ᠣᠯᠠᠨ ᠵᠦᠢᠯ᠎ᠦᠨ ᠲᠣᠭ᠎ᠠ ᠪᠠᠷᠢᠮᠲᠠ᠎ᠶᠢ ᠨᠡᠢᠲᠡᠯᠡᠪᠡ᠃

2026 ᠣᠨ᠎ᠳᠤ ᠨᠡᠭᠦᠳᠡᠯ᠎ᠤᠨ ᠰᠢᠪᠠᠭᠤ᠎ᠶᠢ ᠢᠵᠢᠯ ᠠᠯᠬᠤᠮ᠎ᠢᠶᠠᠷ ᠬᠢᠨᠠᠨ ᠬᠡᠮᠵᠢᠵᠦ ᠲᠡᠮᠳᠡᠭᠯᠡᠭᠰᠡᠨ᠎ᠢᠶᠡᠷ᠂ ᠥᠪᠥᠷ ᠮᠣᠩᠭᠣᠯ᠎ᠳᠤ ᠢᠷᠡᠵᠦ ᠡᠪᠦᠯᠵᠢᠭᠰᠡᠨ ᠨᠡᠭᠦᠳᠡᠯ᠎ᠤᠨ ᠰᠢᠪᠠᠭᠤᠨ᠎ᠤ ᠳᠦᠷᠰᠦ᠎ᠶᠢᠨ ᠰᠦᠷᠦᠭ᠎ᠦᠨ ᠲᠣᠭ᠎ᠠ ᠲᠣᠭᠲᠠᠭᠤᠨ ᠪᠠᠢᠬᠤ᠎ᠶᠢᠨ ᠵᠡᠷᠭᠡ᠎ᠳᠦ ᠳᠡᠭᠡᠭᠰᠢᠯᠡᠵᠦ᠂ 18.5 ᠲᠦᠮᠡ ᠭᠠᠷᠤᠢ ᠪᠣᠯᠵᠤ᠂ ᠲᠦᠷᠦᠭᠦᠸ᠋ ᠵᠢᠯ᠎ᠦᠨ ᠬᠢ᠎ᠡᠴᠡ 2 ᠲᠦᠮᠡ ᠭᠠᠷᠤᠢ ᠨᠡᠮᠡᠭᠳᠡᠵᠡᠢ᠃ ᠡᠭᠦᠨ᠎ᠳᠦ᠂  《ᠭᠤᠷᠪᠠᠨ ᠴᠢᠬᠤᠯᠠ ᠦᠷᠲᠡᠭᠲᠦ》 ᠬᠠᠮᠠᠭᠠᠯᠠᠯᠲᠠ᠎ᠶᠢᠨ ᠠᠮᠢᠲᠠᠨ ᠪᠣᠯᠬᠤ ᠯᠠᠮ᠎ᠠ ᠭᠠᠯᠠᠭᠤ᠎ᠶᠢᠨ ᠡᠪᠦᠯᠵᠢᠬᠦ ᠳᠦᠷᠰᠦ᠎ᠶᠢᠨ ᠰᠦᠷᠦᠭ ᠨᠢ ᠪᠥᠬᠥ ᠪᠥᠮᠪᠥᠷᠴᠡᠭ᠎ᠦᠨ ᠲᠣᠭᠠᠨ᠎ᠤ 50%᠎ᠠᠴᠠ ᠳᠡᠭᠡᠭᠰᠢᠬᠢ᠎ᠶᠢ ᠡᠵᠡᠯᠡᠵᠦ ᠪᠣᠶ︔ᠥᠪᠥᠷ ᠮᠣᠩᠭᠣᠯ᠎ᠳᠤ ᠲᠠᠷᠬᠠᠵᠤ ᠪᠠᠢᠭ᠎ᠠ ᠤᠯᠤᠰ᠎ᠤᠨ ᠭᠣᠣᠯᠳᠠᠯᠭ᠎ᠠ᠎ᠲᠠᠢ ᠬᠠᠮᠠᠭᠠᠯᠠᠯᠲᠠ᠎ᠳᠤ ᠪᠠᠢᠭ᠎ᠠ 47 ᠲᠦᠷᠦᠯ᠎ᠦᠨ ᠬᠡᠭᠡᠷ᠎ᠡ᠎ᠶᠢᠨ ᠤᠷᠭᠤᠮᠠᠯ᠎ᠢ ᠴᠢᠩᠭ᠎ᠠ ᠬᠠᠮᠠᠭᠠᠯᠠᠵᠤ᠂ ᠨᠤᠴᠤᠭᠠᠨ᠎ᠠ ᠵᠡᠷᠭᠡ ᠬᠣᠪᠣᠷ ᠴᠤᠬᠠᠭ ᠪᠣᠳᠠᠰ᠎ᠤᠨ ᠲᠥᠷᠥᠯ᠎ᠢ ᠨᠡᠭᠦᠯᠭᠡᠨ ᠬᠠᠮᠠᠭᠠᠯᠠᠬᠤ ᠪᠠ ᠥᠷᠭᠡᠳᠬᠡᠨ ᠦᠷᠡᠵᠢᠭᠦᠯᠬᠦ ᠰᠤᠳᠤᠯᠭᠠᠨ᠎ᠢᠶᠠᠷ ᠳᠡᠮᠵᠢᠨ᠂ ᠳᠦᠷᠰᠦ᠎ᠶᠢᠨ ᠰᠦᠷᠦᠭ᠎ᠦᠨ ᠰᠡᠷᠭᠦᠯᠲᠡ ᠨᠢ ᠱᠠᠲᠤ ᠦᠶ᠎ᠡ᠎ᠶᠢᠨ ᠴᠢᠨᠠᠷᠲᠠᠢ ᠠᠬᠢᠴᠠ᠎ᠲᠠᠢ ᠪᠣᠯᠪᠠ᠃

ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠳᠤ ᠡᠬᠡ ᠬᠠᠭᠤᠷᠠᠢ᠎ᠶᠢᠨ ᠬᠡᠭᠡᠷ᠎ᠡ᠎ᠶᠢᠨ ᠠᠮᠢᠳᠠᠨ 613 ᠵᠦᠢᠯ᠂ ᠬᠡᠭᠡᠷ᠎ᠡ᠎ᠶᠢᠨ ᠴᠣᠷᠭᠣ᠌ ᠰᠢᠷᠬᠡᠭ᠎ᠤᠨ ᠪᠠᠭᠴᠠᠲᠤ ᠤᠷᠭᠤᠮᠠᠯ 2619 ᠵᠦᠢᠯ ᠪᠠᠢᠵᠤ᠂ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠵᠠᠩᠭᠢᠯᠠᠭ᠎ᠠ᠎ᠶᠢᠨ ᠣᠷᠣᠨ ᠪᠦᠰᠡ ᠪᠣᠯᠣᠨ᠎ᠠ᠃

ᠥᠪᠥᠷ ᠮᠣᠩᠭᠣᠯ ᠬᠠᠮᠠᠭᠠᠯᠠᠯᠲᠠ᠎ᠶᠢᠨ ᠠᠵᠢᠯ᠎ᠢ ᠭᠤᠷᠪᠠᠨ ᠲᠠᠯ᠎ᠠ᠎ᠪᠠᠷ ᠣᠨᠣᠪᠴᠢᠲᠠᠶ ᠠᠬᠢᠭᠤᠯᠪᠠ᠄ ᠳᠦᠷᠰᠦ᠎ᠶᠢᠨ ᠬᠠᠮᠠᠭᠠᠯᠠᠯᠲᠠ᠎ᠶᠢᠨ ᠲᠠᠯ᠎ᠠ᠎ᠪᠠᠷ᠂ ᠲᠤᠬᠠᠢ᠎ᠶᠢᠨ ᠭᠠᠵᠠᠷ ᠪᠠ ᠨᠡᠭᠦᠳᠡᠯ᠎ᠤᠨ ᠭᠠᠵᠠᠷ᠎ᠤᠨ ᠬᠠᠮᠠᠭᠠᠯᠠᠯᠲᠠ᠎ᠶᠢ ᠵᠡᠷᠭᠡ ᠎ᠪᠡᠷ ᠴᠢᠬᠤᠯᠠᠴᠢᠯᠠᠬᠤ᠎ᠶᠢ ᠪᠠᠷᠢᠮᠲᠠᠯᠠᠨ᠂ ᠤᠷᠤᠮᠵᠢ ᠬᠠᠩᠭᠠᠨ ᠠᠪᠤᠷᠠᠨ ᠲᠤᠰᠠᠯᠠᠬᠤ ᠰᠢᠰᠲᠧᠮ ᠎ᠢ ᠲᠡᠭᠦᠯᠳᠡᠷᠵᠢᠭᠦᠯᠵᠦ᠂ 2025 ᠣᠨ᠎ᠳᠤ ᠪᠥᠬᠥ ᠣᠷᠣᠨ᠎ᠤ 51 ᠠᠪᠤᠷᠠᠨ ᠲᠤᠰᠠᠯᠠᠬᠤ ᠥᠷᠲᠡᠭᠡ᠎ᠨᠢ ᠲᠤᠭᠤᠳᠠᠭ᠂ ᠠᠯ ᠰᠡᠭᠦᠯ ᠵᠡᠷᠭᠡ 3502 ᠬᠣᠪᠣᠷ ᠴᠤᠬᠠᠭ ᠠᠮᠢᠲᠠᠨ ᠎ᠢ ᠠᠪᠤᠷᠠᠨ ᠲᠤᠰᠠᠯᠠᠪᠠ︔ᠬᠢᠨᠠᠨ ᠬᠡᠮᠵᠢᠬᠦ ᠪᠠ ᠣᠷᠣᠰᠢᠨ ᠠᠮᠢᠳᠤᠷᠠᠬᠤ ᠭᠠᠵᠠᠷ᠎ᠤᠨ ᠬᠠᠮᠢᠶᠠᠷᠤᠯᠲᠠ᠎ᠶᠢᠨ ᠲᠠᠯ᠎ᠠ᠎ᠪᠠᠷ᠂ ᠰᠢᠪᠠᠭᠤᠨ᠎ᠤ ᠲᠥᠷᠥᠯ᠎ᠦᠨ ᠵᠠᠩᠭᠢᠯᠠᠭ᠎ᠠ᠎ᠶᠢᠨ ᠣᠷᠣᠨ ᠪᠦᠰᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠣᠭᠣᠷᠢᠨ ᠬᠠᠮᠠᠭᠠᠯᠠᠵᠤ ᠬᠢᠨᠠᠨ ᠬᠡᠮᠵᠢᠬᠦ ᠲᠣᠭᠲᠠᠴᠠ᠎ᠶᠢ ᠪᠠᠢᠭᠤᠯᠵᠤ᠂ 2025 ᠣᠨ᠎ᠤ ᠬᠠᠪᠤᠷ ᠨᠠᠮᠤᠷ᠎ᠤᠨ ᠤᠯᠠᠷᠢᠯ᠎ᠤᠨ ᠤᠰᠤᠨ᠎ᠤ ᠰᠢᠪᠠᠭᠤ᠎ᠶᠢ ᠬᠢᠨᠠᠨ ᠬᠡᠮᠵᠢᠭᠰᠡᠨ ᠲᠡᠮᠳᠡᠭᠯᠡᠯ᠎ᠳᠤ 89.3 ᠲᠦᠮᠡ ᠭᠠᠷᠤᠢ ᠰᠢᠪᠠᠭᠤ ᠵᠢ ᠲᠡᠮᠳᠡᠭᠯᠡᠵᠦ᠂ ᠡᠭᠦᠨ᠎ᠳᠤ ᠭᠣᠣᠯᠳᠠᠯᠭ᠎ᠠ᠎ᠲᠠᠢ ᠬᠠᠮᠠᠭᠠᠯᠠᠵᠤ ᠪᠠᠢᠭ᠎ᠠ ᠠᠮᠢᠳᠤ ᠪᠣᠳᠠᠰ᠎ᠤᠨ ᠲᠥᠷᠥᠯ 20.4 ᠲᠦᠮᠡ ᠭᠠᠷᠤᠢ ᠪᠠᠢᠵᠤ᠂ 2026 ᠣᠨ᠎ᠳᠤ ᠠᠩᠬ᠎ᠠ ᠤᠳᠠᠭ᠎ᠠ ᠠᠯᠠᠭ ᠴᠢᠷᠠᠢᠲᠤ ᠨᠤᠭᠤᠰᠤ᠎ᠶᠢᠨ ᠥᠪᠥᠷ ᠮᠣᠩᠭᠣᠯ ᠎ᠳᠤ ᠡᠪᠦᠯᠵᠢᠭᠰᠡᠨ ᠎ᠢ ᠤᠯᠵᠤ ᠲᠡᠮᠳᠡᠭᠯᠡᠵᠡᠢ︔ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ᠎ᠶᠢᠨ ᠲᠠᠯ᠎ᠠ᠎ᠪᠠᠷ᠂ ᠲᠢᠩᠬᠢᠮ᠎ᠦᠨ ᠬᠣᠭᠣᠷᠣᠨᠳᠣᠬᠢ ᠬᠠᠮᠲᠤᠷᠠᠭᠰᠠᠨ ᠬᠤᠷᠠᠯ ᠎ᠤᠨ ᠳᠦᠷᠢᠮ᠎ᠳᠦ ᠲᠦᠰᠢᠭᠯᠡᠨ᠂《ᠰᠢᠪᠠᠭᠤᠨ᠎ᠤ ᠲᠦᠷᠦᠯ᠎ᠤᠨ ᠠᠵᠢᠯᠯᠠᠭ᠎ᠠ ᠵᠢ ᠬᠠᠮᠠᠭᠠᠯᠠᠬᠤ ᠪᠠ ᠰᠢᠪᠠᠭᠤᠨ᠎ᠤ ᠲᠦᠷᠦᠯ ᠎ᠢ ᠬᠠᠤᠯᠢ ᠪᠤᠰᠤ ᠪᠡᠷ ᠠᠩᠨᠠᠵᠤ ᠠᠷᠠᠯᠵᠢᠶᠠᠯᠠᠬᠤ᠎ᠳᠤ ᠴᠤᠬᠢᠯᠲᠠ ᠦᠭᠬᠦ ᠲᠤᠰᠬᠠᠢ ᠠᠵᠢᠯᠯᠠᠭ᠎ᠠ》᠂《ᠰᠦᠯᠵᠢᠶᠡᠨ᠎ᠦ ᠪᠠᠮᠪᠠᠢ》 ᠵᠡᠷᠭᠡ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ᠎ᠶᠢ ᠥᠷᠨᠢᠭᠦᠯᠵᠦ᠂ ᠬᠡᠭᠡᠷ᠎ᠡ᠎ᠶᠢᠨ ᠠᠮᠢᠲᠠᠨ ᠤᠷᠭᠤᠮᠠᠯ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ᠎ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号