ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ ᠵᠢ ᠰᠣᠩᠭᠣᠨ ᠭᠠᠷᠭᠠᠵᠤ ᠶᠡᠬᠡ ᠬᠤᠷᠠᠯ᠎ᠤᠨ ᠵᠥᠪᠯᠡᠬᠦ᠌ ᠵᠦᠢᠯ᠎ᠢ ᠪᠠᠲᠤᠯᠠᠪᠠ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ 4 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠪᠡᠯᠡᠳᠭᠡᠯ ᠬᠤᠷᠠᠯ ᠬᠢᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠪᠡ᠃ ᠬᠤᠷᠠᠯ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠨ ᠭᠠᠷᠭᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠥᠪᠯᠡᠬᠦ᠌ ᠵᠦᠢᠯ᠎ᠢ ᠪᠠᠲᠤᠯᠠᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠣᠲᠣ 2878 ᠬᠥᠮᠦᠨ ᠪᠣᠶ᠃ 3 ᠰᠠᠷ᠎ᠠ᠎ᠶ᠋ᠢᠨ 3 ᠤ᠋ ᠡᠳᠦᠷ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠲᠤ ᠨᠡᠷ᠎ᠠ ᠮᠡᠳᠡᠭᠦᠯᠦᠭᠰᠡᠨ ᠲᠦᠯᠦᠭᠡᠯᠡᠭᠴᠢ 2773 ᠬᠥᠮᠦᠨ ᠪᠤᠢ᠃ 4 ᠤ᠋ ᠡᠳᠦᠷ᠎ᠦᠨ ᠪᠡᠯᠡᠳᠭᠡᠯ ᠬᠤᠷᠠᠯ᠎ᠳᠤ 2761 ᠬᠥᠮᠦᠨ ᠣᠷᠣᠯᠴᠠᠵᠤ ᠂ 117 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
ᠵᠤᠤ ᠯᠸ ᠵᠶ᠋ᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠷᠪᠠ ᠶᠢᠰᠦᠳᠦᠭᠡᠷ ᠬᠤᠷᠠᠯ᠎ᠡᠴᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠢ 2026 ᠣᠨ᠎ᠤ 3 ᠰᠠᠷ᠎ᠠ᠎ᠶ᠋ᠢᠨ 5 ᠤ᠋ ᠡᠳᠦᠷ ᠬᠤᠷᠠᠯᠳᠤᠭᠤᠯᠬᠤ᠎ᠪᠠᠷ ᠲᠣᠭ᠍ᠲᠠᠪᠠ᠃ ᠶᠡᠬᠡ ᠬᠤᠷᠠᠯ᠎ᠤᠨ ᠡᠯ᠎ᠡ ᠵᠦᠢᠯ᠎ᠦᠨ ᠪᠡᠯᠡᠳᠭᠡᠯ ᠠᠵᠢᠯ ᠨᠢᠭᠡᠨᠲᠡ ᠪᠡᠯᠡᠬᠡᠨ ᠪᠣᠯᠵᠠᠢ ᠬᠡᠪᠡ᠃
ᠵᠣᠣ ᠯᠸ ᠵᠢᠶ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠢᠯᠣᠭᠣᠳᠭᠤ ᠦᠵᠡᠯ ᠰᠠᠨᠠᠭ᠎ᠠ ᠪᠣᠯ᠄ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠢ᠋ ᠰᠠᠢᠳᠤᠷ ᠪᠠᠷᠢᠮᠳᠠᠯᠠᠵᠤ᠂ ᠰᠠᠢᠳᠤᠷ ᠲᠡᠭᠦᠯᠳᠡᠷᠵᠢᠭᠦᠯᠵᠤ᠂ ᠰᠠᠢᠲᠤᠷ ᠬᠡᠷᠡᠭ᠌ᠵᠢᠭᠦᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠤᠨ ᠶᠡᠬᠡ ᠲᠠᠯ᠎ᠠ᠎ᠶ᠋ᠢᠨ ᠲᠣᠭᠣᠷᠢᠨ᠎ᠳᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠤ᠂ ᠶᠡᠬᠡ ᠬᠤᠷᠠᠯ᠎ᠤᠨ ᠡᠯ᠎ᠡ ᠵᠦᠶ᠋ᠯ᠎ᠦᠨ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠤ᠂ ᠰᠡᠳᠭᠢᠯ᠎ᠢᠶᠡᠨ ᠨᠢᠭᠡᠳᠭᠡᠵᠦ᠍ ᠬᠦᠴᠦ᠍᠎ᠪᠡᠨ ᠬᠠᠮᠲᠤᠳᠭᠠᠬᠰᠠᠨ᠂ ᠦᠨᠡᠨ ᠬᠦ᠌ ᠠᠳᠭᠤᠵᠤ ᠪᠣᠳᠠᠲᠠᠶ ᠬᠢᠭᠰᠡᠨ᠂ ᠪᠦᠯᠬᠦᠮᠳᠡᠨ ᠳᠠᠪᠱᠢᠭ᠍ᠰᠠᠨ ᠨᠢᠭᠡ ᠤᠳᠠᠭᠠᠨ ᠤ᠋ ᠶᠡᠬᠡ ᠬᠤᠷᠠᠯ ᠪᠤᠯᠭᠠᠨ ᠬᠤᠷᠠᠯᠳᠤᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠢᠴᠢᠯᠠᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠤ᠂ ᠢᠲᠡᠭᠡᠯ ᠵᠣᠷᠢᠭ᠎ᠢᠶᠠᠨ ᠪᠠᠲᠤᠳᠬᠠᠵᠤ᠂ ᠡᠷᠡᠯᠭᠡᠭᠯᠡᠨ ᠤᠷᠤᠬᠰᠢᠯᠠᠵᠦ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠢ᠋ ᠪᠦᠬᠦ᠌ ᠲᠠᠯ᠎ᠠ᠎ᠪᠠᠷ ᠠᠬᠢᠭᠤᠯᠬᠤ ᠱᠢᠨ᠎ᠡ ᠪᠠᠢᠳᠠᠯ ᠢ᠋ ᠲᠠᠰᠤᠷᠠᠯᠳᠠ ᠦᠭᠡᠢ ᠨᠡᠬᠡᠬᠡᠨ ᠡᠭᠦᠳᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃
ᠪᠡᠯᠡᠳᠭᠡᠯ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠨ ᠭᠠᠷᠭᠠᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 167 ᠬᠥᠮᠦᠨ᠎ᠢᠶᠡᠷ ᠪᠦᠷᠢᠯᠳᠦᠵᠦ᠍᠂ ᠯᠢ ᠬᠣᠩ ᠵᠥᠩ ᠶᠡᠬᠡ ᠬᠤᠷᠠᠯ᠎ᠤᠨ ᠨᠠᠷᠢᠨ ᠪᠢᠴᠢᠭ᠎ᠦᠨ ᠳᠠᠷᠤᠭ᠎ᠠ᠎ᠪᠠᠷ ᠰᠣᠩᠭᠣᠭ᠍ᠳᠠᠪᠠ᠃
ᠪᠠᠳᠤᠯᠠᠯᠳᠠ ᠬᠢᠵᠤ ᠪᠠᠳᠤᠯᠠᠬᠰᠡᠨ ᠬᠤᠷᠠᠯ ᠤ᠋ᠨ ᠵᠦᠪᠯᠡᠬᠦ ᠵᠦᠢᠯ ᠢ᠋ ᠦᠨᠳᠤᠰᠤᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠵᠤ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠳᠤᠯᠪᠤᠷᠢ ᠵᠢᠨ ᠲᠥᠰᠦᠯ᠎ᠢ ᠬᠢᠨᠠᠨ ᠪᠠᠢᠴᠠᠭᠠᠵᠤ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠮᠡᠳᠡᠭᠦᠯᠦᠯᠲᠡ᠂ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ ᠢ᠋ ᠬᠢᠨᠡᠨ ᠪᠠᠢᠴᠠᠭᠠᠵᠤ᠂ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠮᠡᠳᠡᠭᠦᠯᠦᠯᠲᠡ᠂ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ ᠢ᠋ ᠬᠢᠨᠡᠨ ᠪᠠᠢᠴᠠᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ (ᠲᠥᠰᠦᠯ)》 ᠢ᠋ ᠲᠡᠪᠰᠢᠬᠦᠯᠤᠨ ᠬᠢᠨᠠᠨ ᠵᠥᠪᠯᠡᠭᠦᠯᠬᠦ᠌ ᠲᠤᠬᠠᠢ ᠰᠠᠨᠠᠯ ᠵᠥᠪᠯᠡᠯᠭᠡ᠎ᠶ᠋ᠢ ᠬᠢᠨᠠᠨ ᠵᠥᠪᠯᠡᠵᠤ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ (ᠲᠥᠰᠦᠯ)》 ᠶ᠋ᠢ ᠳᠡᠪᠱᠢᠭᠦᠯᠤᠨ ᠬᠢᠨᠡᠨ ᠵᠦᠪᠯᠡᠬᠦᠯᠬᠦ ᠲᠤᠬᠠᠶ ᠰᠠᠨᠠᠯ ᠵᠥᠪᠯᠡᠯᠭᠡ᠎ᠶ᠋ᠢ ᠬᠢᠨᠠᠨ ᠵᠦᠪᠯᠡᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ (ᠲᠥᠰᠦᠯ)》 ᠵᠢ ᠲᠡᠪᠰᠢᠬᠦᠯᠤᠨ ᠬᠢᠨᠠᠨ ᠵᠦᠪᠯᠡᠬᠦᠯᠬᠦ ᠲᠤᠬᠠᠢ ᠰᠠᠨᠠᠯ ᠵᠥᠪᠯᠡᠯᠭᠡ᠎ᠶ᠋ᠢ ᠬᠢᠨᠠᠨ ᠵᠦᠪᠯᠡᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢ ᠬᠢᠨᠠᠨ ᠵᠦᠪᠯᠡᠵᠤ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢ ᠬᠢᠨᠠᠨ ᠵᠦᠪᠯᠡᠵᠤ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢ ᠬᠢᠨᠠᠨ ᠵᠦᠪᠯᠡᠵᠤ᠂ ᠬᠠᠤᠯᠢ ᠴᠠᠭᠠᠵᠠ᠎ᠶ᠋ᠢ ᠡᠮᠬᠢᠯᠡᠨ ᠴᠡᠭ᠌ᠴᠡᠯᠡᠭ᠌ᠰᠡᠨ ᠠᠵᠢᠯ᠎ᠤᠨ ᠪᠠᠢᠳᠠᠯ ᠪᠠ ᠬᠣᠯᠪᠣᠭ᠍ᠳᠠᠯ ᠪᠦᠬᠦᠢ ᠬᠠᠤᠯᠢ ᠴᠠᠭᠠᠵᠠ ᠪᠠ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠮᠡᠳᠡᠭᠦᠯᠦᠯᠲᠡ᠎ᠶ᠋ᠢ ᠬᠢᠨᠠᠨ ᠵᠦᠪᠯᠡᠨ᠎ᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ᠂ ᠨᠠᠷᠢᠨ ᠪᠢᠴᠢᠭ᠎ᠦᠨ ᠳᠠᠷᠤᠭ᠎ᠠ ᠯᠢᠦ ᠴᠢ ᠬᠤᠷᠠᠯ᠎ᠳᠤ ᠣᠷᠣᠯᠴᠠᠵᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)