ᠠᠮᠢᠵᠢᠷᠠᠯ ᠪᠢᠯᠬᠠᠭᠰᠠᠨ ᠥᠪᠥᠷ ᠮᠣᠩᠭᠣᠯ ᠨᠡᠬᠡᠬᠡᠯᠳᠡ᠎ᠵᠢᠨ ᠰᠢᠨ᠎ᠠ ᠪᠠᠢᠷᠢᠰᠢᠯ᠎ᠢ ᠡᠷᠴᠢᠮᠳᠠᠢ ᠪᠠᠢᠭᠤᠯᠤᠨ᠎ᠠ
2026-03-05 16:41:53
ᠵᠣᠬᠢᠶᠠᠭ᠍ᠴᠢ᠄
ᠠᠨᠢᠷ
ᠣᠩᠱᠢᠭ᠍ᠰᠠᠨ ᠣᠳᠠᠭ᠎ᠠ᠄
★★★☆☆

—  ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠭᠠᠳᠠᠭᠠᠳᠤ ᠨᠡᠭᠡᠭᠡᠯᠲᠡ ᠶ᠋ᠢᠨ ᠬᠠᠭᠤᠳᠠᠰᠤ                  


ᠨᠡᠭᠡᠭᠡᠯᠲᠡ ᠶ᠋ᠢᠨ ᠤᠷᠢᠬᠠᠨ ᠰᠠᠯᠬᠢ ᠥᠪᠥᠷ ᠮᠣᠩᠭᠣᠯ ᠤ᠋ᠨ ᠲᠠᠯ᠎ᠠ ᠨᠤᠳᠤᠭ᠎ᠢ᠋ ᠦᠯᠢᠶᠠᠬᠦᠶ᠎ᠠ᠂ ᠬᠦᠭᠵᠢᠯᠳᠠ᠎ᠵᠢᠨ ᠡᠷᠴᠢ ᠬᠦᠴᠤᠨ ᠢᠳᠠ ᠬᠦᠭ ᠲᠠᠢ ᠬᠦᠪᠴᠢᠯᠡᠭᠳᠡᠨ᠎ᠠ᠃

2026 ᠣᠨ ᠤ᠋ ᠡᠬᠢ ᠪᠠᠷ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠬᠤ ᠥᠪᠥᠷ ᠮᠣᠩᠭᠣᠯ ᠥᠪᠡᠷᠮᠢᠴᠡ ᠲᠠᠪᠠᠭᠤᠯᠢᠭ ᠬᠦᠴᠤᠨ᠎ᠵᠢᠡᠷ᠎ᠵᠢᠡᠨ ᠴᠢᠨᠠᠷ ᠰᠠᠢᠲᠠᠶ ᠬᠥᠭ᠌ᠵᠢᠯᠲᠡ ᠶ᠋ᠢᠨ ᠬᠢᠵᠠᠭᠠᠯᠠᠰᠢ ᠥᠬᠡᠶ ᠠᠮᠢᠵᠢᠷᠠᠯ ᠤ᠋ᠨ ᠬᠦᠴᠦᠨ ᠢ᠋ ᠪᠠᠳᠠᠷᠠᠭᠤᠯᠤᠨ᠎ᠠ᠃

《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠲᠦᠯᠦᠪᠵᠢᠬᠦᠯᠭᠡ  ᠡᠬᠢᠯᠡᠭᠰᠡᠨ ᠡᠴᠡ ᠨᠠᠭᠠᠰᠢ ᠂ ᠥᠪᠥᠷ ᠮᠣᠩᠭᠣᠯ ᠤ᠋ᠨ ᠨᠡᠭᠡᠭᠡᠯᠲᠡ ᠬᠢᠬᠦ᠌ ᠠᠯᠬᠤᠭ᠎ᠠ ᠨᠡᠩ ᠢᠳᠡᠷᠡᠬᠦᠨ ᠪᠠᠢᠵᠤ᠂ ᠡᠨᠡ ᠬᠦ᠌ ᠯᠠᠪᠳᠠᠭᠤᠨ ᠪᠠᠲᠤ ᠪᠠᠢᠭ᠎ᠠ ᠨᠢ 《ᠠᠷᠪᠠᠨ ᠳᠥᠷᠪᠡᠳᠦᠭᠡᠷ ᠲᠠᠪᠤᠨ ᠵᠢᠯ 》  ᠤ᠋ᠨ ᠬᠤᠭᠤᠴᠠᠭᠠᠨ ᠳ᠋ᠤ ᠬᠦᠪᠴᠢᠯᠡᠭᠰᠡᠨ ᠪᠠᠳᠤ ᠴᠢᠡᠭᠭ᠎ᠠ ᠢᠲᠡᠭᠡᠯ ᠵᠣᠷᠢᠭ ᠡᠴᠡ ᠪᠤᠯᠤᠭᠰᠠᠨ ᠪᠠᠢᠭ᠎ᠠ ᠠᠵᠢ᠃

《 ᠠᠷᠪᠠᠨ ᠳᠥᠷᠪᠡᠳᠦᠭᠡᠷ ᠲᠠᠪᠤᠨ ᠵᠢᠯ 》  ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠣᠷᠣᠭᠤᠯᠤᠯᠲᠠ ᠭᠠᠷᠭᠠᠯᠲᠠ ᠶ᠋ᠢᠨ ᠥᠷᠲᠡᠭ 2021 ᠣᠨ ᠳ᠋ᠤ 1230.8 ᠳ᠋ᠦᠩᠱᠢᠭᠤᠷ ᠲᠥᠭᠥᠷᠢᠭ ᠪᠠᠢᠭ᠍ᠰᠠᠨ ᠡᠴᠡ ᠪᠠᠨ 2022 ᠣᠨ ᠳ᠋ᠤ 1506.7 ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠵᠦ᠍᠂ ᠳᠠᠬᠢᠭᠠᠳ 2023 ᠣᠨ ᠳ᠋ᠤ 1960 ᠳ᠋ᠦᠩᠱᠢᠭᠤᠷ ᠲᠥᠭᠥᠷᠢᠭ ᠪᠠᠢᠭ᠍ᠰᠠᠨ ᠡᠴᠡ ᠪᠠᠨ 2024 ᠣᠨ ᠳ᠋ᠤ 2074.9 ᠳ᠋ᠦᠩᠱᠢᠭᠤᠷ ᠲᠥᠭᠥᠷᠢᠭ ᠪᠣᠯᠤᠨ ᠳᠡᠭᠡᠭ᠌ᠰᠢᠯᠡᠵᠦ᠍᠂ 2025 ᠣᠨ ᠳ᠋ᠤ 2206.7 ᠳ᠋ᠦᠩᠱᠢᠭᠤᠷ ᠲᠥᠭᠥᠷᠢᠭ ᠲᠦ᠍ ᠬᠦᠷᠴᠦ᠍᠂ ᠵᠢᠯ ᠳᠠᠷᠠᠭᠠᠯᠠᠨ ᠨᠡᠮᠡᠭ᠌ᠳᠡᠪᠡ ; ᠠᠷᠠᠯᠵᠢᠶᠠᠨ ᠤ᠋ ᠬᠠᠨᠢᠲᠠᠨ 2021 ᠣᠨ ᠳ᠋ᠤ 186 ᠪᠠᠢᠭ᠍ᠰᠠᠨ ᠡᠴᠡ ᠪᠠᠨ 2025 ᠣᠨ ᠳ᠋ᠤ 201 ᠪᠣᠯᠤᠨ ᠨᠡᠮᠡᠭ᠌ᠳᠡᠵᠦ᠍᠂ ᠵᠠᠬ᠎ᠠ ᠳᠡᠯᠭᠡᠭᠦᠷ ᠦᠷᠭᠦᠯᠵᠢᠯᠡᠨ ᠥᠷᠭᠡᠲᠦᠭᠰᠡᠨ ᠨᠢ ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠬᠡᠪᠴᠢᠶ᠎ᠡ ᠲᠣᠭ᠍ᠲᠠᠭᠤᠨ ᠢ᠋ᠶ᠋ᠡᠷ ᠳᠡᠭᠡᠭ᠌ᠰᠢᠯᠡᠬᠦ ᠳ᠋ᠤ ᠬᠦᠴᠦᠨ ᠨᠡᠮᠡᠷᠢᠯᠡᠪᠡ; ᠣᠷᠳᠣᠰ᠂ ᠪᠤᠭᠤᠲᠤ᠂ ᠡᠷᠢᠶᠡᠨ ᠬᠣᠲᠠ ᠶ᠋ᠢᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ ᠤ᠋ ᠶᠡᠷᠦᠩᠬᠡᠢᠯᠡᠭ᠌ᠰᠡᠨ ᠲᠤᠷᠱᠢᠯᠲᠠ ᠶ᠋ᠢᠨ ᠲᠣᠭᠣᠷᠢᠭ ᠤᠷᠢᠳ ᠬᠣᠵᠢᠳ ᠠᠱᠢᠭ᠍ᠯᠠᠯᠲᠠ ᠳ᠋ᠤ ᠣᠷᠣᠪᠠ ; ᠬᠠᠭᠤᠷᠠᠶ ᠵᠠᠮ ᠤ᠋ᠨ ᠪᠣᠭᠣᠮᠲᠠ ᠶ᠋ᠢᠨ ᠪᠠᠷᠠᠭᠠᠨ ᠤ᠋ ᠲᠡᠭᠡᠭᠡᠪᠦᠷᠢ ᠶ᠋ᠢᠨ ᠬᠡᠮᠵᠢᠶ᠎ᠡ 2020 ᠣᠨ ᠳ᠋ᠤ 6633.4 ᠲᠦᠮᠡᠨ ᠲᠣᠨ ᠪᠠᠢᠭ᠍ᠰᠠᠨ ᠡᠴᠡ ᠪᠠᠨ ᠨᠡᠮᠡᠭ᠌ᠳᠡᠭᠡᠳ 2025 ᠣᠨ ᠳ᠋ᠤ 1.32 ᠳ᠋ᠦᠩᠱᠢᠭᠤᠷ ᠲᠣᠨ ᠪᠣᠯᠵᠣ᠂ ᠬᠢᠯᠢ ᠠᠯᠤᠰᠯᠠᠭ᠍ᠰᠠᠨ ᠠᠷᠠᠯᠵᠢᠶ᠎ᠠ ᠳ᠋ᠤ ᠪᠠᠲᠤ ᠪᠠᠬᠢ ᠪᠠᠷᠠᠭᠠᠨ ᠤ᠋ ᠭᠦᠶ᠋ᠯᠭᠡᠭᠡᠨ ᠤ᠋ ᠲᠤᠯᠭᠠᠭᠤᠷᠢᠯᠠᠯ ᠬᠠᠩᠭᠠᠪᠠ ᠃

《 ᠠᠷᠪᠠᠨ ᠲᠠᠪᠤᠳᠤᠭᠠᠷ ᠲᠠᠪᠤᠨ ᠵᠢᠯ 》  ᠤ᠋ᠨ ᠡᠬᠢᠯᠡᠯᠲᠡ ᠶ᠋ᠢᠨ ᠬᠤᠭᠤᠴᠠᠭᠠᠨ ᠳ᠋ᠤ᠂ ᠥᠪᠡᠷᠮᠢᠴᠡ ᠣᠷᠣᠨ ᠪᠠᠢᠷᠢ ᠪᠠ ᠡᠬᠢ ᠪᠠᠶᠠᠯᠢᠭ ᠤ᠋ᠨ ᠳᠠᠪᠠᠭᠤᠯᠢᠭ ᠵᠢᠴᠢ ᠨᠡᠭᠡᠭᠡᠯᠲᠡᠲᠡᠶ ᠪᠠᠭ᠍ᠲᠠᠭᠠᠮᠵᠢᠲᠠᠶ ᠤᠷᠴᠢᠨ ᠳ᠋ᠤ ᠲᠦᠱᠢᠭ᠌ᠯᠡᠨ᠂ ᠥᠪᠥᠷ ᠮᠣᠩᠭᠣᠯ ᠨᠡᠭᠡᠭᠡᠯᠲᠡ ᠶ᠋ᠢᠨ ᠴᠢᠳᠠᠪᠤᠷᠢ ᠲᠠᠰ ᠢ᠋ᠶ᠋ᠡᠨ ᠦᠷᠭᠦᠯᠵᠢᠯᠡᠨ ᠳᠡᠭᠡᠭ᠌ᠰᠢᠯᠡᠭᠦᠯᠵᠦ᠍᠂ ᠬᠥᠭ᠌ᠵᠢᠯᠲᠡ ᠶ᠋ᠢᠨ ᠠᠮᠢᠵᠢᠷᠠᠯ ᠤ᠋ᠨ ᠬᠦᠴᠦᠨ ᠢ᠋ᠶ᠋ᠡᠨ ᠪᠠᠳᠠᠷᠠᠭᠤᠯᠪᠠ ᠃

3 ᠰᠠᠷ᠎ᠠ ᠶ᠋ᠢᠨ 2  ᠤ᠋ᠨ ᠥᠷᠯᠥᠭᠡ᠂ ᠮᠠᠨᠵᠤᠤᠷ ᠪᠣᠭᠣᠮᠲᠠ ᠶ᠋ᠢᠨ ᠬᠠᠷᠢᠶ᠎ᠠ ᠮᠠᠨᠵᠤᠤᠷ ᠲᠡᠷᠭᠡᠨ ᠥᠷᠲᠡᠭᠡᠨ ᠤ᠋ ᠪᠣᠭᠣᠮᠲᠠ ᠶ᠋ᠢᠨ ᠪᠠᠢᠴᠠᠭᠠᠨ ᠰᠢᠯᠭᠠᠬᠤ ᠨᠢᠭᠡᠳᠦᠭᠡᠷ ᠰᠠᠯᠠᠭᠠᠨ ᠤ᠋ ᠪᠣᠭᠣᠮᠲᠠ ᠶ᠋ᠢᠨ ᠠᠵᠢᠯᠲᠠᠨ ᠸᠠᠩ ᠶᠤᠸᠠᠨ᠂ ᠵᠸᠩ ᠹᠸᠩ ᠳᠠᠷᠤᠶ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ ᠶ᠋ᠢᠨ ᠪᠠᠢᠴᠠᠭᠠᠨ ᠱᠢᠯᠭᠠᠬᠤ ᠲᠠᠯᠠᠪᠠᠶ ᠳ᠋ᠤ ᠬᠦᠷᠴᠦ᠍᠂ ᠴᠢᠩᠭᠡᠯᠢᠭ ᠤ᠋ᠨ ᠯᠤᠮᠪᠤ ᠵᠢ ᠪᠠᠢᠴᠠᠭᠠᠨ ᠦᠵᠡᠵᠦ᠍᠂ ᠪᠣᠭᠣᠮᠲᠠ ᠳ᠋ᠤ ᠮᠡᠳᠡᠭᠦᠯᠬᠦ᠌ ᠮᠡᠳᠡᠭᠡ ᠵᠠᠩᠭᠢ ᠪᠣᠯᠤᠨ ᠪᠣᠳᠠᠲᠠᠶ ᠪᠠᠷᠠᠭᠠᠨ ᠤ᠋ ᠨᠠᠷᠢᠨ ᠵᠦᠶ᠋ᠯᠡᠰ ᠢ᠋ ᠵᠦᠶ᠋ᠯ ᠳᠠᠷᠠᠭᠠᠯᠠᠨ ᠬᠠᠷᠢᠴᠠᠭᠤᠯᠤᠨ ᠦᠵᠡᠪᠡ᠃ 《ᠡᠳ᠋ ᠪᠠᠷᠠᠭ᠎ᠠ ᠵᠢ ᠡᠷᠲᠡ ᠨᠢᠭᠡ ᠡᠳᠦᠷ ᠪᠣᠭᠣᠮᠲᠠ ᠦᠨᠭᠭᠡᠷᠡᠭᠡᠵᠦ ᠲᠡᠭᠡᠭᠡᠪᠦᠷᠢᠯᠡᠪᠡᠯ᠂ ᠠᠵᠤ ᠠᠬᠤᠢᠯᠠᠯ ᠡᠷᠲᠡ ᠨᠢᠭᠡ ᠡᠳᠦᠷ ᠵᠠᠬ᠎ᠠ ᠳᠡᠯᠭᠡᠭᠦᠷ ᠢ᠋ ᠵᠠᠪᠳᠤᠨ ᠡᠵᠡᠯᠡᠵᠦ᠍᠂ ᠠᠵᠠ ᠲᠣᠬᠢᠶᠠᠯ ᠢ᠋ ᠣᠯᠵᠤ ᠴᠢᠳᠠᠨ᠎ᠠ᠃ ᠮᠠᠨᠵᠤᠤᠷ ᠬᠢᠯᠢ ᠶ᠋ᠢᠨ ᠪᠣᠭᠣᠮᠲᠠ ᠪᠡᠷ ᠨᠡᠪᠲᠡᠷᠡᠬᠦ᠌   ᠵᠢᠱᠢᠶᠠᠨ   ᠤ᠋  ᠭᠠᠯᠲᠤ   ᠲᠡᠷᠭᠡ  ᠵᠢᠨ ᠡᠭᠡᠯᠵᠢ ᠵᠢ ᠨᠢᠬᠲᠠᠷᠠᠭᠤᠯᠵᠤ᠂ 1 ᠰᠠᠷ᠎ᠠ ᠳ᠋ᠤ ᠪᠢᠳᠡ ᠬᠢᠯᠢ᠎ᠪᠡᠷ ᠣᠷᠣᠵᠤ ᠭᠠᠷᠬᠤ 471 ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ ᠵᠢ ᠬᠢᠨᠠᠨ ᠬᠠᠮᠢᠶᠠᠷᠴᠤ᠌᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ᠎ᠡᠴᠡ 346% ᠪᠡᠷ ᠨᠡᠮᠡᠭ᠌ᠳᠡᠵᠦ᠍᠂ ᠰᠠᠢ᠌ᠨ ᠡᠬᠢᠯᠡᠯᠲᠡ ᠲᠠᠢ ᠪᠣᠯᠪᠠ》 ᠭᠡᠵᠦ ᠵᠧᠩ ᠹᠸᠩ ᠬᠡᠯᠡᠨ᠎ᠠ᠃

ᠥᠪᠥᠷ ᠮᠣᠩᠭᠣᠯ ᠪᠣᠯ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡᠨ ᠤ᠋ ᠳᠤᠮᠳᠠ ᠨᠡᠪᠲᠡᠷᠡᠬᠦ᠌ ᠵᠠᠮ ᠪᠠ ᠵᠡᠭᠦᠨ ᠨᠡᠪᠲᠡᠷᠡᠬᠦ᠌ ᠵᠠᠮ ᠤ᠋ᠨ ᠴᠢᠬᠤᠯᠠ ᠵᠠᠩᠭᠢᠯᠠᠭ᠎ᠠ ᠶ᠋ᠢᠨ ᠴᠡᠭ ᠪᠠᠢᠵᠤ᠂ ᠠᠷᠪᠠ ᠭᠠᠷᠤᠢ ᠵᠢᠯ ᠤ᠋ᠨ ᠲᠤᠷᠰᠢ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ ᠸᠠᠭᠤᠨ ᠳᠦᠭᠦᠷᠡᠩ ᠪᠠᠷᠠᠭ᠎ᠠ ᠠᠴᠢᠵᠤ᠂ ᠠᠽᠢᠶ᠎ᠠ ᠧᠦ᠋ᠷᠣᠫᠠ ᠶ᠋ᠢᠨ ᠡᠬᠡ ᠬᠠᠭᠤᠷᠠᠢ ᠪᠡᠷ ᠲᠠᠪᠬᠢᠨ᠎ᠠ᠃ 2025 ᠣᠨ ᠳ᠋ᠤ᠂ ᠥᠪᠥᠷ ᠮᠣᠩᠭᠣᠯ ᠤ᠋ᠨ ᠬᠢᠯᠢ ᠪᠡᠷ ᠣᠷᠣᠵᠤ ᠭᠠᠷᠤᠬᠰᠠᠨ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ 8612 ᠡᠭᠡᠯᠵᠢ ᠬᠦᠷᠴᠦ᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 14.3% ᠪᠡᠷ ᠨᠡᠮᠡᠭ᠌ᠳᠡᠵᠦ᠍᠂ ᠪᠥᠬᠥ᠌ ᠤᠯᠤᠰ ᠤ᠋ᠨ ᠡᠵᠡᠯᠡᠬᠦ᠌ ᠬᠠᠷᠢᠴᠠᠯ 47.5% ᠳ᠋ᠤ ᠬᠦᠷᠴᠦ᠍᠂ ᠶᠡᠷᠦᠩᠬᠡᠶ ᠬᠡᠮᠵᠢᠶ᠎ᠡ ᠪᠠ ᠡᠵᠡᠯᠡᠬᠦ᠌ ᠬᠠᠷᠢᠴᠠᠯ ᠨᠢ ᠴᠥᠮ ᠲᠡᠦᠬᠡ ᠶ᠋ᠢᠨ ᠱᠢᠨ᠎ᠡ ᠲᠡᠮᠳᠡᠭ᠌ᠯᠡᠯ ᠢ᠋ ᠡᠭᠦᠳᠪᠡ᠃ ᠡᠳᠦᠷ ᠲᠤᠲᠤᠮ ᠤ᠋ᠨ ᠬᠡᠷᠡᠭ᠌ᠯᠡᠭᠡᠨ ᠤ᠋ ᠪᠦᠷᠢᠨ ᠪᠠᠷᠠᠭ᠎ᠠ ᠡᠴᠡ ᠱᠢᠨ᠎ᠡ ᠡᠨᠧᠷᠭᠢ ᠶ᠋ᠢᠨ ᠮᠠᠱᠢᠨ ᠲᠡᠷᠭᠡ ᠬᠦᠷᠲᠡᠯ᠎ᠡ᠂ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ ᠶ᠋ᠢᠨ ᠠᠴᠢᠶᠠᠯᠠᠭ᠍ᠰᠠᠨ ᠪᠠᠷᠠᠭᠠᠨ ᠤ᠋ ᠪᠦᠲᠦᠴᠡ ᠲᠠᠰᠤᠷᠠᠯᠲᠠ ᠦᠭᠡᠢ ᠳᠡᠰ ᠳᠡᠪᠱᠢᠪᠡ᠃

ᠡᠨᠡ ᠪᠣᠯ ᠥᠪᠥᠷ ᠮᠣᠩᠭᠣᠯ ᠤ᠋ᠨ ᠠᠵᠤ ᠠᠬᠤᠢᠯᠠᠯ ᠤ᠋ᠨ ᠤᠯᠠᠨ ᠤᠯᠤᠰ ᠤ᠋ᠨ ᠵᠠᠬ᠎ᠠ ᠳᠡᠯᠭᠡᠭᠦᠷ ᠢ᠋ ᠥᠷᠭᠡᠳᠭᠡᠬᠦ᠌ ᠴᠢᠬᠤᠯᠠ ᠨᠢᠭᠡ ᠠᠯᠬᠤᠮ ᠪᠣᠯᠬᠤ ᠪᠡᠷ ᠪᠠᠷᠠᠬᠤ ᠦᠭᠡᠢ᠂ ᠪᠠᠰᠠ ᠴᠤ᠌ 《ᠥᠪᠥᠷ ᠮᠣᠩᠭᠣᠯ ᠤ᠋ᠨ ᠰᠠᠢ᠌ᠨ ᠪᠠᠷᠠᠭ᠎ᠠ》 ᠶ᠋ᠢ ᠳᠡᠯᠡᠬᠡᠢ ᠶ᠋ᠢᠨ ᠵᠠᠬ᠎ᠠ ᠳᠡᠯᠭᠡᠭᠦᠷ ᠲᠦ᠍ ᠭᠠᠷᠭᠠᠬᠰᠠᠨ ᠪᠤᠳᠠᠳᠠᠢ ᠠᠵᠢᠯᠯᠠᠭ᠎ᠠ  ᠪᠣᠯᠤᠨ᠎ᠠ᠃ 2025 ᠣᠨ ᠳ᠋ᠤ᠂ ᠥᠪᠥᠷ ᠮᠣᠩᠭᠣᠯ ᠤ᠋ᠨ ᠭᠠᠳᠠᠭᠠᠳᠤ ᠭᠠᠷᠭᠠᠯᠲᠠ ᠶ᠋ᠢᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠷᠠᠯᠵᠢᠶᠠᠨ ᠤ᠋ ᠥᠷᠲᠡᠭ 139.1 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 15.4% ᠪᠡᠷ ᠨᠡᠮᠡᠭ᠌ᠳᠡᠵᠦ᠂ ᠡᠭᠦᠨ ᠳ᠋ᠤ᠂ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠵᠡᠷᠭᠡ ᠱᠢᠨ᠎ᠡ ᠪᠡᠷ ᠮᠠᠨᠳᠤᠭ᠍ᠰᠠᠨ ᠵᠠᠬ᠎ᠠ ᠳᠡᠯᠭᠡᠭᠦᠷ ᠤ᠋ᠨ ᠦᠷ᠎ᠡ ᠶ᠋ᠢᠨ ᠲᠥᠷᠥᠯ ᠤ᠋ᠨ ᠪᠦᠲᠦᠭᠡᠭ᠌ᠳᠡᠬᠦᠨ ᠤ᠋ ᠬᠡᠷᠡᠭ᠌ᠴᠡᠭᠡ ᠱᠠᠭᠠᠷᠳᠠᠯᠭ᠎ᠠ ᠦᠨᠳᠦᠷ ᠪᠠᠢᠵᠤ᠂ ᠭᠠᠳᠠᠭᠠᠳᠤ ᠭᠠᠷᠭᠠᠯᠲᠠ ᠶ᠋ᠢᠨ ᠨᠡᠮᠡᠭ᠌ᠳᠡᠯ ᠢ᠋ ᠳᠠᠢᠴᠢᠯᠠᠪᠠ᠃ ᠡᠭᠦᠨ ᠤ᠋ ᠬᠠᠮᠲᠤ᠂ ᠥᠪᠥᠷ ᠮᠣᠩᠭᠣᠯ ᠤ᠋ᠨ ᠲᠥᠪᠡᠳ ᠬᠠᠰᠢ ᠶ᠋ᠢᠨ ᠨᠤᠨᠲᠠᠭ᠂ ᠤᠰᠤ ᠥᠬᠡᠢᠳᠡᠭᠦᠯᠦᠭ᠌ᠰᠡᠨ ᠢᠳᠡᠱᠢᠨ ᠨᠣᠭᠣᠭ᠎ᠠ᠂ ᠪᠤᠷᠤ ᠮᠠᠭᠠᠵᠢ ᠶ᠋ᠢᠨ ᠦᠷ᠎ᠡ ᠶ᠋ᠢᠨ ᠲᠣᠰᠣ ᠵᠡᠷᠭᠡ ᠨᠠᠷᠢᠯᠢᠭ ᠭᠦᠨᠵᠡᠭᠡᠶ ᠡᠳ᠋ᠱᠢᠭᠦᠯᠦᠭ᠌ᠰᠡᠨ ᠦᠶ᠋ᠯᠡᠳᠬᠦᠨ ᠨᠢ ᠱᠢᠨ᠎ᠡ ᠬᠥᠭ᠌ᠵᠢᠯᠲᠡ ᠶ᠋ᠢᠨ ᠠᠵᠠ ᠲᠣᠬᠢᠶᠠᠯ ᠢ᠋ ᠠᠪᠴᠢᠷᠠᠪᠠ᠃

ᠨᠡᠭᠡᠭᠡᠯᠲᠡ ᠬᠢᠵᠦ᠍ ᠬᠠᠮᠲᠤᠷᠠᠯᠴᠠᠨ᠂ ᠬᠠᠷᠢᠯᠴᠠᠨ ᠠᠱᠢᠭ᠍ᠲᠠᠶ ᠪᠠᠢᠵᠤ ᠬᠠᠮᠲᠤ᠎ᠪᠠᠷ ᠠᠱᠢᠭ ᠬᠦᠷᠲᠡᠨ᠎ᠡ᠃ 2025 ᠣᠨ ᠳ᠋ᠤ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ — ᠮᠣᠩᠭᠣᠯ ᠤᠯᠤᠰ ᠤ᠋ᠨ ᠦᠵᠡᠰᠭᠦᠯᠡᠩ ᠤ᠋ᠨ ᠴᠤᠭ᠍ᠯᠠᠭᠠᠨ ᠳ᠋ᠤ ᠮᠣᠩᠭᠣᠯ ᠤᠯᠤᠰ᠂ ᠣᠷᠣᠰ᠂ ᠪᠷᠠᠽᠢᠯ᠂ ᠦᠷᠦ᠋ᠭᠤᠸᠠᠢ᠂ ᠺᠸᠨᠢᠶᠠ᠂ ᠮᠣᠽᠠᠮᠪᠢᠺ ᠵᠡᠷᠭᠡ ᠠᠽᠢᠶ᠎ᠠ ᠲᠢᠪ᠂ ᠧᠦ᠋ᠷᠣᠫᠠ ᠲᠢᠪ᠂ ᠠᠹᠷᠢᠺᠠ ᠲᠢᠪ᠂ ᠡᠮᠦᠨᠡᠲᠦ ᠠᠮᠧᠷᠢᠺᠠ ᠲᠢᠪ ᠵᠡᠷᠭᠡ ᠵᠢᠨ ᠤᠯᠤᠰ ᠪᠠ ᠭᠠᠵᠠᠷ ᠣᠷᠣᠨ ᠤ᠋ ᠬᠠᠨᠢᠲᠠᠨ ᠬᠦᠬᠡᠬᠤᠲᠠ ᠳ᠋ᠤ ᠴᠤᠬᠯᠠᠷᠠᠨ᠂ ᠬᠥᠭ᠌ᠵᠢᠯᠲᠡ ᠵᠢ ᠬᠠᠮᠲᠤ ᠪᠡᠷ ᠡᠷᠢᠯᠬᠢᠯᠡᠪᠡ᠃

ᠬᠣᠶᠠᠳᠤᠭᠠᠷ ᠬᠤᠭᠤᠴᠠᠭᠠᠨ ᠤ᠋ ᠤᠯᠠᠨ ᠤᠯᠤᠰ᠎ᠤᠨ ᠠᠷᠠᠳ᠎ᠤᠨ ᠪᠦᠯᠬᠦᠮ᠎ᠤᠨ ᠪᠦᠬᠦ᠌ ᠪᠥᠮᠪᠥᠷᠴᠡᠭ ᠤ᠋ᠨ ᠬᠥᠭ᠌ᠵᠢᠯᠲᠡ ᠵᠢᠨ ᠰᠠᠨᠠᠭᠠᠴᠢᠯᠠᠭ᠎ᠠ ᠎ᠵᠢ ᠬᠠᠮᠳᠤ ᠪᠠᠷ ᠨᠠᠢᠳᠠᠪᠤᠷᠢᠵᠢᠭᠤᠯᠬᠤ ᠰᠣᠯᠢᠯᠴᠠᠭ᠎ᠠ ᠶ᠋ᠢᠨ ᠶᠡᠬᠡ ᠬᠤᠷᠠᠯ᠂ ᠠᠷᠪᠠᠳᠤᠭᠠᠷ ᠬᠤᠭᠤᠴᠠᠭᠠᠨ ᠤ᠋ ᠬᠥᠪᠴᠢ ᠶ᠋ᠢᠨ ᠤᠯᠠᠨ ᠤᠯᠤᠰ ᠤ᠋ᠨ ᠡᠯᠡᠰᠦᠨ ᠴᠦᠯ ᠤ᠋ᠨ ᠶᠠᠷᠢᠶᠠᠨ ᠤ᠋ ᠲᠠᠪᠴᠠᠩ᠂ ᠥᠪᠥᠷ ᠮᠣᠩᠭᠣᠯ ᠤ᠋ᠨ ᠴᠡᠪᠡᠷ ᠡᠨᠧᠷᠭᠢ ᠶ᠋ᠢᠨ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠵᠢᠴᠢ ᠤᠯᠠᠨ ᠤᠯᠤᠰ ᠤ᠋ᠨ ᠵᠥᠪᠳᠡᠯᠴᠡᠭᠡᠷ᠎ᠤᠨ ᠬᠤᠷᠠᠯ ᠵᠡᠷᠭᠡ ᠁ 2025 ᠣᠨ ᠳ᠋ᠤ᠂ ᠥᠪᠥᠷ ᠮᠣᠩᠭᠣᠯ ᠤᠯᠠᠨ ᠤᠯᠤᠰ ᠲᠦ᠍ ᠨᠥᠯᠥᠭᠡᠯᠡᠬᠦ᠌ ᠬᠦᠴᠦᠨ ᠪᠦᠬᠦᠢ ᠤᠯᠠᠨ ᠤᠳᠠᠭ᠎ᠠ ᠶ᠋ᠢᠨ ᠲᠤᠮᠤ ᠬᠡᠯᠪᠡᠷᠢ ᠶ᠋ᠢᠨ ᠬᠤᠷᠠᠯ ᠪᠠ ᠦᠵᠡᠰᠭᠦᠯᠡᠩ ᠢ᠋ ᠡᠷᠬᠢᠯᠡᠨ ᠶᠠᠪᠤᠬᠳᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠡᠨᠧᠷᠭᠢ᠂ ᠠᠮᠢ ᠠᠬᠤᠢ᠂ ᠠᠵᠤ ᠠᠬᠤᠢ ᠠᠷᠠᠯᠵᠢᠶ᠎ᠠ ᠵᠡᠷᠭᠡ ᠤᠯᠠᠨ ᠬᠦᠷᠢᠶ᠎ᠡ ᠵᠢ ᠬᠠᠮᠤᠷᠴᠤ᠌᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ ᠪᠣᠯᠬᠤ ᠪᠠᠢᠯᠳᠤᠬᠤ ᠪᠤᠳᠤᠯᠭ᠎ᠠ ᠶ᠋ᠢᠨ ᠪᠠᠢᠷᠢ ᠰᠠᠭᠤᠷᠢ ᠪᠠᠨ ᠭᠦᠢᠴᠡᠳ ᠢᠯᠡᠷᠡᠭᠦᠯᠪᠡ᠃

ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ ᠶ᠋ᠢᠨ ᠠᠸ᠋ᠭ᠎ᠠ ᠪᠠᠢᠷᠢᠱᠢᠭᠤᠯᠤᠯᠲᠠ ᠳ᠋ᠤ᠂ ᠥᠪᠥᠷ ᠮᠣᠩᠭᠣᠯ 《ᠨᠢᠭᠡ ᠪᠦᠰᠡ ᠨᠢᠭᠡ ᠵᠠᠮ》  ᠢ᠋ ᠬᠠᠮᠲᠤ ᠪᠡᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠤ ᠢᠳᠡᠪᠬᠢᠲᠡᠶ ᠣᠷᠣᠯᠴᠠᠵᠤ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠤᠤᠰ ᠣᠷᠴᠢᠯ ᠢ᠋ ᠬᠣᠯᠪᠣᠭ᠍ᠰᠠᠨ ᠴᠢᠬᠤᠯᠠ ᠬᠦᠶ᠋ᠰᠦ ᠵᠢ ᠴᠤᠬᠴᠠᠯᠠᠪᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠶ᠋ᠢᠨ ᠵᠢᠯ ᠤ᠋ᠨ ᠱᠢᠨ᠎ᠡ ᠲᠡᠦᠬᠡ ᠶ᠋ᠢᠨ ᠭᠠᠷᠤᠭ᠎ᠠ ᠳ᠋ᠤ ᠵᠣᠭ᠍ᠰᠣᠵᠤ᠂ ᠥᠪᠥᠷ ᠮᠣᠩᠭᠣᠯ ᠶᠠᠭ ᠨᠡᠩ ᠥᠷᠭᠡᠨ ᠬᠠᠷᠠᠭᠠᠰᠤ ᠪᠣᠯᠤᠨ ᠨᠡᠩ ᠡᠷᠡᠰ ᠪᠠᠲᠤ ᠠᠯᠬᠤᠭ᠎ᠠ ᠪᠡᠷ ᠣᠷᠣᠨ ᠪᠠᠢᠷᠢ ᠶ᠋ᠢᠨ ᠳᠠᠪᠠᠭᠤᠯᠢᠭ ᠢ᠋ᠶ᠋ᠡᠨ ᠬᠥᠭ᠌ᠵᠢᠯᠲᠡ ᠶ᠋ᠢᠨ ᠪᠠᠢᠳᠠᠯ ᠪᠣᠯᠭᠠᠨ ᠬᠤᠪᠢᠷᠠᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠣᠣᠰ ᠣᠷᠴᠢᠯ ᠢ᠋ ᠬᠣᠯᠪᠣᠭ᠍ᠰᠠᠨ ᠱᠢᠨ᠎ᠡ ᠠᠶᠠᠨ ᠳ᠋ᠠᠭᠠᠨ  ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ ᠶ᠋ᠢᠨ ᠱᠢᠨ᠎ᠡ ᠬᠠᠭᠤᠳᠠᠰᠤ ᠵᠢ ᠪᠢᠴᠢᠭ᠌ᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号