ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠵᠢᠷᠠᠨ ᠳᠥᠷᠪᠡᠳᠦᠭᠡᠷ ᠤᠳᠠᠭ᠎ᠠ᠎ᠵᠢᠨ ᠬᠣᠷᠢᠶᠠᠨ ᠳᠠᠷᠤᠭ᠎ᠠ᠎ᠵᠢᠨ ᠬᠤᠷᠠᠯ ᠬᠤᠷᠠᠯᠳᠤᠭᠤᠯᠪᠠ
2026-03-05 09:07:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 4 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ ᠎ᠳᠤ ᠵᠢᠷᠠᠨ ᠳᠥᠷᠪᠡᠳᠦᠭᠡᠷ ᠤᠳᠠᠭ᠎ᠠ᠎ᠵᠢᠨ ᠬᠣᠷᠢᠶᠠᠨ ᠳᠠᠷᠤᠭ᠎ᠠ᠎ᠵᠢᠨ ᠬᠤᠷᠠᠯ ᠬᠤᠷᠠᠯᠳᠤᠭᠤᠯᠪᠠ᠃ ᠬᠣᠷᠢᠶᠠᠨ ᠳᠠᠷᠤᠭ᠎ᠠ ᠵᠣᠣ ᠯᠸ ᠵᠢᠶ ᠬᠤᠷᠠᠯ ᠎ᠢ ᠡᠷᠭᠢᠯᠡᠵᠡᠢ᠃

ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ ᠵᠦᠢᠯ ᠎ᠦᠨ ᠲᠥᠰᠦᠯ ᠎ᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠶᠠᠷ ᠲᠥᠰᠦᠯ᠎ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠪᠡᠯᠡᠳᠭᠡᠯ ᠬᠤᠷᠠᠯ᠎ᠳᠤ ᠳᠡᠪᠱᠢᠭᠦᠯᠦᠨ ᠰᠣᠩᠭᠣᠭᠤᠯᠢ ᠬᠢᠯᠭᠡᠬᠦ᠌ ᠪᠠ ᠪᠠᠲᠤᠯᠠᠯᠲᠠ ᠬᠢᠯᠭᠡᠬᠦ᠌᠎ᠪᠡᠷ ᠲᠣᠭ᠍ᠲᠠᠪᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ·ᠵᠠᠺᠸᠯ ᠬᠤᠷᠠᠯ᠎ᠳᠤ ᠣᠷᠣᠯᠴᠠᠪᠠ᠃

3᠎ᠤ᠋ ᠦᠳᠡ᠎ᠶ᠋ᠢᠨ ᠬᠣᠢᠨ᠎ᠠ ᠪᠠ ᠤᠷᠤᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠣᠷᠣᠯᠴᠠᠬᠤ ᠡᠯ᠎ᠡ ᠲᠥᠯᠥᠭᠡᠯᠡᠭ᠌ᠴᠢᠳ᠎ᠦᠨ ᠪᠦᠯᠬᠦᠮ ᠬᠤᠷᠠᠯ ᠬᠤᠷᠠᠯᠳᠤᠭᠤᠯᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ ᠵᠦᠢᠯ᠎ᠦᠨ ᠲᠥᠰᠦᠯ᠎ᠢ ᠬᠢᠨᠠᠨ ᠵᠥᠪᠯᠡᠪᠡ᠃


ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ ) 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号