ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠨᠡ ᠡᠳᠦᠷ᠎ᠦᠨ ᠦᠳᠡ᠎ᠶ᠋ᠢᠨ ᠡᠮᠦᠨᠡᠬᠢ 9 ᠴᠠᠭ᠎ᠲᠤ ᠡᠬᠢᠯᠡᠨ᠎ᠡ
2026-03-05 09:52:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ 5 ᠎ᠤ᠋ ᠦᠳᠡ᠎ᠶ᠋ᠢᠨ ᠡᠮᠦᠨᠡᠬᠢ 9 ᠴᠠᠭ᠎ᠲᠤ ᠠᠷᠠᠳ᠎ᠤᠨ ᠶᠡᠬᠡ ᠬᠤᠷᠠᠯ᠎ᠤᠨ ᠲᠠᠨᠭᠬᠢᠮ᠎ᠳᠤ ᠡᠬᠢᠯᠡᠵᠦ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠵᠢᠨ ᠶᠡᠷᠦᠩᠬᠡᠶ ᠰᠠᠢᠳ ᠯᠢ ᠴᠢᠶᠠᠩ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠴᠤ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠲᠦᠯᠪᠤᠷᠢ᠎ᠶ᠋ᠢᠨ ᠲᠥᠰᠦᠯ᠎ᠢ ᠬᠢᠨᠠᠨ ᠪᠠᠢᠴᠠᠭᠠᠵᠤ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠵᠢᠨ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠮᠡᠳᠡᠭᠦᠯᠦᠯᠲᠡ ᠵᠢᠴᠢ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠵᠤ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠬᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠮᠡᠳᠡᠭᠦᠯᠦᠯᠲᠡ ᠵᠢᠴᠢ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠎ᠦᠨ ᠬᠢᠭᠦ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠦᠨ ᠲᠤᠬᠠᠢ ᠲᠣᠳᠣᠷᠬᠠᠢᠯᠠᠯᠲᠠ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ᠂ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ ᠵᠢ ᠰᠤᠨᠤᠰᠤᠨ᠎ᠠ᠃ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠥᠬᠥᠳᠡ ᠬᠤᠷᠠᠯ ᠬᠢᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠨ᠎ᠡ᠃

5᠎ᠤ᠋ ᠦᠳᠡ᠎ᠶ᠋ᠢᠨ ᠡᠮᠦᠨ᠎ᠡ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠭᠰᠠᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠡᠬᠢᠯᠡᠯᠲᠡ᠎ᠶ᠋ᠢᠨ ᠬᠤᠷᠠᠯ᠎ᠳᠤ ᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠦᠨ ᠲᠤᠬᠠᠢ ᠲᠣᠳᠣᠷᠬᠠᠢᠯᠠᠯᠲᠠ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ᠎ᠶ᠋ᠢ ᠰᠣᠨᠣᠰᠤᠨ᠎ᠠ᠃ 5 ᠎ᠤ᠋ ᠦᠳᠡ᠎ᠶ᠋ᠢᠨ ᠬᠣᠢᠨ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠳᠤᠭᠤᠢᠯᠠᠩ᠎ᠤᠨ ᠬᠤᠷᠠᠯ ᠬᠢᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠨ᠎ᠡ᠃

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠡᠬᠢᠯᠡᠯᠲᠡ᠎ᠶ᠋ᠢᠨ ᠬᠤᠷᠠᠯ ᠳᠡᠭᠡᠷ᠎ᠡ ᠯᠢ ᠴᠢᠶᠠᠩ᠎ᠤᠨ ᠬᠢᠬᠦ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠲᠧᠯᠸᠢᠰ᠎ᠢᠶᠡᠷ ᠱᠢᠭᠤᠳ ᠨᠡᠪᠲᠡᠷᠡᠭᠦᠯᠦᠨ᠎ᠡ; ᠱᠢᠨᠬᠤᠸᠠ ᠰᠦᠯᠵᠢᠶ᠎ᠡ ᠡᠬᠢᠯᠡᠯᠲᠡ᠎ᠶ᠋ᠢᠨ ᠬᠤᠷᠠᠯ᠎ᠢ ᠰᠦᠯᠵᠢᠶᠡᠨ᠎ᠳᠡᠭᠡᠷ᠎ᠡ ᠭᠡᠷᠡᠯ ᠵᠢᠷᠤᠭ ᠥᠰᠥᠭ ᠪᠢᠴᠢᠭ᠎ᠦᠨ ᠬᠡᠯᠪᠡᠷᠢ ᠪᠡᠷ ᠱᠢᠭᠤᠳ ᠨᠡᠪᠲᠡᠷᠡᠭᠦᠯᠦᠨ᠎ᠡ᠃

(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 4 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号