— ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠬᠢᠯᠡᠭ᠌ᠰᠡᠨ ᠳ᠋ᠤ ᠬᠠᠯᠠᠭᠤᠨ ᠪᠠᠶᠠᠷ ᠬᠦᠷᠭᠡᠶ᠎ᠠ
ᠠᠭᠤᠯᠠ ᠤᠰᠤᠨ᠎ᠳᠤ ᠦᠩᠭᠡ ᠦᠵᠡᠮᠵᠢ ᠨᠡᠮᠡᠷᠢᠯᠡᠵᠦ᠍᠂ ᠬᠤᠪᠢᠯᠭᠠᠨ ᠣᠷᠣᠨ᠎ᠳᠤ ᠬᠠᠪᠤᠷ᠎ᠤᠨ ᠦᠵᠡᠮᠵᠢ ᠪᠦᠷᠢᠳᠦᠨ᠎ᠡ᠃ 3 ᠰᠠᠷ᠎ᠠ᠎ᠶ᠋ᠢᠨ 5 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠡᠭᠡᠵᠢᠩ᠎ᠳᠦ ᠦᠪᠡᠳᠡᠭ᠌ᠰᠢ ᠶᠡᠬᠡᠪᠡᠷ ᠡᠬᠢᠯᠡᠪᠡ᠃ 3000 ᠱᠢᠬᠠᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠠᠪᠴᠤ ᠨᠡᠢᠰᠯᠡᠯ᠎ᠳᠦ ᠴᠤᠭ᠍ᠯᠠᠷᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠶ᠋ᠢ ᠬᠠᠮᠲᠤ ᠪᠠᠷ ᠵᠥᠪᠯᠡᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ ᠪᠠᠷ ᠪᠢᠴᠢᠭ᠌ᠯᠡᠨ᠎ᠠ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!
ᠲᠤᠢᠯ ᠤ᠋ᠨ ᠵᠢᠷ ᠤ᠋ᠨ ᠪᠤᠰᠤ ᠨᠢᠭᠡ ᠵᠢᠯ ᠳ᠋ᠤ᠂ ᠲᠤᠢᠯ ᠤ᠋ᠨ ᠶᠡᠷᠦ᠍ ᠪᠤᠰᠤ᠎ᠶ᠋ᠢᠨ ᠲᠡᠮᠡᠴᠡᠯ᠎ᠦᠨ ᠤᠯᠠ ᠮᠥᠷ᠎ᠢ ᠲᠠᠮᠠᠭᠠᠯᠠᠪᠠ᠃ 2025 ᠣᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠬᠦᠴᠢᠷ᠎ᠢ ᠰᠦᠷᠦᠨ ᠤᠷᠤᠭ᠍ᠰᠢᠯᠠᠵᠤ᠂ ᠬᠦᠴᠦᠯᠡᠨ ᠲᠡᠮᠡᠴᠡᠵᠦ᠍᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠢ ᠪᠦᠲᠦᠮᠵᠢᠲᠡᠢ ᠠᠷᠭᠠᠴᠠᠭᠠᠵᠤ᠂ ᠴᠥᠭᠡᠨ ᠪᠤᠰᠤ ᠶᠡᠬᠡ ᠶᠠᠪᠤᠳᠠᠯ ᠴᠢᠬᠤᠯᠠ ᠶᠠᠪᠤᠳᠠᠯ᠎ᠢ ᠬᠢᠵᠦ᠍᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠪᠡ᠃ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠲᠠᠭᠠᠭᠠᠨ ᠤᠷᠤᠭ᠍ᠰᠢᠯᠠᠵᠤ᠂ ᠱᠢᠨ᠎ᠡ ᠱᠢᠯᠢᠳᠡᠭ ᠲᠡᠢᠰᠢ ᠬᠥᠭ᠌ᠵᠢᠵᠦ᠍᠂ 5% ᠵᠢᠨ ᠨᠡᠮᠡᠭ᠌ᠳᠡᠯ᠎ᠦᠨ ᠬᠤᠷᠳᠤᠴᠠ᠎ᠪᠠᠷ ᠳᠡᠯᠡᠬᠡᠢ᠎ᠶ᠋ᠢᠨ ᠭᠣᠣᠯ ᠪᠣᠯᠬᠤ ᠠᠵᠤ ᠠᠬᠤᠢ᠎ᠶ᠋ᠢᠨ ᠴᠣᠭ᠍ᠴᠠ᠎ᠶ᠋ᠢᠨ ᠡᠮᠦᠨ᠎ᠡ ᠡᠩᠨᠡᠭᠡᠨ᠎ᠳᠦ ᠦᠷᠭᠦᠯᠵᠢᠯᠡᠨ ᠣᠷᠣᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠪᠡ᠃ ᠵᠣᠬᠢᠶᠠᠮᠠᠯ ᠤᠶᠤᠨ ᠴᠢᠳᠠᠪᠤᠷᠢ᠂ ᠺᠸᠠᠨ᠋ᠲ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶᠡᠨ᠎ᠳ᠋ᠡᠬᠢ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠴᠣᠯᠭᠣᠷᠠᠨ ᠭᠠᠷᠴᠤ᠌᠂ ᠮᠠᠨ᠎ᠤ ᠤᠯᠤᠰ ᠱᠢᠨ᠎ᠡ᠎ᠶ᠋ᠢ ᠡᠭᠦᠳᠬᠦ᠌ ᠬᠦᠴᠦᠨ ᠬᠠᠮᠤᠭ᠎ᠤᠨ ᠲᠦᠷᠭᠡᠨ ᠳᠡᠭᠡᠭ᠌ᠰᠢᠯᠡᠭ᠌ᠰᠡᠨ ᠠᠵᠤ ᠠᠬᠤᠢ᠎ᠶ᠋ᠢᠨ ᠴᠣᠭ᠍ᠴᠠ᠎ᠶ᠋ᠢᠨ ᠨᠢᠭᠡ ᠪᠤᠯᠵᠤ᠂ ᠬᠥᠳᠡᠯᠭᠡᠬᠦ᠌ ᠬᠦᠴᠦᠨ ᠪᠣᠯᠤᠨ ᠳᠠᠪᠠᠭᠤᠯᠢᠭ᠎ᠢ ᠲᠠᠰᠤᠷᠠᠯᠳᠠ ᠦᠭᠡᠢ ᠬᠥᠭ᠌ᠵᠢᠭᠡᠪᠡ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠢᠯᠠᠯᠲᠠ᠎ᠡᠴᠡ ᠬᠦᠴᠦᠨ ᠴᠢᠳᠠᠯ ᠣᠯᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠪᠠᠷ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠮᠠᠨ᠎ᠤ ᠤᠯᠤᠰ ᠡᠳᠦᠷ ᠢᠷᠡᠬᠦᠶ᠎ᠡ ᠳᠡᠯᠡᠬᠡᠢ ᠳ᠋ᠠᠬᠢᠨ᠎ᠳᠠᠬᠢ 《ᠲᠣᠭ᠍ᠲᠠᠭᠠᠯ᠎ᠳᠦ ᠴᠢᠨᠠᠷᠲᠠᠢ ᠨᠤᠭᠤᠭᠠᠨ ᠪᠦᠷᠢᠳᠦ》 ᠪᠤᠯᠵᠥ᠍᠂ ᠲᠤᠮᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃
ᠲᠤᠢᠯ᠎ᠤᠨ ᠶᠡᠷᠤ ᠪᠤᠰᠤ ᠲᠠᠪᠤᠨ ᠵᠢᠯ ᠳ᠋ᠤ᠂ ᠬᠥᠮᠦᠰ᠎ᠢ ᠰᠣᠴᠢᠭᠠᠮ᠎ᠠ ᠳᠤᠮᠳᠠᠳᠤ ᠤᠯᠤᠰ᠎ᠤᠨ ᠭᠠᠢᠬᠠᠮᠱᠢᠭ᠎ᠢ ᠡᠭᠦᠳᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠵᠠᠯᠭᠠᠭ᠎ᠠ᠎ᠪᠠᠷ ᠱᠢᠨ᠎ᠡ ᠪᠣᠭᠣᠮᠲᠠ᠎ᠶ᠋ᠢ ᠳᠠᠪᠠᠵᠤ᠂ 110 ᠲᠦᠮᠡᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ᠎ᠡᠴᠡ 140 ᠲᠦᠮᠡᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ 《ᠳᠦᠷᠪᠡᠨ ᠦᠰᠦᠷᠦᠯᠳᠡ》 ᠶ᠋ᠢ ᠪᠡᠶᠡᠯᠡᠭᠦᠯᠵᠦ᠍᠂ ᠳᠡᠯᠡᠬᠡᠶ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠳᠦ ᠦᠵᠡᠭᠦᠯᠬᠦ᠌ ᠬᠤᠪᠢ ᠨᠡᠮᠡᠷᠢ᠎ᠶ᠋ᠢᠨ ᠨᠣᠷᠮ᠎ᠠ 30% ᠣᠷᠴᠢᠮ ᠪᠠᠢᠬᠤ ᠵᠢ ᠪᠠᠳᠤᠯᠠᠪᠠ᠃ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢᠯᠡᠭᠰᠡᠨ ᠪᠣᠳᠠᠲᠤ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠨᠤᠮᠢᠨ ᠤᠰᠤ ᠬᠦᠭᠡᠮᠳᠦᠭ ᠠᠭᠤᠯᠠ ᠦᠵᠡᠰᠭᠦᠯᠡᠩᠲᠦ ᠰᠠᠢᠬᠠᠨ ᠳᠡᠪᠢᠰᠭᠡᠷ ᠥᠩᠭᠡ ᠪᠣᠯᠵᠣ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ ᠲᠠᠰᠤᠷᠠᠯᠲᠠ ᠥᠬᠡᠶ ᠨᠡᠮᠡᠭ᠌ᠳᠡᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢᠨ ᠰᠠᠢᠬᠠᠨ ᠡᠬᠢᠯᠡᠯᠲᠡ᠎ᠲᠡᠶ ᠪᠣᠯᠪᠠ᠂ ᠡᠲᠡᠭᠡᠷ᠎ᠨᠢ ᠪᠢᠳᠡᠨ᠎ᠦ ᠡᠷᠡᠮᠡᠬᠡᠢᠯᠡᠨ ᠲᠡᠮᠡᠴᠡᠵᠤ᠂ ᠵᠤᠷᠢᠬᠳᠠᠢ ᠤᠷᠤᠭ᠍ᠰᠢᠯᠠᠬᠤ ᠡᠷᠴᠢ ᠵᠣᠷᠢᠭ᠂ ᠰᠥᠰᠥ᠍ ᠵᠣᠷᠢᠭ᠂ ᠢᠲᠡᠭᠡᠯ ᠵᠣᠷᠢᠭ᠎ᠢ ᠲᠤᠢᠯ᠎ᠤᠨ ᠶᠡᠬᠡᠪᠡᠷ ᠨᠡᠮᠡᠭᠳᠡᠬᠦᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠢᠲᠡᠭᠡᠯ ᠵᠣᠷᠢᠭ᠎ᠢ ᠪᠠᠲᠤᠳᠭᠠᠪᠠ᠃
ᠲᠤᠬ᠍ᠰᠢᠠ ᠳᠠᠪᠠᠯᠭᠠᠨ ᠱᠢᠷᠦᠭᠦᠨ ᠳᠤᠯᠭᠢᠶ᠎ᠠ᠎ᠨᠢ ᠴᠤ᠌ ᠲᠠᠢᠪᠤᠭᠤ ᠲᠤᠭᠤᠯᠤᠨ᠎ᠠ᠂ ᠬᠡᠳᠦᠢ ᠬᠦᠴᠢᠷ ᠪᠡᠷᠬᠡᠱᠢᠶᠡᠯ᠎ᠲᠡᠶ ᠪᠣᠯ ᠲᠡᠳᠦᠢ ᠵᠤᠷᠢᠭᠲᠠᠢ ᠤᠷᠤᠭ᠍ᠰᠢᠯᠠᠨ᠎ᠠ᠃ ᠨᠠᠮ ᠪᠣᠯᠤᠨ ᠤᠯᠤᠰ᠎ᠤᠨ ᠠᠵᠢᠯ ᠦᠢᠯᠡᠰ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠢᠴᠡᠳ ᠢᠯᠡᠷᠡᠭᠦᠯᠪᠡ᠃ ᠶᠡᠷᠦᠩᠬᠡᠶ ᠱᠦᠵᠢ ᠰᠢ ᠵᠢᠨ ᠫᠢᠩ᠄ 《ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠯᠬᠤᠮ ᠠᠯᠬᠤᠮ᠎ᠢᠶᠠᠷ ᠯᠠᠪᠳᠠᠭᠤᠨ ᠪᠠᠲᠤᠲᠠᠶ ᠤᠷᠤᠭ᠍ᠰᠢᠯᠠᠵᠤ᠂ ᠱᠠᠲᠤ ᠱᠠᠲᠤ᠎ᠪᠠᠷ ᠯᠠᠪᠳᠠᠭᠤᠨ ᠪᠠᠲᠤᠲᠠᠶ ᠠᠬᠢᠳᠠᠭ ᠯᠠ ᠶᠤᠮ ᠪᠣᠯ ᠨᠠᠮ ᠪᠣᠯᠤᠨ ᠤᠯᠤᠰ᠎ᠤᠨ ᠠᠵᠢᠯ ᠦᠶ᠋ᠯᠡᠰ ᠯᠠᠪᠲᠠᠶ ᠲᠠᠰᠤᠷᠠᠯᠲᠠ ᠥᠬᠡᠶ ᠪᠠᠭ᠎ᠠ ᠢᠯᠠᠯᠲᠠ᠎ᠶ᠋ᠢ ᠬᠤᠷᠠᠮᠳᠤᠭᠤᠯᠤᠨ ᠶᠡᠬᠡ ᠢᠯᠠᠯᠲᠠ ᠪᠣᠯᠭᠠᠵᠤ᠂ ᠪᠢᠳᠡᠨ᠎ᠦ ᠬᠠᠷᠠᠯᠲᠠ ᠯᠠᠪᠲᠠᠶ ᠪᠡᠶᠡᠯᠡᠭ᠌ᠳᠡᠵᠦ᠍ ᠴᠢᠳᠠᠨ᠎ᠠ》 ᠭᠡᠵᠦ ᠭᠦᠨᠵᠡᠭᠡᠢ ᠵᠢᠭᠠᠵᠤ ᠭᠠᠷᠭᠠᠪᠠ᠃
ᠪᠠᠢᠭᠤᠯᠤᠯ᠎ᠤᠨ ᠳᠠᠪᠠᠭᠤᠯᠢᠭ ᠪᠣᠯ ᠨᠢᠭᠡ ᠤᠯᠤᠰ᠎ᠤᠨ ᠬᠠᠮᠤᠭ᠎ᠤᠨ ᠶᠡᠬᠡ ᠳᠠᠪᠠᠭᠤᠯᠢᠭ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠨᠠᠮ᠎ᠤᠨ ᠤᠳᠤᠷᠢᠳᠤᠯᠭ᠎ᠠ ᠳᠤᠤᠷ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠨᠢ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠪᠠ ᠢᠯᠡᠳᠲᠡ ᠳᠠᠪᠠᠭᠤᠯᠢᠭ ᠴᠢᠨᠠᠷ᠎ᠢᠶᠠᠨ ᠲᠠᠰᠤᠷᠠᠯᠲᠠ ᠥᠬᠡᠶ ᠢᠯᠡᠷᠡᠭᠦᠯᠵᠦ᠍᠂ ᠱᠢᠨ᠎ᠡ ᠴᠠᠭ ᠦᠶ᠎ᠡ ᠱᠢᠨ᠎ᠡ ᠠᠶᠠᠨ᠎ᠳᠠᠬᠢ ᠨᠠᠮ ᠪᠠ ᠠᠷᠠᠳ ᠲᠦᠮᠡᠨ᠎ᠦ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠢᠭᠤᠯᠤᠯ᠎ᠦᠨ ᠪᠠᠲᠤᠯᠠᠭ᠎ᠠ ᠬᠠᠩᠭᠠᠪᠠ᠃ ᠥᠩᠭᠡᠷᠡᠭ᠌ᠰᠡᠨ ᠨᠢᠭᠡ ᠵᠢᠯ᠎ᠳᠦ᠂ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠲᠠᠶ ᠨᠢᠭ᠍ᠲᠠ ᠤᠶᠠᠯᠳᠤᠭᠤᠯᠤᠨ᠂ ᠰᠠᠨᠠᠭᠠᠴᠢᠯᠠᠭ᠎ᠠ᠎ᠡᠴᠡ᠎ᠪᠠᠨ ᠦᠢᠯᠡᠴᠢᠯᠡᠵᠦ᠍᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠂ ᠬᠠᠤᠯᠢ ᠴᠠᠭᠠᠵᠠ᠎ᠶ᠋ᠢᠨ ᠱᠢᠰᠲ᠋ᠧᠮ᠎ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠍᠂ ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ ᠪᠠ ᠪᠣᠳᠠᠲᠤ ᠪᠦᠳᠤᠮᠵᠢᠳᠤ ᠴᠢᠨᠠᠷ᠎ᠢ ᠴᠢᠩᠭᠠᠳᠭᠠᠨ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠲᠥᠯᠥᠭᠡᠯᠡᠭ᠌ᠴᠢ᠎ᠶ᠋ᠢᠨ ᠬᠠᠤᠯᠢ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠪᠡᠷ ᠭᠠᠷᠳᠡᠴᠡ ᠪᠣᠯᠭᠠᠨ ᠲᠥᠯᠥᠭᠡᠯᠡᠭ᠌ᠴᠢᠳ᠎ᠦᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠶᠠᠪᠤᠳᠠᠯ᠎ᠤᠨ ᠦᠢᠯᠡᠳᠦᠯ᠎ᠢ ᠪᠠᠳᠠᠷᠠᠭᠤᠯᠤᠨ᠂ 《ᠲᠦᠷᠪᠡᠨ ᠪᠠᠢᠭᠤᠯᠭ᠎ᠠ》 ᠶ᠋ᠢᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠡᠯ᠎ᠡ ᠲᠠᠯ᠎ᠠ᠎ᠶ᠋ᠢᠨ ᠠᠵᠢᠯ ᠴᠥᠮ ᠱᠢᠨ᠎ᠡ ᠠᠬᠢᠴᠠ ᠪᠠ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠬᠦᠭᠵᠢᠯᠲᠠ ᠲᠣᠭ᠍ᠲᠠᠭᠤᠨ ᠪᠠᠢᠯᠭᠠᠬᠤ᠎ᠳᠤ ᠬᠦᠴᠦᠲᠡᠢ ᠪᠠᠲᠤᠯᠠᠭ᠎ᠠ ᠬᠠᠩᠭᠠᠪᠠ᠃
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦᠨ ᠡᠬᠢᠯᠡᠯᠲᠡ᠎ᠶ᠋ᠢᠨ ᠵᠢᠯ ᠪᠣᠯᠤᠨ᠎ᠠ᠂ ᠰᠠᠢ᠌ᠨ ᠡᠬᠢᠯᠡᠯᠲᠡ ᠨᠢ ᠠᠮᠵᠢᠯᠲᠠ᠎ᠶ᠋ᠢᠨ ᠬᠠᠭᠠᠰ᠎ᠢ ᠤᠯᠤᠬᠰᠠᠨ ᠲᠠᠢ ᠠᠳᠠᠯᠢ ᠶᠤᠮ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ ᠨᠢ ᠰᠠᠭᠤᠷᠢ᠎ᠶ᠋ᠢ ᠪᠡᠬᠢᠵᠢᠭᠦᠯᠬᠦ᠌᠎ᠳᠦ ᠰᠠᠭᠤᠷᠢᠯᠠᠨ᠂ ᠪᠦᠬᠦ᠌ ᠲᠠᠯ᠎ᠠ᠎ᠪᠠᠷ ᠬᠦᠴᠦᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠳᠦ ᠪᠠᠢᠷᠢᠯᠠᠭᠤᠯᠤᠯᠲᠠ ᠬᠢᠵᠦ᠍᠂ ᠢᠷᠡᠭᠡᠳᠦᠢ᠎ᠶ᠋ᠢᠨ ᠲᠠᠪᠤᠨ ᠵᠢᠯ᠎ᠦᠨ ᠠᠤᠭ᠎ᠠ ᠲᠥᠰᠦᠪ᠎ᠢ ᠵᠢᠷᠤᠭ᠍ᠯᠠᠭ᠍ᠰᠠᠨ ᠪᠠᠢᠨ᠎ᠠ᠃ ᠣᠳᠣᠬᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ ᠪᠡᠷ ᠣᠷᠣᠱᠢᠵᠤ᠂ ᠲᠣᠭ᠍ᠲᠠᠭᠠᠯᠲᠤ ᠪᠤᠰᠤ ᠲᠥᠰᠦᠭᠡᠯᠡᠬᠦᠶ᠎ᠡ ᠪᠡᠷᠬᠡ ᠡᠯᠧᠮᠧᠨ᠋ᠲ ᠨᠡᠮᠡᠭ᠌ᠳᠡᠵᠦ᠍ ᠪᠠᠢᠨ᠎ᠠ᠃ ᠬᠠᠷᠠᠯᠲᠠ ᠬᠡᠳᠦᠢ ᠶᠡᠬᠡ᠂ ᠥᠷᠢᠰᠥᠯᠳᠦᠭᠡᠨ ᠬᠡᠳᠦᠢ ᠬᠦᠨᠳᠦ ᠬᠡᠴᠡᠭᠦᠦ ᠪᠣᠯᠬᠤ ᠲᠤᠳᠤᠮ ᠪᠠᠢᠭᠤᠯᠤᠯ᠎ᠤᠨ ᠢᠲᠡᠭᠡᠯ᠎ᠢᠶᠡᠨ ᠤᠯᠠᠮ ᠪᠠᠲᠤᠳᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠤᠰ ᠲᠦᠷᠦ᠍᠎ᠶ᠋ᠢᠨ ᠳᠠᠪᠠᠭᠤᠯᠢᠭ ᠪᠣᠯᠤᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ᠂ 《ᠳᠤᠮᠳᠠᠳᠤ ᠤᠯᠤᠰ᠎ᠤᠨ ᠪᠠᠢᠭᠤᠯᠤᠯ》 ᠵᠢᠡᠷ 《ᠳᠤᠮᠳᠠᠳᠤ ᠤᠯᠤᠰ᠎ᠤᠨ ᠵᠠᠰᠠᠯᠲᠠ》 ᠵᠢ ᠲᠤᠯᠭᠠᠭᠤᠷᠢᠯᠠᠵᠤ᠂ ᠳᠤᠮᠳᠠᠳᠤ ᠤᠯᠤᠰ᠎ᠤᠨ ᠭᠠᠢᠬᠠᠮᠱᠢᠭ᠎ᠢ ᠡᠭᠦᠳᠬᠦ᠌ ᠬᠡᠷᠡᠭ᠌ᠲᠡᠢ᠃ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠨᠠᠮ᠎ᠤᠨ ᠵᠣᠷᠢᠯᠲᠠ᠎ᠶ᠋ᠢ ᠬᠠᠤᠯᠢ᠎ᠪᠠᠷ ᠲᠣᠭ᠍ᠲᠠᠭᠠᠭ᠍ᠰᠠᠨ ᠵᠢᠷᠤᠮ᠎ᠢᠶᠠᠷ ᠳᠠᠮᠵᠢᠭᠤᠯᠤᠨ ᠲᠦᠷᠦ ᠵᠢᠨ ᠵᠤᠷᠢᠯᠲᠠ ᠪᠠ ᠠᠷᠠᠳ ᠲᠦᠮᠡᠨ᠎ᠦ ᠬᠠᠮᠲᠤ᠎ᠶ᠋ᠢᠨ ᠠᠵᠢᠯᠯᠠᠭ᠎ᠠ ᠪᠣᠯᠭᠠᠬᠤ᠎ᠶ᠋ᠢ ᠦᠨᠡᠨ ᠬᠦ᠌ ᠪᠠᠲᠤᠯᠠᠵᠤ᠂ ᠨᠠᠮ᠎ᠤᠨ ᠤᠨᠤᠯ᠂ ᠱᠤᠭᠤᠮ᠂ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠤᠯᠤᠰ᠎ᠤᠨ ᠠᠵᠢᠯ᠎ᠤᠨ ᠳᠤᠮᠳᠠ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠶ᠋ᠢ ᠪᠠᠲᠤᠯᠠᠪᠠᠯ᠂ ᠤᠯᠤᠰ ᠣᠷᠣᠨ ᠪᠠ ᠦᠨᠳᠦᠰᠦᠲᠡᠨ᠎ᠦ ᠢᠷᠡᠭᠡᠳᠦᠢ ᠬᠤᠪᠢ ᠵᠠᠶᠠᠭ᠎ᠠ᠎ᠶ᠋ᠢ ᠠᠷᠠᠳ ᠲᠦᠮᠡᠨ᠎ᠦ ᠭᠠᠷ᠎ᠲᠤ ᠪᠠᠲᠤ ᠡᠵᠡᠮᠳᠡᠭᠦᠯᠵᠦ᠍ ᠴᠢᠳᠠᠬᠤ ᠨᠢ ᠯᠠᠪᠲᠠᠢ ᠶᠤᠮ᠃
ᠪᠦᠬᠦ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠦᠭᠵᠢᠬᠦᠯᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠮᠥᠨ᠃ ᠤᠯᠠᠨ᠎ᠤ ᠤᠬᠠᠭᠠᠨ ᠬᠠᠮᠲᠤ᠎ᠶ᠋ᠢᠨ ᠬᠦᠴᠦᠨ᠎ᠢ ᠨᠢᠬᠳᠠᠷᠠᠭᠤᠯᠬᠤ᠂ ᠢᠵᠢᠯ ᠴᠢᠭ᠌ᠯᠡᠯ᠎ᠢᠶᠡᠷ ᠬᠠᠮᠳᠤ ᠤᠷᠤᠭ᠍ᠰᠢᠯᠠᠬᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠤᠶᠤᠨ ᠤᠬᠠᠭᠠᠨ᠎ᠢ ᠨᠢᠭ᠍ᠲᠠᠷᠠᠭᠤᠯᠬᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠪᠣᠯ ᠶᠠᠭ ᠳᠤᠮᠳᠠᠳᠤ ᠤᠯᠤᠰ᠎ᠤᠨ ᠮᠠᠶᠢᠭ᠎ᠤᠨ ᠠᠷᠠᠳᠴᠢᠯᠠᠯ᠎ᠤᠨ ᠢᠯᠡᠳᠲᠡ ᠳᠠᠪᠠᠭᠤᠯᠢᠭ ᠮᠥᠨ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠪᠠᠢᠭᠤᠯᠤᠯ᠎ᠦᠨ ᠠᠴᠢᠶᠠᠯᠠᠪᠤᠷᠢ ᠮᠥᠨ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍ ᠂ ᠠᠷᠠᠳ ᠤᠯᠠᠨ᠎ᠲᠠᠶ ᠨᠢᠭ᠍ᠲᠠ ᠬᠠᠷᠢᠯᠴᠠᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠰᠣᠨᠣᠰᠴᠤ᠌᠂ ᠤᠯᠠᠨ ᠲᠦᠮᠡᠨ᠎ᠦ ᠬᠦᠰᠡᠯ ᠰᠠᠨᠠᠭ᠎ᠠ᠎ᠶ᠋ᠢ ᠲᠤᠰᠭᠠᠵᠤ᠂ ᠡᠯ᠎ᠡ ᠲᠠᠯ᠎ᠠ᠎ᠶ᠋ᠢᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠢ᠌ᠴᠢᠯᠠᠨ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠵᠢᠯ᠎ᠦᠨ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠪᠡᠯ᠂ ᠯᠠᠪᠲᠠᠢ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠬᠦ᠌᠎ᠳᠦ ᠬᠦᠴᠦᠲᠡᠢ ᠲᠤᠯᠭᠠᠭᠤᠷᠢᠯᠠᠯ ᠬᠠᠩᠭᠠᠵᠤ ᠴᠢᠳᠠᠨ᠎ᠠ᠃ ᠥᠷᠭᠡᠨ ᠤᠯᠠᠨ ᠲᠥᠯᠥᠭᠡᠯᠡᠭ᠌ᠴᠢ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠦᠨᠡᠨ ᠦᠭᠡ ᠬᠡᠯᠡᠵᠦ᠍᠂ ᠪᠣᠳᠠᠲᠠᠢ ᠪᠠᠢᠳᠠᠯ᠎ᠢ ᠶᠠᠷᠢᠵᠤ᠂ ᠪᠣᠳᠠᠲᠠᠢ ᠠᠷᠭ᠎ᠠ ᠭᠠᠷᠭᠠᠵᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠰᠠᠢ᠌ᠨ ᠠᠷᠭ᠎ᠠ ᠪᠤᠳᠤᠯᠭ᠎ᠠ᠎ᠶ᠋ᠢ ᠥᠷᠭᠡᠨ᠎ᠢᠶᠡᠷ ᠰᠦᠪᠡᠭ᠌ᠴᠢᠯᠡᠵᠦ᠍᠂ ᠨᠠᠮ ᠪᠣᠯᠤᠨ ᠠᠷᠠᠳ ᠲᠦᠮᠡᠨ᠎ᠦ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠌᠎ᠶ᠋ᠢ ᠬᠦᠰᠡᠵᠦ᠍ ᠪᠠᠢᠨ᠎ᠠ᠃
ᠮᠢᠩᠭ᠎ᠠ ᠲᠦᠮᠡᠨ ᠠᠭᠤᠯᠠ ᠤᠰᠤ᠎ᠶ᠋ᠢ ᠲᠤᠭᠤᠯᠵᠤ᠂ ᠬᠦᠴᠢᠷ᠎ᠢ ᠲᠤᠭᠤᠯᠤᠨ ᠪᠡᠷᠭᠡ ᠵᠢ ᠳᠠᠪᠠᠵᠦ ᠢᠷᠡᠪᠡ᠃ ᠤᠳᠤ᠂ ᠪᠢᠳᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠭᠠᠳ ᠪᠠᠢᠨ᠎ᠠ᠂ ᠡᠷᠬᠡᠪᠰᠢ ᠲᠡᠦᠬᠡ᠎ᠶ᠋ᠢᠨ 《ᠵᠠᠩᠭᠢᠯᠠᠭ᠎ᠠ᠎ᠶ᠋ᠢᠨ ᠨᠢᠬᠡ ᠪᠤᠤᠬᠢᠶ᠎ᠠ》 ᠵᠢ ᠰᠠᠢᠲᠤᠷ ᠳᠠᠮᠵᠢᠭᠤᠯᠬᠤ ᠬᠡᠷᠡᠭ᠌ᠲᠡᠢ᠃ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ 《ᠬᠣᠶᠠᠷ᠎ᠢ ᠲᠤᠭᠳᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠢ᠋ᠶ᠋ᠠᠨ ᠴᠢᠩᠭᠠᠳᠭᠠᠨ᠂ 《ᠲᠦᠷᠪᠡᠨ ᠢᠲᠡᠭᠡᠯ》 ᠢ᠋ᠶ᠋ᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠵᠤ᠂ ᠣᠮᠣᠭ ᠲᠡᠭᠦᠯᠳᠡᠷ ᠲᠡᠮᠡᠴᠡᠯ᠎ᠦᠨ ᠵᠣᠷᠢᠭ᠎ᠢᠶᠠᠨ ᠪᠠᠲᠤᠯᠠᠪᠠᠯ᠂ ᠪᠢᠳᠡ ᠯᠠᠪᠲᠠᠢ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠬᠦᠯᠬᠦ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠠᠭᠠᠨ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ᠎ᠶ᠋ᠢ ᠤᠯᠬᠤ ᠨᠢ ᠯᠠᠪᠳᠠᠢ᠃
ᠶᠡᠬᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ!
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 4 ᠤ᠋ ᠴᠠᠬᠢᠯᠭᠠᠨ ᠮᠡᠳᠡᠭᠡ)