ᠶᠡᠬᠡ ᠬᠤᠷᠠᠯ ᠤᠨ ᠡᠳᠦᠷ ᠦᠨ ᠳᠠᠷᠠᠭᠠᠯᠠᠯ ᠵᠡᠷᠭᠡ᠎ᠶ᠋ᠢ ᠲᠣᠭ᠍ᠲᠠᠭᠠᠪᠠ ᠲᠣᠰ ᠤᠳᠠᠭᠠᠨ᠎ᠤ ᠶᠡᠬᠡ ᠬᠤᠷᠠᠯ 5 ᠤ᠋ ᠡᠳᠦᠷ ᠡᠬᠢᠯᠡᠵᠦ ᠬᠤᠷᠠᠯ ᠤᠨ ᠬᠤᠭᠤᠴᠠᠭ᠎ᠠ 8 ᠡᠳᠦᠷ ᠪᠤᠯᠤᠨ᠎ᠠ
ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 4 ᠤ᠋ ᠡᠳᠦᠷ᠎ᠦᠨ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠩᠬᠠᠳᠤᠭᠠᠷ ᠤᠳᠠᠭ᠎ᠠ ᠶᠢᠨ ᠬᠤᠷᠠᠯ ᠬᠢᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠵᠡᠢ᠃
ᠲᠡᠷᠢᠭᠦᠯᠡᠭ᠌ᠴᠢᠳ ᠦᠨ ᠪᠦᠯᠬᠦᠮ ᠦᠨ ᠬᠤᠷᠠᠯ᠎ᠳᠤ ᠣᠷᠣᠯᠴᠠᠬᠤ ᠶᠣᠰᠣᠲᠠᠢ ᠬᠦᠮᠦᠨ 167 ᠪᠠᠢᠵᠤ᠂ 165 ᠬᠥᠮᠦᠨ ᠣᠷᠣᠯᠴᠠᠵᠤ᠂ 2 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
ᠬᠤᠷᠠᠯ ᠡᠴᠡ ᠡᠩ ᠲᠡᠷᠢᠭᠦᠨ᠎ᠳᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠦᠨ ᠪᠠᠢᠩᠭᠤ᠎ᠶ᠋ᠢᠨ ᠲᠡᠷᠢᠭᠦᠯᠡᠭ᠌ᠴᠢ᠎ᠶ᠋ᠢ ᠳᠡᠪᠱᠢᠭᠦᠯᠦᠨ ᠰᠣᠩᠭᠣᠪᠠ᠃ ᠲᠡᠷᠢᠭᠦᠯᠡᠭ᠌ᠴᠢᠳ᠎ᠦᠨ ᠪᠦᠯᠬᠦᠮ ᠦᠨ ᠪᠠᠢᠩᠭᠤ᠎ᠶ᠋ᠢᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ ᠡᠭᠦᠷᠭᠡᠯᠡᠨ᠎ᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠲᠡᠷᠢᠭᠦᠯᠡᠭ᠌ᠴᠢᠳ᠎ᠦᠨ ᠪᠦᠯᠬᠦᠮ ᠦᠨ ᠬᠤᠷᠠᠯ ᠢ ᠬᠤᠷᠠᠯᠳᠤᠭᠤᠯᠬᠤ ᠪᠥᠭᠡᠳ ᠡᠷᠬᠢᠯᠡᠨ᠎ᠡ᠃
ᠬᠤᠷᠠᠯ ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠡᠳᠦᠷ᠎ᠦᠨ ᠳᠠᠷᠠᠭᠠᠯᠠᠯ᠎ᠢ ᠪᠠᠲᠤᠯᠠᠪᠠ᠃ ᠬᠤᠷᠠᠯ᠎ᠤᠨ ᠡᠳᠦᠷ᠎ᠦᠨ ᠳᠠᠷᠠᠭᠠᠯᠠᠯ᠎ᠢ ᠦᠨᠳᠦᠰᠦᠯᠡᠪᠡᠯ᠂ ᠡᠨᠡ ᠤᠳᠠᠭ᠎ᠠ᠎ᠶ᠋ᠢᠨ ᠶᠡᠬᠡ ᠬᠤᠷᠠᠯ ᠢ᠋ 3 ᠰᠠᠷ᠎ᠠ᠎ᠶ᠋ᠢᠨ 5 ᠤ᠋ ᠦᠳᠡ᠎ᠶ᠋ᠢᠨ ᠡᠮᠦᠨ᠎ᠡ ᠡᠬᠢᠯᠡᠬᠦᠯᠵᠦ᠍᠂ 3 ᠰᠠᠷ᠎ᠠ᠎ᠶ᠋ᠢᠨ 12 ᠤ᠋ᠨ ᠦᠳᠡ᠎ᠶ᠋ᠢᠨ ᠬᠣᠢᠨ᠎ᠠ ᠲᠡᠭᠦᠰᠬᠡᠬᠦ ᠪᠡᠷ ᠳᠤᠭᠳᠠᠪᠠ᠂ ᠬᠤᠷᠠᠯ᠎ᠤᠨ ᠬᠤᠭᠤᠴᠠᠭ᠎ᠠ ᠨᠢ 8 ᠡᠳᠦᠷ ᠪᠣᠯᠤᠨ᠎ᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ᠎ᠦᠨ ᠲᠣᠭ᠍ᠲᠠᠭᠠᠯ᠎ᠢ ᠦᠨᠳᠦᠰᠦᠯᠡᠨ᠂ ᠲᠡᠷᠢᠭᠦᠯᠡᠭ᠌ᠴᠢᠳ᠎ᠦᠨ ᠪᠦᠯᠬᠦᠮ᠎ᠦᠨ ᠠᠩᠬᠠᠳᠤᠭᠠᠷ ᠤᠳᠠᠭ᠎ᠠ᠎ᠶᠢᠨ ᠬᠤᠷᠠᠯ ᠡᠴᠡ ᠳᠡᠪᠰᠢᠭᠦᠯᠦᠨ ᠰᠤᠩᠭᠤᠭᠰᠠᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠨᠠᠷ ᠲᠤᠰ ᠲᠤᠰ ᠤᠳᠠᠭ᠎ᠠ ᠪᠦᠷᠢ᠎ᠶ᠋ᠢᠨ ᠶᠡᠬᠡ ᠬᠤᠷᠠᠯ᠎ᠤᠨ ᠪᠦᠬᠦᠳᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠨ᠎ᠡ᠃ ᠪᠠᠲᠤᠯᠠᠯᠲᠠ ᠬᠢᠬᠦ᠌᠎ᠪᠡᠷ ᠳᠠᠮᠵᠢᠨ᠂ ᠬᠤᠷᠠᠯ ᠡᠴᠡ ᠶᠡᠬᠡ ᠬᠤᠷᠠᠯ᠎ᠤᠨ ᠪᠦᠭᠦᠳᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢ ᠳᠡᠪᠰᠢᠬᠦᠯᠦᠨ ᠰᠤᠩᠭᠤᠪᠠ᠃
ᠬᠤᠷᠠᠯ ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠯᠢᠦ ᠴᠢ᠂ ᠯᠢᠦ ᠵᠢᠶᠦ᠋ᠨ ᠴᠧᠨ᠂ ᠱᠢᠨ ᠴᠦᠨ ᠶᠢᠩ᠂ ᠵᠦᠩ ᠱᠠᠨ᠂ ᠯᠧᠦ ᠴᠢᠨ ᠵᠢᠶᠠᠨ᠂ ᠺᠦᠩ ᠱᠤᠤ ᠱᠢᠶᠦ᠋ᠨ᠂ ᠸᠠᠩ ᠶᠠᠩ᠎ᠢ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠪᠤᠯᠭᠠᠬᠤ ᠪᠡᠷ ᠲᠣᠭ᠍ᠲᠠᠪᠠ᠃ ᠬᠤᠷᠠᠯ ᠡᠴᠡ ᠯᠧᠦ ᠴᠢᠨ ᠵᠢᠶᠠᠨ ᠳ᠋ᠤ ᠶᠡᠬᠡ ᠬᠤᠷᠠᠯ᠎ᠤᠨ ᠥᠭᠦᠯᠡᠭ᠌ᠴᠢ᠎ᠶ᠋ᠢᠨ ᠲᠤᠱᠢᠶᠠᠯ ᠢ ᠬᠠᠪᠰᠤᠷᠭᠠᠨ ᠡᠭᠦᠷᠭᠡᠯᠡᠬᠦᠯᠬᠦ᠎ᠪᠠᠷ ᠲᠣᠭ᠍ᠲᠠᠪᠠ᠃
ᠬᠤᠷᠠᠯ ᠡᠴᠡ ᠪᠠᠳᠤᠯᠠᠯᠳᠠ ᠬᠢᠬᠦ ᠪᠡᠷ ᠳᠠᠮᠵᠢᠨ᠂ ᠶᠡᠬᠡ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠳᠤᠷᠠᠳᠭᠤ ᠴᠠᠭ ᠢ 3 ᠰᠠᠷ᠎ᠠ᠎ᠶ᠋ᠢᠨ 8 ᠤ᠋ ᠡᠳᠦᠷ᠎ᠤᠨ 12 ᠴᠠᠭ᠎ᠢᠶᠠᠷ ᠬᠢᠵᠠᠭᠠᠷᠯᠠᠬᠤ᠎ᠪᠠᠷ ᠳᠤᠭᠳᠠᠪᠠ᠃ ᠬᠤᠷᠠᠯ ᠤᠨ ᠬᠤᠭᠤᠴᠠᠭᠠᠨ᠎ᠳᠤ᠂ ᠶᠡᠬᠡ ᠬᠤᠷᠠᠯ᠎ᠤᠨ ᠨᠠᠷᠢᠨ ᠪᠢᠴᠢᠭ ᠦᠨ ᠭᠠᠵᠠᠷ ᠡᠴᠡ ᠲᠥᠯᠥᠭᠡᠯᠡᠭ᠌ᠴᠢᠳ᠎ᠦᠨ ᠪᠦᠯᠬᠦᠮ ᠪᠠ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠬᠤᠭᠤᠴᠠᠭᠠᠨ᠎ᠳᠤ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠰᠤᠳᠤᠯᠵᠤ᠂ ᠱᠢᠢᠳᠪᠦᠷᠢᠯᠡᠬᠦ᠌ ᠰᠠᠨᠠᠯ ᠳᠤᠷᠠᠳᠴᠤ᠌᠂ ᠲᠡᠷᠢᠭᠦᠯᠡᠭ᠌ᠴᠢᠳ᠎ᠦᠨ ᠪᠦᠯᠬᠦᠮ᠎ᠳᠦ ᠮᠡᠳᠡᠭᠦᠯᠦᠨ ᠲᠣᠭ᠍ᠲᠠᠭᠠᠯ ᠭᠠᠷᠭᠠᠭᠤᠯᠬᠤ ᠪᠤᠯᠤᠨ᠎ᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)