ᠰᠢ ᠵᠢᠨ ᠫᠢᠩ ᠯᠢ ᠴᠢᠶᠠᠩ ᠵᠣᠣ ᠯᠸ ᠵᠢᠶ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ ᠬᠤᠷᠠᠯ᠎ᠳᠤ ᠰᠠᠭᠠᠲᠠᠵᠤ ᠪᠠᠶᠠᠷ ᠬᠦᠷᠭᠡᠪᠡ
ᠸᠠᠩ ᠬᠣ᠌ ᠨᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠡ ᠱ᠌ᠢ᠎ᠲᠡᠶ ᠹᠸᠩ ᠬᠤᠷᠠᠯ᠎ᠢ ᠡᠷᠬᠢᠯᠡᠵᠠᠢ ᠾᠧ ᠪᠦᠦ ᠱᠢᠶᠠᠩ ᠰᠠᠨᠠᠯ ᠲᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠪᠡ
ᠨᠢᠭᠡ ᠰᠡᠳᠭᠢᠯ ᠨᠢᠭᠡ ᠵᠣᠷᠢᠭ᠎ᠢᠶᠠᠷ ᠠᠸ᠋ᠭ᠎ᠠ ᠲᠥᠰᠦᠪ᠎ᠢ ᠬᠠᠮᠲᠤ᠎ᠪᠠᠷ ᠵᠢᠷᠤᠭ᠍ᠯᠠᠵᠤ᠂ ᠪᠣᠳᠠᠲᠠᠶ ᠠᠵᠢᠯᠯᠠᠨ ᠴᠢᠷᠮᠠᠢᠨ ᠲᠡᠮᠡᠴᠡᠵᠦ᠍ ᠴᠠᠭ ᠦᠶ᠎ᠡ᠎ᠶ᠋ᠢᠨ ᠠᠭᠤᠤ ᠦᠶ᠋ᠯᠡᠰ᠎ᠢ ᠬᠠᠮᠲᠤ᠎ᠪᠠᠷ ᠴᠤᠬᠴᠠᠯᠠᠨ᠎ᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠳᠥᠷᠪᠡᠳᠦᠭᠡᠷ ᠬᠤᠷᠠᠯ 4 ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ 2000 ᠭᠠᠷᠤᠢ ᠭᠡᠱᠢᠭᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠦᠨᠵᠡᠭᠡᠢ ᠵᠥᠪᠯᠡᠯᠭᠡ ᠬᠢᠵᠦ᠍ ᠲᠦᠷᠦ ᠵᠢᠨ ᠶᠠᠪᠤᠳᠠᠯ᠎ᠢ ᠵᠥᠪᠯᠡᠨ᠂ ᠢᠳᠡᠪᠬᠢᠲᠡᠢ᠎ᠪᠡᠷ ᠰᠠᠨᠠᠯ s ᠳᠤᠷᠠᠳᠤᠨ ᠠᠷᠭ᠎ᠠ ᠤᠬᠠᠭᠠᠨ ᠭᠠᠷᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠭᠦᠯᠵᠤ᠂ ᠠᠩᠬᠠᠨ᠎ᠤ ᠠᠯᠬᠤᠮ᠎ᠢ ᠰᠠᠢᠳᠤᠷ ᠠᠯᠬᠤᠬᠤ᠎ᠳᠤ ᠥᠷᠭᠡᠨ᠎ᠢᠶᠡᠷ ᠰᠡᠳᠭᠢᠯ᠎ᠢᠶᠡᠨ ᠨᠢᠭᠡᠳᠭᠡᠨ ᠬᠦᠴᠦ ᠪᠠᠨ ᠬᠠᠮᠲᠤᠳᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ᠃

3 ᠰᠠᠷ᠎ᠠ᠎ᠶ᠋ᠢᠨ 4᠎ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠳᠥᠷᠪᠡᠳᠦᠭᠡᠷ ᠬᠤᠷᠠᠯ ᠪᠡᠭᠡᠵᠢᠭ ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠬ ᠪᠤᠯ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ ᠂ ᠼᠠᠢ ᠴᠢ ᠂ ᠳ᠋ᠢᠩ ᠱᠢᠤᠸᠠᠢ ᠱᠢᠶᠠᠩ ᠂ ᠯᠢ ᠰᠢ ᠂ ᠬᠠᠨ ᠵᠧᠩ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠦ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ
3 ᠰᠠᠷ᠎ᠠ᠎ᠶ᠋ᠢᠨ ᠪᠡᠭᠡᠵᠢᠩ ᠤᠷᠢᠬᠠᠨ ᠬᠠᠪᠤᠷ᠎ᠤᠨ ᠢᠷᠠᠭᠤ ᠬᠠᠭᠤᠳᠠᠰᠤ ᠪᠡᠨ ᠰᠡᠬᠥᠯᠠ᠃ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠳᠤ ᠦᠩᠬᠡᠳᠤ ᠳ᠋ᠧᠩ ᠳᠤᠸᠠᠯᠠᠵᠤ᠂ ᠠᠭᠤᠷ ᠠᠮᠢᠰᠭᠤᠯ ᠦᠪᠡᠳᠡᠭ᠌ᠰᠢ ᠶᠡᠬᠡ ᠪᠥᠭᠡᠳ ᠬᠥᠷ ᠬᠥᠭ᠌ᠵᠢᠶᠡᠨᠲᠡᠶ ᠪᠠᠢᠯ᠎ᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠤᠷᠠᠯ᠎ᠤᠨ ᠰᠦᠯᠳᠡ᠎ᠶ᠋ᠢ ᠲᠡᠷᠢᠭᠦᠯᠡᠭ᠌ᠴᠢᠳ᠎ᠦᠨ ᠲᠠᠢᠰᠠᠨ᠎ᠤ ᠭᠣᠣᠯ ᠳᠤᠮᠳᠠ ᠨᠢ ᠡᠯᠭᠦᠵᠦ᠍᠂ ᠬᠤᠷᠴᠠ ᠤᠯᠠᠭᠠᠨ ᠦᠩᠭᠡ᠎ᠲᠡᠶ ᠠᠷᠪᠠᠨ ᠤᠯᠠᠭᠠᠨ ᠲᠤᠭ᠎ᠢ ᠬᠣᠶᠠᠷ ᠭᠠᠷᠯᠠᠭᠤᠯᠤᠨ ᠵᠢᠭ᠍ᠰᠠᠭᠠᠪᠠ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠬᠤ ᠶᠣᠰᠣᠲᠠᠢ ᠭᠡᠱᠢᠭᠦᠨ 2125 ᠬᠥᠮᠦᠨ᠂ ᠪᠣᠳᠠᠲᠠᠢ ᠣᠷᠣᠯᠴᠠᠭ᠍ᠰᠠᠨ ᠨᠢ 2078 ᠬᠥᠮᠦᠨ ᠪᠠᠢᠵᠤ᠂ ᠲᠣᠭ᠍ᠲᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠣ᠌ ᠨᠢᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠬᠣ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠤᠢ᠂ ᠱᠤᠤ ᠬᠣᠩ᠂ ᠭᠤᠤ ᠶᠦᠨ ᠯᠦᠩ᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃
ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠤ᠂ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠪᠡ᠃
ᠦᠳᠡ᠎ᠶ᠋ᠢᠨ ᠬᠣᠢᠨᠠᠬᠢ 3 ᠴᠠᠭ᠎ᠲᠤ᠂ ᠱ᠌ᠢ᠎ᠲᠡᠶ ᠹᠸᠩ ᠶᠡᠬᠡ ᠬᠤᠷᠠᠯ ᠡᠬᠢᠯᠡᠭ᠌ᠰᠡᠨ᠎ᠢ ᠵᠠᠷᠯᠠᠵᠤ᠂ ᠣᠯᠠᠨ᠎ᠢᠶᠠᠷ᠎ᠢᠶᠠᠨ ᠪᠣᠰᠴᠤ᠌ ᠵᠣᠭ᠍ᠰᠣᠨ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠳᠠᠭᠤᠯᠠᠪᠠ᠃
ᠶᠡᠬᠡ ᠬᠤᠷᠠᠯ᠎ᠡᠴᠡ ᠡᠩ ᠲᠡᠷᠢᠭᠦᠨ᠎ᠳᠦ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠵᠥᠪᠯᠡᠬᠦ᠌ ᠵᠦᠶ᠋ᠯ᠎ᠢ ᠬᠢᠨᠠᠨ ᠵᠥᠪᠯᠡᠵᠦ᠍ ᠪᠠᠲᠤᠯᠠᠪᠠ᠃
ᠸᠠᠩ ᠬᠣ᠌ ᠨᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ᠎ᠶ᠋ᠢ ᠲᠥᠯᠥᠭᠡᠯᠡᠵᠦ᠍᠂ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠡ᠃

3 ᠰᠠᠷ᠎ᠠ᠎ᠶ᠋ᠢᠨ 4 ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠳᠥᠷᠪᠡᠳᠦᠭᠡᠷ ᠬᠤᠷᠠᠯ ᠪᠡᠭᠡᠵᠢᠭ ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠬ ᠪᠤᠯ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠬᠡᠨ᠎ᠤ ᠲᠡᠷᠢᠬᠦᠯᠡᠭᠴᠢ ᠸᠠᠩ ᠬᠣ᠌ ᠨᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ᠎ᠶ᠋ᠢ ᠲᠥᠯᠥᠭᠡᠯᠡᠵᠦ᠍᠂ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠵᠦ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠶᠤᠤ ᠳ᠋ᠠ ᠸᠸᠢ ᠰᠡᠬᠦᠳᠡᠷᠯᠡᠪᠡ
ᠸᠠᠩ ᠬᠣ᠌ ᠨᠢᠩ᠂ 2025 ᠣᠨ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠶᠠᠪᠤᠴᠠ᠎ᠳᠠᠬᠢ ᠴᠢᠬᠤᠯᠠ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠃ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠮᠡᠬᠡᠢᠯᠡᠨ ᠲᠡᠮᠡᠴᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ᠎ᠶ᠋ᠢ ᠤᠷᠤᠭ᠍ᠰᠢᠲᠠᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠶᠡᠷᠦᠩᠬᠡᠢᠯᠡᠭᠰᠡᠨ ᠤᠯᠤᠰ᠎ᠤᠨ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠢᠯᠠᠯᠲᠠ᠎ᠲᠠᠶ᠎ᠪᠠᠷ ᠬᠤᠷᠠᠯᠳᠤᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠠᠤᠭ᠎ᠠ ᠵᠢᠷᠤᠭ ᠲᠥᠰᠦᠪ᠎ᠢ ᠵᠢᠷᠤᠭ᠍ᠯᠠᠬᠰᠠᠨ ᠪᠠᠢᠨ᠎ᠠ ᠭᠡᠵᠦ ᠢᠯᠡᠳᠭᠡᠪᠡ᠃
ᠸᠠᠩ ᠬᠤ᠌ ᠨᠢᠩ ᠥᠩᠭᠡᠷᠡᠭ᠌ᠰᠡᠨ ᠨᠢᠭᠡ ᠵᠢᠯ᠎ᠦᠨ ᠲᠤᠷᠱᠢᠬᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠳ᠋ᠦᠩᠨᠡᠪᠡ᠃ ᠲᠡᠷᠡ᠂ ᠤᠯᠤᠰ ᠲᠥᠷᠥ᠎ᠶ᠋ᠢᠨ ᠵᠥᠪᠯᠡᠯᠭᠡᠨ᠎ᠦ ᠪᠥᠬᠥ᠌ ᠤᠯᠤᠰ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠣᠶᠠᠷ᠎ᠢ ᠲᠤᠭᠳᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》ᠢ᠋ᠶ᠋ᠡᠨ ᠴᠢᠩᠭᠠᠳᠭᠠᠵᠤ᠂ 《ᠳᠥᠷᠪᠡᠨ ᠢᠲᠡᠭᠡᠯ》 ᠢ᠋ᠶ᠋ᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ ᠵᠢ ᠪᠠᠷᠢᠮᠳᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠭᠤᠤᠯ ᠠᠵᠢᠯ᠎ᠤᠨ ᠲᠣᠭᠣᠷᠢᠨ᠎ᠳᠤ᠂ ᠶᠡᠬᠡ ᠲᠠᠯ᠎ᠠ᠎ᠳᠤ ᠦᠢᠯᠡᠴᠢᠯᠡᠬᠦ ᠵᠢ ᠪᠠᠷᠢᠮᠳᠠᠯᠠᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠤᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ 《ᠬᠣᠶᠠᠷ᠎ᠢ ᠬᠠᠮᠠᠭᠠᠯᠠᠬᠤ》 ᠵᠢ ᠤᠬᠠᠮᠰᠠᠷ ᠡᠴᠡ᠎ᠪᠠᠨ ᠦᠢᠯᠡᠳᠦᠯᠭᠡᠵᠢᠭᠦᠯᠪᠡ; ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠲᠣᠭ᠍ᠲᠠᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠬᠦᠯᠪᠡ; ᠲᠤᠰᠭᠠᠢ ᠵᠥᠪᠯᠡᠯ᠎ᠦᠨ ᠰᠠᠭᠤᠷᠢᠯᠠᠬᠤ ᠴᠢᠨᠠᠷᠲᠠᠢ ᠦᠢᠯᠡᠳᠦᠯ ᠪᠠ ᠡᠲᠡᠭᠡᠳ ᠢᠯᠭᠠᠯ᠎ᠤᠨ ᠥᠪᠡᠷᠮᠢᠴᠡ ᠣᠨᠴᠠᠯᠢᠭ ᠪᠦᠬᠦᠢ ᠦᠢᠯᠡᠳᠦᠯ᠎ᠢ ᠪᠠᠳᠠᠷᠠᠭᠤᠯᠬᠤ᠎ᠶ᠋ᠢ ᠴᠢᠬᠤᠯᠠᠴᠢᠯᠠᠵᠤ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ ᠴᠢᠳᠠᠪᠬᠢ᠎ᠶ᠋ᠢ ᠳᠡᠭᠡᠭ᠌ᠰᠢᠯᠡᠭᠦᠯᠪᠡ; ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠍᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ᠍ ᠦᠶ᠋ᠯᠡᠰ ᠪᠤᠰᠭᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠡᠯ᠎ᠡ ᠵᠦᠶ᠋ᠯ᠎ᠦᠨ ᠠᠵᠢᠯ ᠱᠢᠨ᠎ᠡ ᠦᠷ᠎ᠡ ᠪᠦᠲᠦᠮᠵᠢ ᠤᠯᠵᠠᠢ ᠭᠡᠪᠡ᠃
ᠸᠠᠩ ᠬᠤ᠌ ᠨᠢᠩ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡᠨ ᠤ᠋ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠨ᠂ ᠪᠦᠯᠬᠦᠮᠳᠡᠯ ᠪᠠ ᠠᠷᠠᠳᠴᠢᠯᠠᠯᠬᠡᠬᠦ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠨᠠᠮ ᠪᠠ ᠤᠯᠤᠰ᠎ᠤᠨ ᠭᠤᠤᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠵᠣᠬᠢᠶᠠᠨ ᠪᠠᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢᠨ ᠰᠠᠢᠬᠠᠨ ᠡᠬᠢᠯᠡᠯᠳᠠ ᠵᠢ ᠪᠡᠶᠡᠯᠡᠬᠦᠯᠬᠦ᠎ᠳᠦ ᠥᠷᠭᠡᠨ᠎ᠢᠶᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭᠳᠡᠢ ᠭᠡᠵᠦ ᠢᠯᠡᠳᠬᠡᠪᠡ᠃
ᠸᠠᠩ ᠬ᠍ᠤ ᠨᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠦᠪ ᠴᠢᠭᠯᠡᠯ᠎ᠢ ᠪᠠᠲᠤ ᠡᠵᠡᠮᠳᠡᠬᠦ᠌ ᠬᠡᠷᠡᠭ᠌ᠲᠡᠢ; ᠨᠠᠮ᠎ᠤᠨ ᠱᠢᠨ᠎ᠡ ᠡᠭᠦᠳᠦᠯᠳᠠ ᠵᠢᠨ ᠤᠨᠤᠯ᠎ᠢᠶᠠᠷ ᠵᠡᠪᠰᠡᠭᠯᠡᠬᠦ᠌ᠶ᠋ᠢ ᠡᠳᠦᠷ ᠳᠤᠲᠤᠮ᠎ᠤᠨ ᠠᠵᠢᠯ ᠳ᠋ᠠᠭᠠᠨ ᠠᠭᠤᠰᠬᠠᠵᠤ ᠪᠠᠢᠩᠭᠤ ᠠᠳᠭᠤᠬᠤ᠎ᠶ᠋ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠬᠤ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠬᠡᠷᠡᠭᠲᠡᠢ; 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠵᠢᠨ ᠲᠤᠭᠤᠷᠢᠨ ᠳ᠋ᠤ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠴᠤ᠌᠂ ᠲᠤᠱᠢᠶᠠᠯ ᠬᠠᠷᠢᠭᠤᠴᠠᠯᠭ᠎ᠠ᠎ᠪᠠᠨ ᠴᠢᠨᠠᠷ ᠰᠠᠢᠲᠠᠢ ᠭᠦᠢᠴᠡᠳᠭᠡᠭ᠌ᠰᠡᠨ ᠦᠷ᠎ᠡ ᠪᠦᠲᠦᠭᠡᠯ᠎ᠢᠶᠡᠷ ᠨᠠᠮ ᠪᠠ ᠤᠯᠤᠰ᠎ᠤᠨ ᠭᠣᠣᠯ ᠡᠭᠦᠷᠭᠡ᠎ᠳᠦ ᠦᠢᠯᠡᠴᠢᠯᠡᠬᠦ ᠬᠡᠷᠡᠭᠲᠡᠢ; ᠭᠡᠱᠢᠭᠦᠳ᠎ᠦᠨ ᠭᠤᠤᠯ ᠴᠣᠭ᠍ᠴᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠵᠦ᠍᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠤ᠂ ᠡᠷᠡᠯᠬᠡᠭᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠤ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠵᠠᠮ ᠳᠡᠭᠡᠷ᠎ᠡ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠲᠥᠭᠡᠨ ᠪᠠᠢᠭᠤᠯᠬᠤ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠢᠯᠡᠳᠭᠡᠪᠡ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠾᠧ ᠪᠦᠦ ᠱᠢᠶᠠᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠣᠷᠢᠶ᠎ᠠ᠎ᠶ᠋ᠢ ᠲᠥᠯᠥᠭᠡᠯᠡᠵᠦ᠍᠂ ᠶᠡᠬᠡ ᠬᠤᠷᠠᠯ᠎ᠳᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠭᠤᠷᠪᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠪᠡ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠭᠤᠷᠪᠠᠳᠤᠭᠠᠷ ᠬᠤᠷᠠᠯ᠎ᠡᠴᠡ ᠨᠠᠭᠠᠰᠢ᠂ ᠨᠡᠢᠲᠡ 5992 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠢᠴᠠᠭᠠᠬᠤ ᠪᠡᠷ ᠳᠠᠮᠵᠢᠨ 5061 ᠬᠤᠪᠢ ᠵᠢ ᠨᠢ ᠬᠡᠷᠡᠭ ᠪᠤᠯᠭᠠᠨ ᠳᠠᠨᠭᠰᠠᠯᠠᠵᠤ᠂ 99.9% ᠵᠢᠨ ᠰᠠᠨᠠᠯ ᠳᠤᠷᠠᠳᠤᠯᠭ᠎ᠠ᠎ᠶ᠋ᠢ ᠨᠢᠭᠡᠨᠲᠡ ᠱᠢᠶ᠋ᠳᠪᠦᠷᠢᠯᠡᠵᠦ᠍ ᠬᠠᠷᠢᠭᠤᠯᠲᠠ ᠥᠭ᠌ᠪᠡ᠃ ᠰᠠᠨᠠᠯ ᠳᠤᠷᠠᠳᠤᠯᠭ᠎ᠠ ᠨᠢ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠠᠤᠭ᠎ᠠ ᠵᠢᠷᠤᠭ ᠲᠥᠯᠥᠪᠯᠡᠭᠡ᠎ᠶ᠋ᠢᠨ ᠲᠣᠭᠣᠷᠢᠨ᠎ᠳᠤ᠂ 《ᠲᠠᠪᠤ᠎ᠶ᠋ᠢ ᠨᠢᠭᠡ ᠴᠤᠬ᠍ᠴᠠᠵᠢᠭᠤᠯᠤᠬᠰᠠᠨ》 ᠶᠡᠷᠦᠩᠬᠡᠢ ᠪᠠᠢᠷᠢᠱᠢᠭᠤᠯᠤᠯᠲᠠ ᠪᠣᠯᠤᠨ 《ᠲᠦᠷᠪᠡᠨ ᠪᠦᠬᠦ᠌ ᠲᠠᠯ᠎ᠠ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ ᠲᠠᠢ ᠨᠢᠬᠳᠠ ᠤᠶᠠᠯᠳᠤᠭᠤᠯᠤᠨ᠂ ᠰᠣᠳᠣ ᠮᠡᠷᠭᠡᠨ ᠰᠠᠨᠠᠯ ᠰᠠᠨᠠᠭᠤᠯᠭ᠎ᠠ᠂ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠪᠤᠳᠤᠯᠭ᠎ᠠ ᠳᠡᠪᠱᠢᠭᠦᠯᠪᠠ᠂ ᠰᠠᠨᠠᠯ ᠳᠤᠷᠠᠳᠤᠯᠭ᠎ᠠ᠎ᠳᠤ ᠳᠤᠷᠠᠳᠤᠭ᠍ᠰᠠᠨ ᠰᠠᠨᠠᠭᠤᠯᠭ᠎ᠠ ᠨᠢ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠤᠳᠤᠯᠤᠨ ᠲᠣᠭ᠍ᠲᠠᠭᠠᠬᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠢᠳᠡᠪᠬᠢᠲᠡᠢ ᠦᠢᠯᠡᠳᠦᠯ ᠦᠵᠡᠭᠦᠯᠪᠡ᠃
ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭ᠍ᠰᠠᠨ ᠤᠳᠤᠷᠢᠳᠭᠤ ᠨᠥᠬᠥᠳ᠎ᠲᠦ ᠪᠠᠰᠠ᠄ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶ᠍ᠸ᠂ ᠯᠢ ᠱᠤ᠌ ᠯᠸᠢ᠂ ᠯᠢ ᠬᠣᠩ ᠵᠦᠩ᠂ ᠾᠧ ᠯᠢ ᠹᠸᠩ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠶ᠋ᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍ᠶ᠋ᠢᠨ ᠭᠦᠸᠧ᠂ ᠸᠠᠩ ᠱᠢᠶᠤᠤ ᠬᠣᠩ᠂ ᠵᠠᠩ ᠱᠧᠩ ᠮᠢᠨ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠢᠺᠸᠯᠠᠢᠲ᠋ᠢ·ᠵᠠᠺᠸᠯ᠂ ᠡᠦ ᠵᠸᠩ ᠯᠦᠩ᠂ ᠱᠸᠨ ᠢ ᠴᠢᠨ᠂ ᠵᠠᠩ ᠵᠢᠶᠦ᠋ᠨ᠂ ᠶᠢᠩ ᠶᠥᠩ ᠨᠠᠷ ᠪᠤᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠰᠤᠯᠠ ᠣᠷᠣᠯᠴᠠᠪᠠ᠃ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ᠂ ᠭᠠᠳᠠᠭᠠᠳᠤ᠎ᠳᠤ ᠰᠠᠭᠤᠭ᠎ᠠ ᠳᠤᠮᠳᠠᠳᠤ᠎ᠶ᠋ᠢᠨ ᠬᠠᠷᠢᠶᠠᠲᠤᠨᠠᠷ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)