ᠠᠭᠤᠯᠠ ᠤᠰᠤᠨ ᠠᠤᠭ᠎ᠠ ᠰᠦᠷᠯᠢᠭ ᠲᠦᠮᠡᠨ ᠦᠵᠡᠮᠵᠢ ᠲᠦᠭᠡᠮᠡᠯ ᠰᠢᠨᠡᠳᠦᠨ᠎ᠡ
2026-03-05 09:44:21
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠢ ᠬᠥᠲᠥᠯᠥᠨ ᠵᠢᠯᠤᠭᠤᠳᠤᠨ᠎ᠠ


ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠠᠶᠠᠨ᠎ᠤ ᠵᠠᠮ ᠦᠶ᠎ᠠ ᠵᠠᠯᠭᠠᠨ ᠦᠷᠬᠦᠯᠵᠢᠯᠡᠭᠰᠡᠭᠡᠷ᠃

2026 ᠣᠨ᠎ᠤ 3 ᠰᠠᠷ᠎ᠠ᠎ᠶ᠋ᠢᠨ 5᠎ᠤ᠋ ᠡᠳᠦᠷ ᠡᠬᠢᠯᠡᠬᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠳᠡᠭᠡᠷ᠎ᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ 《ᠰᠠᠨᠠᠭᠤᠯᠭ᠎ᠠ》 ᠶᠣᠰᠣᠭᠠᠷ ᠨᠠᠢᠷᠠᠭᠤᠯᠤᠨ ᠵᠣᠬᠢᠶᠠᠭ᠍ᠰᠠᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠲᠦᠯᠪᠦᠷᠢ ᠶ᠋ᠢᠨ ᠲᠥᠰᠦᠯ᠎ᠢ ᠶᠡᠬᠡ ᠬᠤᠷᠠᠯ᠎ᠳᠤ ᠳᠡᠪᠱᠢᠭᠦᠯᠦᠨ ᠬᠢᠨᠠᠨ ᠪᠠᠢᠴᠠᠭᠠᠯᠭᠠᠵᠤ᠂ ᠨᠠᠮ᠎ᠤᠨ ᠵᠣᠷᠢᠯᠲᠠ᠎ᠶ᠋ᠢ ᠬᠠᠤᠯᠢ᠎ᠳᠤ ᠲᠣᠭ᠍ᠲᠠᠭᠠᠭ᠍ᠰᠠᠨ ᠲᠡᠰ ᠲᠠᠷᠠᠭᠠᠯᠠᠯ᠎ᠢᠶᠠᠷ ᠳᠠᠮᠵᠢᠨ ᠤᠯᠤᠰ᠎ᠤᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠵᠤ᠂ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠤ᠋ ᠠᠵᠢᠯᠯᠠᠭᠠᠨ᠎ᠤ ᠬᠥᠲᠥᠯᠪᠦᠷᠢ ᠪᠣᠯᠭᠠᠬᠤ ᠪᠣᠯᠤᠨ᠎ᠠ᠃

ᠲᠠᠪᠤᠨ ᠵᠢᠯ᠂ ᠴᠠᠭ ᠬᠤᠭᠤᠴᠠᠭᠠᠨ ᠤ᠋ ᠬᠤᠪᠢᠶᠠᠷᠢ ᠲᠡᠮᠳᠡᠭ᠂ ᠨᠡᠩ ᠴᠤ᠌ ᠡᠷᠡᠯᠬᠡᠭᠯᠡᠨ ᠲᠡᠮᠡᠴᠡᠬᠦ ᠵᠢᠨ ᠬᠡᠮᠵᠢᠭᠦᠷ ᠮᠥᠨ᠃

ᠰᠠᠶᠢᠬᠠᠨ ᠰᠡᠭᠦᠯ ᠬᠤᠷᠢᠶᠠᠭ᠍ᠰᠠᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ —

ᠡᠨᠡ ᠪᠣᠯ 《ᠡᠨᠳᠡᠬᠢ ᠦᠵᠡᠮᠵᠢ ᠡᠳᠡᠭᠡᠳ ᠭᠤᠸ᠎ᠠ》 ᠵᠢᠨ ᠰᠦᠷᠯᠢᠭ ᠰᠠᠢᠬᠠᠨ ᠤ᠋ ᠬᠠᠭᠤᠳᠠᠰᠤ᠄ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭᠰᠡᠨ᠎ᠡᠴᠡ ᠠᠪᠤᠭᠠᠳ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ᠎ᠢ ᠡᠬᠢᠯᠡᠭᠦᠯᠦᠭᠰᠡᠨ ᠬᠦᠷᠲᠡᠯ᠎ᠡ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭᠰᠡᠨ᠎ᠡᠴᠡ ᠠᠪᠤᠭᠠᠳ ᠪᠦᠬᠦ᠌ ᠠᠷᠠᠳ ᠲᠦᠮᠡᠨ᠎ᠦ ᠬᠠᠮᠲᠤ ᠪᠡᠷ ᠪᠠᠶᠠᠵᠢᠬᠤ᠎ᠵᠢ ᠠᠬᠢᠭᠤᠯᠤᠬᠰᠠᠨ ᠬᠦᠷᠲᠡᠯ᠎ᠡ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠶᠡᠷᠦᠩᠬᠡᠢᠯᠡᠭᠰᠡᠨ ᠬᠦᠴᠦᠨ ᠱᠢᠨ᠎ᠡ ᠳᠡᠭ᠌ᠲᠡᠷ᠎ᠲᠦ ᠭᠠᠷᠪᠠ᠃

ᠡᠨᠡ ᠪᠣᠯ 《ᠪᠠᠷᠳᠠᠭᠠᠳᠤ ᠠᠭᠤᠯᠠ ᠲᠤᠭᠰᠢᠨ ᠲᠠᠪᠠᠯᠭᠠᠨ ᠢ᠋ ᠲᠤᠭᠤᠯᠤᠬᠰᠠᠨ》 ᠤᠷᠤᠭ᠍ᠰᠢᠯᠠᠯᠳᠠ᠄ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ ᠪᠣᠯᠤᠨ ᠤᠯᠤᠰ᠎ᠤᠨ ᠳᠣᠲᠣᠭᠠᠳᠤ᠎ᠶ᠋ᠢᠨ ᠪᠡᠷᠬᠡ ᠬᠠᠲᠠᠭᠤᠵᠢᠯᠲᠠᠢ ᠬᠦᠨᠳᠦ ᠨᠦᠰᠡᠷ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠮᠠᠨ᠎ᠤ ᠤᠯᠤᠰ ᠡᠷᠢᠨ ᠵᠠᠭᠤᠨ ᠳ᠋ᠤ ᠲᠤᠬᠢᠶᠠᠯᠳᠤᠭ᠎ᠠ ᠦᠬᠡᠢ ᠬᠢᠵᠢᠭ᠎ᠦᠨ ᠪᠠᠢᠳᠠᠯ᠎ᠤᠨ ᠬᠦᠨᠳᠦ ᠨᠣᠴᠢᠲᠠᠢ ᠴᠤᠬᠢᠯᠳᠠ᠎ᠶ᠋ᠢ ᠳᠠᠭᠠᠭᠠᠵᠤ᠂ ᠠᠯᠢ ᠤᠯᠠᠨ ᠬᠦᠨᠳᠦ ᠶᠡᠬᠡ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ᠎ᠢ ᠡᠬᠢᠯᠡᠬᠦᠯᠬᠦ ᠳ᠋ᠤ ᠪᠠᠲᠤ ᠪᠡᠬᠢ ᠪᠥᠭᠡᠳ ᠬᠦᠨ ᠵᠤᠵᠠᠭᠠᠨ ᠰᠠᠭᠤᠷᠢ ᠵᠢ ᠴᠤᠭᠴᠠᠯᠠᠵᠤ ᠦᠭᠴᠠᠢ᠃

ᠠᠭᠤᠯᠠᠨ ᠵᠠᠮ᠂ ᠤᠷᠬᠢᠯ ᠳ᠋ᠤ ᠠᠪᠠᠷᠢᠭ᠍ᠴᠢ᠎ᠶ᠋ᠢᠨ ᠤᠯᠠ ᠮᠥᠷ᠎ᠢ ᠭᠡᠷᠡᠴᠢᠯᠡᠨ᠎ᠡ; ᠤᠰᠤᠨ ᠤᠷᠤᠰᠬᠠᠯ᠂ ᠳᠠᠪᠠᠯᠭᠠᠨ ᠰᠥᠷᠦᠭ᠌ᠴᠢ᠎ᠶ᠋ᠢᠨ ᠣᠮᠣᠭ ᠵᠣᠷᠢᠭ᠎ᠢ ᠲᠡᠮᠳᠡᠭ᠌ᠯᠡᠨ᠎ᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍ ᠰᠠᠭᠤᠷᠢ᠎ᠶ᠋ᠢ ᠪᠡᠬᠢᠵᠢᠭᠦᠯᠦᠨ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ ᠮᠥᠨ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠴᠠᠭ ᠦᠶ᠎ᠡ᠎ᠶ᠋ᠢᠨ ᠤᠷᠤᠰᠭᠠᠯ᠎ᠤᠨ ᠡᠮᠦᠨ᠎ᠡ ᠵᠣᠭ᠍ᠰᠣᠵᠤ᠂ ᠠᠤᠭ᠎ᠠ ᠵᠢᠷᠤᠭ ᠲᠥᠰᠦᠪ᠎ᠢ ᠵᠢᠷᠤᠭ᠍ᠯᠠᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠢᠲᠡᠭᠡᠯ ᠵᠣᠷᠢᠭ᠎ᠢᠶᠠᠨ ᠪᠠᠲᠤᠳᠭᠠᠨ᠂ ᠡᠷᠡᠮᠡᠬᠡᠢᠯᠡᠨ ᠤᠷᠤᠭ᠍ᠰᠢᠯᠠᠵᠤ᠂ ᠦᠷᠭᠦᠯᠵᠢᠯᠡᠨ ᠲᠡᠮᠡᠴᠡᠬᠦ᠌ ᠳᠤᠮᠳᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠣ ᠱᠢᠨ᠎ᠡ ᠲᠦᠷᠰᠦ ᠪᠠᠢᠳᠠᠯ᠎ᠢ ᠲᠠᠰᠤᠷᠠᠯᠲᠠ ᠦᠭᠡᠢ ᠡᠭᠦᠳᠤᠨ ᠨᠡᠬᠡᠬᠡᠨ᠎ᠡ᠃

《ᠪᠢᠳᠡ ᠶᠠᠭ ᠡᠭᠦᠨ᠎ᠡᠴᠡ ᠡᠮᠦᠨᠡᠬᠢ ᠬᠥᠭ᠌ᠵᠢᠯᠲᠡ᠎ᠶ᠋ᠢᠨ ᠰᠠᠭᠤᠷᠢᠨ ᠳᠡᠭᠡᠷ᠎ᠡ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠲᠡᠦᠬᠡ᠎ᠶ᠋ᠢ ᠦᠷᠭᠦᠯᠵᠢᠯᠡᠨ ᠪᠢᠴᠢᠭ᠌ᠯᠡᠵᠦ᠍ ᠪᠠᠢᠨ᠎ᠠ》

2025 ᠣᠨ᠎ᠤ 12 ᠰᠠᠷ᠎ᠠ᠎ᠶ᠋ᠢᠨ 26 ᠎ᠤ᠋ ᠡᠳᠦᠷ᠎ᠦᠨ 10 ᠴᠠᠭ᠎ᠤᠨ ᠦᠶ᠎ᠡ᠎ᠪᠡᠷ᠂ 《ᠰᠡᠷᠭᠦᠨ ᠮᠠᠨᠳᠤᠯᠲᠠ ᠨᠡᠷᠡᠮᠵᠢᠲᠦ》 ᠤᠶᠤᠨᠲᠤ ᠬᠥᠳᠡᠯᠭᠡᠭᠦᠷᠲᠦ ᠴᠤᠪᠤᠭ᠎ᠠ ᠭᠠᠯᠳᠤ ᠲᠡᠷᠭᠡ ᠶᠠᠨ ᠠᠨ ᠥᠷᠲᠡᠭᠡ᠎ᠡᠴᠡ ᠮᠣᠷᠳᠠᠨ ᠭᠠᠷᠬᠤ ᠵᠢ ᠲᠠᠭᠠᠯᠳᠤᠨ᠂ ᠰᠢ ᠠᠨ᠎ᠡᠴᠡ ᠶᠠᠨ ᠠᠨ ᠬᠥᠷᠬᠥ᠌ ᠲᠦᠷᠭᠡᠨ᠎ᠦ ᠲᠡᠮᠦᠷ ᠵᠠᠮ ᠨᠡᠪᠲᠡᠷᠡᠨ ᠡᠵᠡᠩᠨᠡᠯᠲᠡ᠎ᠪᠡᠨ ᠡᠬᠢᠯᠡᠭᠦᠯᠵᠦ᠍᠂ ᠬᠤᠪᠢᠰᠭᠠᠯ᠎ᠤᠨ ᠭᠤᠯᠤᠮᠳᠠ ᠶᠠᠨ ᠠᠨ 《ᠲᠦᠷᠭᠡᠨ᠎ᠦ ᠲᠡᠮᠦᠷ ᠵᠠᠮ᠎ᠤᠨ ᠴᠠᠭ ᠦᠶ᠎ᠡ》 ᠳ᠋ᠤ ᠠᠯᠬᠤᠨ ᠣᠷᠣᠵᠤ᠂ ᠥᠷᠭᠡᠨ ᠠᠭᠤᠳᠠᠮ ᠪᠠᠷᠠᠭᠤᠨ ᠬᠡᠰᠡᠭ᠎ᠦᠨ ᠭᠠᠵᠠᠷ ᠣᠷᠣᠨ᠎ᠤ ᠪᠠᠰᠠ ᠨᠢᠬᠡᠨ ᠢᠷᠠᠭᠤ ᠬᠠᠭᠤᠳᠠᠰᠤ᠎ᠶ᠋ᠢ ᠪᠢᠴᠢᠭ᠌ᠯᠡᠪᠡ᠃

《ᠠᠷᠪᠠᠨ ᠳᠥᠷᠪᠡᠳᠦᠭᠡᠷ ᠲᠠᠪᠤᠨ ᠵᠢᠯ》 ᠠᠮᠵᠢᠯᠳᠠ ᠲᠠᠢ ᠪᠡᠷ ᠲᠡᠬᠦᠰᠬᠦ ᠲᠠᠱᠢᠷᠠᠮ᠎ᠳᠤ᠂ ᠮᠠᠨ᠎ᠤ ᠤᠯᠤᠰ᠎ᠤᠨ ᠲᠦᠷᠭᠡᠨ᠎ᠦ ᠲᠡᠮᠦᠷ ᠵᠠᠮ᠎ᠤᠨ ᠡᠵᠡᠩᠨᠡᠯᠲᠡ᠎ᠶ᠋ᠢᠨ ᠵᠠᠮ ᠱᠤᠭᠤᠮ᠎ᠤᠨ ᠪᠦᠬᠦ ᠣᠷᠳᠣ ᠨᠢ 5 ᠲᠦᠮᠡᠨ ᠺᠢᠯᠣᠮᠧᠲ᠋ᠷ᠎ᠢ ᠳᠠᠪᠠᠪᠠ; ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠎ᠤᠨ ᠭᠤᠤᠯ ᠨᠢᠷᠤᠭᠤᠪᠴᠢ ᠪᠣᠯᠬᠤ 《6 ᠲᠡᠩᠭᠡᠯᠢᠭ 7 ᠬᠣᠩᠭᠢᠯ 8 ᠨᠡᠪᠲᠡᠷᠡᠬᠦ᠌ ᠵᠠᠮ》 ᠢ᠋ ᠪᠠᠢᠭᠤᠯᠵᠤ ᠲᠠᠭᠤᠰᠬᠠᠬᠰᠠᠨ ᠨᠣᠷᠮ᠎ᠠ 90% ᠵᠢ ᠳᠠᠪᠠᠵᠠᠢ᠃

ᠡᠭᠦᠨ᠎ᠦ ᠬᠠᠮᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ 《ᠰᠠᠨᠠᠭᠤᠯᠭ᠎ᠠ》 ᠳ᠋ᠤ ᠱᠢᠨ᠎ᠡ ᠪᠠᠢᠷᠢᠯᠠᠭᠤᠯᠤᠯᠲᠠ ᠬᠢᠵᠦ᠍᠂ 《ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ》᠂ 《ᠪᠠᠭᠤᠷᠠᠢ ᠭᠠᠵᠠᠷ ᠣᠷᠣᠨ᠎ᠢ ᠬᠠᠮᠤᠷᠬᠤ ᠪᠠ ᠲᠡᠷᠬᠡ ᠬᠦᠷᠴᠤ ᠨᠡᠪᠲᠡᠷᠡᠬᠦ᠌ ᠪᠠᠲᠤᠯᠠᠭ᠎ᠠ᠎ᠶ᠋ᠢ ᠴᠢᠩᠭᠠᠳᠭᠠᠨ᠎ᠠ》 ᠭᠡᠪᠡ᠃

ᠠᠯᠢᠪᠠ ᠠᠭᠤᠤ ᠶᠡᠬᠡ ᠠᠮᠵᠢᠯᠲᠠ ᠪᠦᠲᠦᠮᠵᠢ ᠪᠣᠯ ᠴᠥᠮ ᠦᠷᠭᠦᠯᠵᠢᠯᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠠᠯᠢᠪᠠ ᠠᠭᠤᠤ ᠶᠡᠬᠡ ᠦᠢᠯᠡᠰ᠎ᠢ ᠴᠥᠮ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠳᠤᠮᠳᠠ ᠠᠬᠢᠭᠤᠯᠬᠤ ᠴᠢᠬᠤᠯᠠᠲᠠᠢ᠃

ᠴᠠᠭ ᠮᠥᠴᠡ᠂ ᠲᠤᠢᠯ᠎ᠤᠨ ᠶᠡᠷᠦ᠍ ᠪᠤᠰᠤ᠎ᠶ᠋ᠢᠨ ᠥᠩᠭᠡᠷᠡᠯᠲᠡ᠎ᠶ᠋ᠢ ᠭᠡᠷᠡᠴᠢᠯᠡᠨ᠎ᠡ᠃

ᠨᠢᠭᠡᠨ ᠵᠤᠷᠪᠤᠰ ᠲᠡᠭᠡᠭᠰᠢᠯᠡᠬᠦ ᠮᠤᠷᠤᠢ ᠱᠤᠭᠤᠮ ᠨᠢ 5 ᠵᠢᠯ ᠤ᠋ᠨ ᠯᠤᠳᠤ ᠶᠡᠭᠡ ᠲᠠᠪᠠᠯᠳᠠ ᠵᠢ ᠲᠡᠮᠳᠡᠭᠯᠡᠪᠡ᠄ ᠮᠠᠨ᠎ᠤ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠵᠠᠯᠭᠠᠭ᠎ᠠ ᠪᠡᠷ  110 ᠲᠦᠮᠡᠨ ᠳ᠋ᠦᠩᠱᠢᠭᠤᠷ ᠲᠥᠭᠥᠷᠢᠭ᠂ 120 ᠲᠦᠮᠡᠨ ᠳ᠋ᠦᠩᠱᠢᠭᠤᠷ ᠲᠥᠭᠥᠷᠢᠭ᠂ 130 ᠲᠦᠮᠡᠨ ᠳ᠋ᠦᠩᠱᠢᠭᠤᠷ ᠲᠥᠭᠥᠷᠢᠭ᠂ 140 ᠲᠦᠮᠡᠨ ᠳ᠋ᠦᠩᠱᠢᠭᠤᠷ ᠲᠥᠭᠥᠷᠢᠭ᠎ᠦᠨ ᠪᠣᠭᠣᠮᠲᠠ᠎ᠶ᠋ᠢ ᠳᠠᠪᠠᠵᠠᠶ; ᠬᠥᠮᠦᠨ ᠳᠤᠮᠳᠠᠴᠢ᠎ᠶ᠋ᠢᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ 3 ᠵᠢᠯ ᠳᠠᠷᠠᠭᠠᠯᠠᠨ 1.3 ᠲᠦᠮᠡᠨ ᠳ᠋ᠣᠯᠯᠠᠷ᠎ᠢ ᠳᠠᠪᠠᠪᠠ; ᠠᠮᠤ ᠪᠤᠳᠠᠭᠠᠨ᠎ᠤ ᠤᠨᠠᠯᠲᠠ ᠬᠣᠶᠠᠷ ᠵᠢᠯ ᠳᠠᠷᠠᠭᠠᠯᠠᠨ 1.4 ᠲᠦᠮᠡᠨ ᠳ᠋ᠦᠩᠱᠢᠭᠤᠷ ᠵᠢᠩ᠎ᠳᠦ ᠬᠦᠷᠴᠡᠶ; ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ 16 ᠵᠢᠯ ᠳᠠᠷᠠᠭᠠᠯᠠᠨ ᠳᠡᠯᠡᠬᠡᠶ᠎ᠳᠦ ᠲᠦᠷᠦᠬᠦᠯᠡᠪᠠ ᠁

ᠨᠢᠭᠡᠨ ᠬᠤᠪᠢ ᠰᠦᠷᠯᠢᠭ ᠰᠠᠢᠬᠠᠨ ᠦᠵᠡᠮᠵᠢᠳᠤ  ᠵᠢᠷᠤᠭ ᠨᠢ 5 ᠵᠢᠯ᠎ᠦᠨ ᠦᠷᠨᠢᠭᠦᠨ ᠬᠦᠭᠵᠢᠯᠳᠡ᠎ᠶ᠋ᠢ ᠳᠡᠯᠭᠡᠨ ᠦᠵᠡᠭᠦᠯᠪᠠ᠄ ᠱᠢᠨ᠎ᠡ᠎ᠶ᠋ᠢ ᠡᠭᠦᠳᠬᠦ᠌ ᠪᠡᠷ ᠬᠥᠳᠡᠯᠭᠡᠭᠦᠷ ᠪᠤᠯᠭᠠᠬᠤ ᠨᠡᠩ ᠢᠳᠡ ᠬᠦᠴᠦᠨ᠎ᠲᠡᠶ ᠪᠤᠯᠵᠤ᠂ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ ᠳᠠᠪᠠᠭᠤᠯᠢᠭ ᠲᠠᠭᠠᠨ ᠰᠠᠭᠤᠷᠢᠯᠠᠨ ᠬᠦᠭᠵᠢᠵᠦ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠬᠦᠰᠡᠯ ᠡᠷᠡᠮᠡᠯᠵᠡᠯ᠎ᠡᠴᠡ᠎ᠪᠡᠨ ᠪᠣᠳᠠᠲᠤ ᠠᠬᠤᠢ ᠪᠣᠯᠤᠨ ᠬᠤᠪᠢᠷᠠᠵᠤ᠂ ᠥᠭᠡᠷᠡᠴᠢᠯᠡᠯᠲᠡ ᠨᠡᠬᠡᠬᠡᠯᠳᠡ ᠳ᠋ᠤ ᠴᠣ ᠱᠢᠨ᠎ᠡ ᠳᠦᠷᠰᠦ ᠪᠠᠢᠳᠠᠯ᠎ᠢᠯᠡᠷᠡᠵᠤ᠂ ᠤᠯᠤᠰ᠎ᠤᠨ ᠵᠠᠰᠠᠯᠲᠠ᠎ᠶ᠋ᠢᠨ ᠦᠷ᠎ᠡ ᠠᠱᠢᠭ ᠦᠷᠭᠦᠯᠵᠢᠯᠡᠨ ᠴᠢᠩᠭᠠᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ ᠤᠯᠠᠮ ᠴᠢᠨᠠᠭ᠍ᠰᠢᠳᠠ ᠳᠡᠭᠡᠭ᠌ᠰᠢᠯᠡᠵᠦ᠍᠂ ᠪᠦᠬᠦ᠌ ᠠᠷᠠᠳ ᠲᠦᠮᠡᠨ᠎ᠦ ᠬᠠᠮᠲᠤ ᠪᠡᠷ ᠪᠠᠶᠠᠵᠢᠬᠤ ᠬᠠᠷᠠᠯᠳᠠ ᠨᠢᠭᠡ ᠨᠢᠭᠡ ᠠᠯᠬᠤᠮ᠎ᠢᠶᠠᠷ ᠯᠠᠪᠳᠠᠭᠤᠨ ᠪᠠᠳᠤᠳᠠᠢ ᠤᠷᠤᠬ᠍ᠰᠢ ᠠᠬᠢᠵᠤ ᠪᠠᠢᠨ᠎ᠠ ᠁

2025 ᠣᠨ᠎ᠤ ᠡᠴᠦᠰ᠎ᠢᠶᠡᠷ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ᠃ 《ᠠᠷᠪᠠᠨ ᠳᠥᠷᠪᠡᠳᠦᠭᠡᠷ ᠲᠠᠪᠤᠨ ᠵᠢᠯ》 ᠢ᠋ ᠡᠷᠭᠢᠴᠡᠭᠦᠯᠵᠤ᠂ ᠶᠡᠷᠦᠩᠬᠡᠶ ᠱᠦᠵᠢ ᠰᠢ ᠵᠢᠨ ᠫᠢᠩ᠄《ᠪᠢᠳᠡ ᠡᠯ᠎ᠡ ᠵᠦᠶ᠋ᠯ᠎ᠦᠨ ᠴᠤᠬᠢᠯᠳᠠ ᠪᠠ  ᠥᠷᠢᠰᠥᠯᠳᠦᠭᠡᠨ᠎ᠢ ᠪᠦᠲᠦᠮᠵᠢᠲᠡᠶ ᠠᠷᠭᠠᠴᠠᠭᠠᠵᠤ᠂ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ᠎ᠤ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ》 ᠭᠡᠵᠦ ᠰᠡᠳᠬᠢᠯ ᠲᠤᠭᠳᠤᠯᠤᠨ ᠬᠡᠯᠡᠪᠡ᠃

ᠲᠠᠪᠤᠨ ᠵᠢᠯ ᠡᠷᠡᠮᠡᠬᠡᠢᠯᠡᠨ ᠤᠷᠤᠭ᠍ᠰᠢᠯᠠᠵᠤ᠂ ᠨᠢᠭᠡ ᠨᠢᠭᠡ ᠠᠯᠬᠤᠮ᠎ᠢᠶᠠᠷ ᠯᠠᠪᠳᠠᠭᠤᠨ ᠪᠠᠲᠤᠲᠠᠢ ᠠᠵᠢᠯᠯᠠᠵᠤ᠂ ᠪᠤᠤᠬᠢᠢ᠎ᠠ ᠳᠠᠮᠵᠢᠭᠤᠯᠤᠨ ᠲᠡᠮᠡᠴᠡᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠦᠮᠡᠨ ᠦᠵᠡᠮᠵᠢ ᠲᠡᠬᠦᠰ ᠪᠦᠷᠢᠳᠦᠭᠰᠡᠨ ᠳᠦᠷᠰᠦ ᠪᠠᠢᠳᠠᠯ᠎ᠢ ᠢᠯᠡᠷᠡᠭᠦᠯᠪᠡ —

ᠵᠢᠶᠠᠩᠰᠦ᠎ᠶ᠋ᠢᠨ ᠨᠠᠨᠲ᠋ᠦ᠋ᠩ ᠳ᠋ᠤ᠂ ᠲᠠᠪᠤᠨ ᠠᠭᠤᠯᠠ ᠵᠠᠯᠭᠠᠯᠳᠤᠨ ᠦᠷᠬᠦᠯᠵᠢᠯᠡᠭᠰᠡᠨ ᠭᠠᠵᠠᠷ ᠣᠷᠣᠨ᠎ᠤ ᠮᠦᠷᠡᠨ᠎ᠤ ᠬᠦᠪᠡᠭᠡ᠎ᠳ᠋ᠤ ᠵᠤᠭᠰᠤᠨ ᠠᠯᠤᠰ᠎ᠢ ᠪᠠᠷᠠᠯᠠᠪᠠᠯ᠂ ᠤᠰᠤᠨ ᠤᠷᠤᠰᠬᠠᠯ ᠲᠤᠯᠬᠢᠶᠠᠯᠠᠨ ᠲᠠᠪᠠᠯᠭᠠᠯᠠᠵᠤ᠂ ᠮᠥᠷᠡᠨ᠎ᠦ ᠡᠷᠭᠢ ᠴᠡᠯ ᠨᠤᠭᠤᠭᠠᠨ᠃

2020 ᠣᠨ᠎ᠤ 11 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠲᠠᠷᠠᠭ᠎ᠠ ᠠᠩᠬ᠎ᠠ ᠤᠳᠠᠭ᠎ᠠ ᠤᠯᠤᠰ᠎ᠤᠨ ᠳᠣᠲᠣᠭᠠᠳᠤ᠎ᠳᠤ ᠱᠢᠨᠵᠢᠯᠡᠨ ᠪᠠᠢᠴᠠᠭᠠᠬᠤ ᠳ᠋ᠠᠭᠠᠨ᠂ ᠶᠡᠷᠦᠩᠬᠡᠢ ᠱᠦᠵᠢ ᠰᠢ ᠵᠢᠨ ᠫᠢᠩ ᠬᠥᠬᠡᠮᠥ᠋ᠷᠡᠨ ᠪᠣᠯᠤᠨ ᠲᠠᠲᠠᠮᠠᠯ ᠭᠣᠣᠯ᠎ᠤᠨ ᠡᠷᠭᠢ ᠳᠠᠭᠠᠤ᠂ ᠤᠰᠤᠨ ᠠᠱᠢᠭ᠍ᠯᠠᠯᠲᠠ᠎ᠶ᠋ᠢᠨ ᠬᠦᠢᠰᠦ ᠪᠠᠷᠢᠯᠭ᠎ᠠ ᠵᠡᠷᠭᠡ ᠭᠠᠵᠠᠷ ᠲᠤ᠌ ᠭᠦᠨᠵᠡᠭᠡᠢᠷᠡᠨ ᠪᠠᠢᠴᠠᠭᠠᠨ ᠰᠤᠳᠤᠯᠵᠤ᠂ ᠨᠠᠨᠵᠢᠩ᠎ᠳᠤ ᠬᠥᠬᠡᠮᠥ᠋ᠷᠡᠨ᠎ᠦ ᠠᠵᠤ ᠠᠬᠤᠢ᠎ᠶ᠋ᠢᠨ ᠪᠦᠰᠡ᠎ᠶ᠋ᠢᠨ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ᠃

ᠢᠷᠡᠭᠡᠳᠦᠢ᠎ᠳᠦ ᠬᠠᠨᠳᠤᠵᠤ᠂ ᠶᠡᠷᠦᠩᠬᠡᠢ ᠱᠦᠵᠢ ᠰᠢ ᠵᠢᠨ ᠫᠢᠩ ᠬᠥᠬᠡᠮᠥ᠋ᠷᠡᠨ᠎ᠦ ᠠᠵᠤ ᠠᠬᠤᠢ᠎ᠶ᠋ᠢᠨ ᠪᠦᠰᠡ᠎ᠶ᠋ᠢᠨ ᠬᠥᠭ᠌ᠵᠢᠯᠲᠡ᠎ᠳᠦ ᠱᠠᠭᠠᠷᠳᠠᠯᠭ᠎ᠠ ᠳᠤᠷᠠᠳᠪᠠ᠄ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠦᠢᠯᠡᠳᠦᠯᠭᠡᠵᠢᠭᠦᠯᠬᠦ᠌᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠬᠦ ᠬᠡᠷᠡᠭᠳᠡᠢ᠃

ᠬᠦᠬᠡᠮᠥ᠋ᠷᠡᠨ ᠳᠣᠷᠣᠨ᠎ᠠ ᠵᠢ ᠴᠢᠭᠯᠡᠨ ᠡᠳᠦᠷ ᠰᠦᠨᠢ ᠵᠤᠬᠰᠤᠯ ᠦᠬᠡᠢ ᠤᠷᠤᠰᠴᠤ᠂ ᠴᠠᠭ ᠢᠮᠠᠭᠳᠠ ᠭᠦᠨ ᠭᠦᠨᠵᠡᠭᠡᠶ ᠬᠤᠪᠢᠷᠠᠯᠲᠠ᠎ᠶ᠋ᠢ ᠭᠡᠷᠡᠴᠢᠯᠡᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠴᠦᠰ ᠲᠤ᠌᠂ ᠬᠥᠬᠡᠮᠥ᠋ᠷᠡᠨ᠎ᠦ ᠠᠵᠤ ᠠᠬᠤᠶ᠎ᠶ᠋ᠢᠨ ᠪᠦᠰᠡ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠦᠨ ᠪᠥᠬᠥ᠌ ᠤᠯᠤᠰ᠎ᠲᠠᠬᠢ ᠡᠵᠡᠯᠡᠬᠦ ᠬᠤᠪᠢ᠎ᠶ᠋ᠢᠨ ᠵᠢᠩ 47.3% ᠪᠣᠯᠲᠠᠯ᠎ᠠ ᠳᠡᠭᠡᠭ᠌ᠰᠢᠯᠡᠵᠦ᠍᠂ ᠴᠢᠨᠠᠷ ᠰᠠᠢᠲᠠᠶ ᠤᠰᠤᠨ᠎ᠤ ᠴᠢᠨᠠᠷ᠎ᠤᠨ ᠬᠠᠷᠢᠴᠠᠯ 96.5% ᠪᠣᠯᠲᠠᠯ᠎ᠠ ᠳᠡᠭᠡᠭ᠌ᠰᠢᠯᠡᠵᠦ᠍᠂ ᠮᠠᠱᠢᠨ ᠲᠡᠷᠭᠡ ᠦᠶ᠋ᠯᠡᠳᠬᠦ᠌᠂ ᠡᠯᠧᠺᠲ᠋ᠷᠣᠨ ᠮᠡᠳᠡᠭᠡ ᠵᠠᠩᠭᠢ ᠵᠡᠷᠭᠡ ᠨᠢᠭᠡ ᠪᠦᠯᠦᠭ ᠳᠡᠯᠡᠬᠡᠶ᠎ᠶ᠋ᠢᠨ ᠲᠠᠰ᠎ᠤᠨ ᠠᠵᠤ ᠦᠶ᠋ᠯᠡᠰ᠎ᠦᠨ ᠪᠦᠯᠦᠭ᠌ᠵᠢᠯ ᠪᠤᠢ ᠪᠤᠯᠵᠤ ᠬᠥᠭ᠌ᠵᠢᠨ ᠮᠠᠨᠳᠤᠪᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭ᠎ᠠ ᠪᠣᠯ ᠮᠠᠨ᠎ᠤ ᠤᠯᠤᠰ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭ᠌ᠰᠡᠨ᠎ᠦ ᠳᠠᠷᠠᠭ᠎ᠠ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠭᠰᠡᠨ ᠠᠩᠬᠠᠳᠤᠭᠠᠷ ᠲᠠᠪᠤᠨ ᠵᠢᠯ ᠪᠣᠯᠤᠨ᠎ᠠ᠂ ᠮᠠᠨ᠎ᠤ ᠤᠯᠤᠰ ᠣᠯᠳᠠᠰᠢ ᠦᠭᠡᠢ ᠬᠤᠪᠤᠷᠬᠠᠨ ᠡᠨᠡ ᠠᠵᠠ ᠲᠣᠬᠢᠶᠠᠯ᠎ᠢ ᠠᠮᠵᠢᠵᠤ᠂ ᠡᠯ᠎ᠡ ᠵᠦᠢᠯ᠎ᠦᠨ ᠥᠷᠢᠰᠥᠯᠳᠦᠭᠡᠨ᠎ᠢ ᠲᠠᠭᠠᠭᠠᠵᠤ᠂ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠥᠷᠭᠡᠳᠭᠡᠬᠰᠡᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃

ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ ᠨᠢᠭᠡᠨᠲᠡ ᠬᠤᠪᠢᠷᠠᠵᠤ᠂ ᠬᠥᠭ᠌ᠵᠢᠯᠲᠡ᠎ᠶ᠋ᠢᠨ ᠳᠤᠮᠳᠠᠬᠢ ᠵᠥᠷᠢᠴᠡᠯ ᠪᠠ ᠠᠰᠠᠭᠤᠳᠠᠯ ᠨᠢ ᠬᠥᠭ᠌ᠵᠢᠯᠲᠡ᠎ᠶ᠋ᠢᠨ ᠶᠠᠰᠤ ᠴᠢᠨᠠᠷ ᠳᠡᠭᠡᠷ᠎ᠡ ᠲᠥᠪᠯᠡᠷᠡᠨ ᠢᠯᠡᠷᠡᠪᠠ; ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢᠨ ᠡᠮᠦᠨ᠎ᠡ᠂ ᠭᠠᠳᠠᠭᠠᠳᠤ ᠣᠷᠴᠢᠨ᠎ᠤ ᠲᠠᠭᠠᠷᠢᠯᠳᠠ  ᠪᠠ ᠥᠷᠢᠰᠥᠯᠳᠦᠭᠡᠨ᠎ᠢ ᠢᠳᠡᠪᠬᠢᠲᠡᠢ ᠠᠷᠭᠠᠴᠠᠭᠠᠬᠤ᠎ᠶ᠋ᠢᠨ ᠵᠠᠩᠭᠢᠯᠠᠭ᠎ᠠ ᠨᠢ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠪᠤᠢ᠃

《ᠬᠤᠤᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ ᠵᠣᠭ᠍ᠰᠣᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠢᠷᠡᠭᠡᠳᠦᠶ᠎ᠶ᠋ᠢᠨ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠱᠢᠵᠢᠮ ᠢ᠋ ᠲᠦᠰᠦᠭᠡᠯᠡᠨ ᠵᠢᠷᠤᠬᠯᠠᠪᠠ᠄

《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠤ ᠠᠵᠤ ᠠᠬᠤᠶ ᠨᠡᠢᠭᠡᠮ᠎ᠦᠨ ᠬᠥᠭ᠌ᠵᠢᠯᠲᠡ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠬᠤ ᠬᠡᠷᠡᠭ᠌ᠲᠡᠶ》᠂ 《ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠠ᠎ᠶ᠋ᠢ ᠣᠨᠣᠪᠴᠢᠲᠠᠶ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠬᠡᠷᠡᠭ᠌ᠲᠡᠶ》᠃

2022 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ 《ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ》 ᠭᠡᠵᠦ᠍ ᠲᠣᠳᠣᠷᠬᠠᠢ ᠳᠤᠷᠠᠳᠪᠠ᠃

ᠵᠤᠷᠢᠬᠰᠠᠨ ᠳ᠋ᠠᠭᠠᠨ ᠵᠠᠪᠠᠯ ᠬᠦᠷᠬᠦ ᠪᠡᠷ ᠱᠢᠨᠲᠠᠷᠠᠰᠢ ᠦᠭᠡᠢ ᠴᠢᠷᠮᠠᠢᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠨ᠎ᠠ᠃

ᠲᠠᠪᠤᠨ ᠵᠢᠯ᠎ᠦᠨ ᠲᠤᠷᠰᠢ᠂ ᠶᠡᠷᠦᠩᠬᠡᠢ ᠱᠦᠵᠢ ᠰᠢ ᠵᠢᠨ ᠫᠢᠩ᠎ᠦᠨ ᠱᠢᠨᠵᠢᠯᠡᠨ ᠪᠠᠢᠴᠠᠭᠠᠭ᠍ᠰᠠᠨ ᠤᠯᠠ ᠮᠥᠷ ᠪᠦᠬᠦ ᠤᠯᠤᠰ᠎ᠤᠨ ᠡᠯ᠎ᠡ ᠭᠠᠵᠠᠷ ᠲᠤ᠌ ᠲᠦᠬᠡᠵᠤ᠂ ᠡᠯ᠎ᠡ ᠭᠠᠵᠠᠷ᠎ᠤᠨ ᠬᠢᠨ᠎ᠦ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ; ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠯᠠᠨ ᠤᠳᠠᠭ᠎ᠠ ᠲᠤᠰᠭᠠᠢ ᠰᠡᠳᠦᠪᠲᠦ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠤᠳᠠᠭᠠᠨ ᠳᠠᠭᠠᠭᠠᠮᠠᠭᠠᠢ᠎ᠪᠠᠷ ᠵᠢᠳᠬᠦᠨ ᠴᠢᠷᠮᠠᠢᠵᠤ᠂ ᠠᠯᠬᠤᠮ ᠠᠯᠬᠤᠮ᠎ᠢᠶᠠᠷ ᠭᠦᠨᠵᠡᠭᠡᠢᠷᠡᠪᠡ; ᠮᠠᠨ᠎ᠤ ᠤᠯᠤᠰ᠎ᠤᠨ ᠣᠳᠣᠬᠢᠴᠢᠯᠡᠯᠳᠡ ᠵᠢᠨ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠠᠬᠢ ᠱᠢᠨ᠎ᠡ᠎ᠶ᠋ᠢ ᠡᠭᠦᠳᠬᠦ᠌᠎ᠶ᠋ᠢᠨ ᠭᠣᠣᠯᠯᠠᠬᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠳ᠋ᠤ ᠠᠩᠬᠠᠷᠤᠯ᠎ᠢᠶᠠᠨ ᠲᠥᠪᠯᠡᠷᠡᠭᠦᠯᠵᠤ ᠤᠳᠠᠭᠠᠨ ᠳᠠᠭᠠᠭᠠᠮᠠᠭᠠᠢ ᠬᠦᠴᠦᠯᠡᠪᠡ; ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠢ ᠬᠤᠷᠠᠯᠳᠤᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠪᠠᠢᠷᠢᠯᠠᠭᠤᠯᠪᠠ ᠁

ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ᠎ᠳᠦ ᠦᠢᠯᠡᠳᠪᠦᠷᠢᠯᠡᠯ᠎ᠦᠨ ᠬᠦᠴᠦᠨ᠎ᠦ ᠰᠢᠨ᠎ᠠ ᠤᠨᠤᠯ᠎ᠢᠶᠠᠷ ᠵᠢᠯᠤᠭᠤᠳᠤᠭᠤᠯᠬᠤ ᠬᠡᠷᠡᠭ᠌ᠲᠡᠢ᠃ 2024 ᠣᠨ᠎ᠤ 1 ᠰᠠᠷ᠎ᠠ᠎ᠳᠤ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠨᠢ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠪᠡ᠃ ᠶᠡᠷᠦᠩᠬᠡᠢ ᠱᠦᠵᠢ ᠰᠢ ᠵᠢᠨ ᠫᠢᠩ᠄《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ᠌ ᠴᠡᠭ ᠮᠥᠨ᠂ ᠡᠷᠬᠡᠪᠰᠢ ᠱᠢᠨ᠎ᠡ᠎ᠶ᠋ᠢ ᠡᠭᠦᠳᠬᠦ᠌ ᠡᠨᠡ ᠬᠦ᠌ ᠶᠡᠬᠡ ᠶᠠᠪᠤᠳᠠᠯ᠎ᠢ ᠦᠷᠭᠦᠯᠵᠢᠯᠡᠨ ᠰᠠᠢᠲᠤᠷ ᠬᠢᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠲᠦᠷᠭᠡᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ》 ᠭᠡᠵᠦ ᠴᠢᠬᠤᠯᠠᠴᠢᠯᠠᠪᠠ᠃

ᠣᠷᠣᠨ ᠨᠤᠲᠤᠭ᠎ᠲᠤ ᠱᠢᠨᠵᠢᠯᠡᠨ ᠪᠠᠢᠴᠠᠭᠠᠬᠤ᠎ᠳᠠᠭᠠᠨ ᠠᠩᠬ᠎ᠠ ᠤᠳᠠᠭ᠎ᠠ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠳᠤᠷᠠᠳᠤᠭ᠍ᠰᠠᠨ᠎ᠡᠴᠡ ᠠᠪᠤᠭᠠᠳ  ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠬᠰᠠᠨ ᠪᠠ ᠴᠢᠬᠤᠯᠠ ᠶᠡᠬᠡ ᠪᠠᠢᠷᠢᠯᠠᠭᠤᠯᠤᠯᠲᠠ ᠬᠢᠬᠰᠡᠨ ᠬᠦᠷᠲᠡᠯ᠎ᠡ᠂ ᠶᠡᠷᠦᠩᠬᠡᠢ ᠱᠦᠵᠢ 《ᠶᠠᠭᠤ᠎ᠶ᠋ᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠭᠡᠬᠦ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠡᠷᠬᠢᠨ ᠬᠥᠭ᠌ᠵᠢᠭᠦᠯᠬᠦ᠌ ᠪᠤᠢ》 ᠭᠡᠬᠦ᠌ ᠴᠠᠭ ᠦᠶ᠎ᠡ᠎ᠶ᠋ᠢᠨ ᠰᠡᠳᠦᠪ᠎ᠢ ᠭᠦᠨᠵᠡᠭᠡᠢ ᠬᠠᠷᠢᠭᠤᠯᠪᠠ᠃

ᠦᠶ᠋ᠯᠡᠳᠦᠯᠭᠡᠵᠢᠭᠦᠯᠬᠦ᠌᠂ ᠲᠠᠨᠢᠬᠤ᠂ ᠳᠠᠬᠢᠨ ᠦᠶ᠋ᠯᠡᠳᠦᠯᠭᠡᠵᠢᠭᠦᠯᠬᠦ᠌᠂ ᠳᠠᠬᠢᠨ ᠲᠠᠨᠢᠬᠤ᠂ ᠵᠤᠭ᠍ᠰᠤᠰᠢ ᠦᠭᠡᠢ ᠤᠷᠤᠭ᠍ᠰᠢᠯᠠᠨ᠂ ᠲᠠᠰᠤᠷᠠᠯᠳᠠ ᠦᠭᠡᠢ ᠰᠦᠪᠡᠭ᠌ᠴᠢᠯᠡᠪᠡ᠃

ᠲᠠᠪᠤᠨ ᠵᠢᠯ᠎ᠦᠨ ᠲᠤᠷᠰᠢ᠂ ᠴᠠᠭ ᠦᠶ᠎ᠡ᠎ᠶ᠋ᠢᠨ ᠠᠰᠠᠭᠤᠯᠲᠠ᠎ᠳᠤ ᠬᠠᠷᠢᠭᠤᠯᠲᠠ ᠥᠭ᠌ᠴᠦ᠂ ᠶᠡᠷᠦᠩᠬᠡᠢ ᠱᠦᠵᠢ ᠰᠢ ᠵᠢᠨ ᠫᠢᠩ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠨᠳᠦᠰᠦᠨ ᠵᠢᠷᠤᠮᠯᠠᠯ ᠬᠠᠩᠭᠠᠪᠠ᠃

ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠪᠠ;

ᠰᠣᠶᠣᠯ᠎ᠢᠶᠠᠷ ᠠᠵᠤ ᠠᠬᠤᠶ ᠨᠡᠢᠭᠡᠮ᠎ᠦᠨ ᠬᠥᠭ᠌ᠵᠢᠯᠲᠡ ᠳ᠋ᠤ ᠬᠦᠴᠦᠨ ᠨᠡᠮᠡᠷᠢᠯᠡᠵᠤ᠂ ᠰᠣᠶᠣᠯ ᠢᠷᠭᠡᠨᠱᠢᠯ ᠪᠠ ᠠᠵᠤ ᠠᠬᠤᠶ ᠰᠣᠯᠪᠢᠴᠠᠨ ᠭᠡᠷᠡᠯᠲᠦᠬᠦᠯᠵᠦ᠍᠂ ᠬᠠᠷᠢᠯᠴᠠᠨ ᠠᠬᠢᠭᠤᠯᠵᠤ ᠬᠠᠮᠲᠤ᠎ᠪᠠᠷ ᠣᠷᠣᠱᠢᠪᠠ;

ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠶ ᠰᠡᠷᠭᠡᠢᠯᠡᠨ ᠠᠷᠢᠯᠭᠠᠪᠠ;

᠁ ᠁

ᠲᠠᠪᠤᠨ ᠵᠢᠯ᠎ᠦᠨ ᠲᠤᠷᠰᠢ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠬᠥᠭ᠌ᠵᠢᠯᠲᠡ᠎ᠶ᠋ᠢᠨ ᠪᠦᠬᠦ᠌ ᠶᠠᠪᠤᠴᠠ ᠪᠠ ᠡᠯ᠎ᠡ ᠬᠦᠷᠢᠶᠡᠨ᠎ᠳᠦ ᠲᠤᠭᠤᠱᠢᠯᠠᠭᠤᠯᠪᠠ᠃

《ᠱᠢᠨ᠎ᠡ ᠵᠢ ᠡᠭᠦᠳᠬᠦ》 ᠠᠯᠬᠤᠭ᠎ᠠ ᠨᠡᠩ ᠪᠠᠲᠤ ᠪᠡᠬᠢ ᠪᠣᠯᠪᠠ᠄ ᠲᠤᠮᠤ ᠤᠯᠤᠰ᠎ᠤᠨ ᠰᠤᠳᠤᠨ ᠲᠣᠨᠣᠭ᠍ᠯᠠᠯ 《ᠲᠩᠷᠢ᠎ᠳᠦ ᠭᠠᠷᠴᠤ᠌ ᠳᠠᠯᠠᠢ᠎ᠳᠦ ᠣᠷᠣᠵᠤ》᠂ ᠵᠣᠬᠢᠶᠠᠮᠠᠯ ᠤᠶᠤᠨ ᠴᠢᠳᠠᠪᠤᠷᠢ᠂ ᠺᠸᠠᠨ᠋ᠲ᠎ᠤᠨ ᠴᠢᠮᠡᠭᠡ ᠬᠣᠯᠪᠣᠭ᠎ᠠ ᠵᠡᠷᠭᠡ ᠬᠣᠱᠢᠭᠤᠷᠠᠯ ᠬᠦᠷᠢᠶᠡᠨ᠎ᠳᠦ ᠦᠯᠡᠮᠵᠢ ᠦᠷ᠎ᠡ ᠪᠦᠲᠦᠭᠡᠯ ᠣᠯᠵᠤ᠂ ᠰᠤᠳᠤᠯᠤᠨ ᠨᠡᠭᠡᠭᠡᠬᠦ᠌ ᠠᠵᠢᠯᠲᠠᠨ᠎ᠤ ᠶᠡᠷᠦᠩᠬᠡᠢ ᠬᠡᠮᠵᠢᠶ᠎ᠡ ᠳᠡᠯᠡᠬᠡᠢ᠎ᠶ᠋ᠢᠨ ᠨᠢᠭᠡᠳᠦᠭᠡᠷ᠎ᠲᠦ ᠣᠷᠣᠵᠤ᠂ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠵᠢᠭᠠᠯᠲᠠ ᠲᠣᠭ᠎ᠠ᠎ᠶ᠋ᠢᠨ ᠵᠢᠭ᠍ᠰᠠᠭᠠᠯᠲᠠ᠎ᠳᠤ ᠠᠩᠬ᠎ᠠ ᠤᠳᠠᠭ᠎ᠠ ᠡᠮᠦᠨ᠎ᠡ ᠠᠷᠪᠠ᠎ᠳᠤ ᠣᠷᠣᠪᠠ;

《ᠪᠣᠬᠢᠷᠲᠤᠯ ᠥᠬᠡᠶ》 ᠶ᠋ᠢᠨ ᠲᠠᠪᠢᠰᠬᠡᠷ ᠥᠩᠭᠡ ᠨᠠᠩ ᠢᠯᠡ ᠲᠣᠳᠣ ᠪᠣᠯᠪᠠ᠄ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ᠂ ᠬᠥᠭ᠌ᠵᠢᠯᠲᠡ᠎ᠪᠡᠷ ᠬᠠᠮᠤᠭ᠎ᠤᠨ ᠲᠦᠷᠭᠡᠨ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠱᠢᠰᠲ᠋ᠧᠮ᠎ᠢ ᠪᠠᠢᠭᠤᠯᠵᠤ᠂ ᠪᠥᠬᠥ᠌ ᠪᠥᠮᠪᠥᠷᠴᠡᠭ᠎ᠦᠨ ᠬᠠᠭᠠᠰ᠎ᠡᠴᠡ ᠳᠡᠭᠡᠭ᠌ᠰᠢᠬᠢ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠵᠢ ᠲᠤᠮᠳᠠᠳᠤ ᠵᠢᠨ ᠡᠬᠡ ᠭᠠᠵᠠᠷ᠎ᠲᠤ ᠳᠠᠪᠬᠢᠭᠤᠯᠵᠤ᠂ ᠪᠥᠬᠥ᠌ ᠪᠥᠮᠪᠥᠷᠴᠡᠭ᠎ᠦᠨ ᠡᠨᠧᠷᠭᠢ᠎ᠶ᠋ᠢᠨ ᠬᠣᠷᠣᠭ᠍ᠳᠠᠭᠤᠯᠤᠯ ᠬᠠᠮᠤᠭ᠎ᠤᠨ ᠲᠦᠷᠭᠡᠨ ᠪᠠᠭᠤᠷᠠᠭ᠍ᠰᠠᠨ ᠤᠯᠤᠰ᠎ᠤᠨ ᠨᠢᠭᠡ ᠪᠣᠯᠪᠠ;

《ᠡᠶ᠎ᠡ ᠵᠤᠬᠢᠴᠠᠩᠭᠤᠢ》 ᠵᠢᠨ ᠨᠠᠢᠷᠠᠯ ᠳᠠᠭᠤᠤ ᠨᠡᠩ ᠬᠠᠩᠭᠢᠨᠠᠮ᠎ᠠ ᠴᠤᠤᠷᠢᠶᠠᠳᠤᠪᠠ᠄ ᠪᠡᠭᠡᠵᠢᠩ ᠲᠢᠶᠠᠨᠵᠢᠨ ᠡᡁᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠬᠥᠳᠡᠯᠭᠡᠬᠦ᠌ ᠬᠦᠴᠦᠨ ᠨᠡᠩ ᠢᠳᠡ ᠬᠦᠴᠦᠨ ᠲᠠᠢ ᠪᠤᠯᠵᠤ᠂ ᠪᠠᠷᠠᠭᠤᠨ ᠣᠷᠣᠨ᠂ ᠵᠡᠭᠦᠨ ᠬᠣᠢᠲᠤ ᠣᠷᠣᠨ᠂ ᠳᠤᠮᠳᠠ ᠣᠷᠣᠨ᠂ ᠵᠡᠭᠦᠨ ᠣᠷᠣᠨ ᠵᠡᠷᠭᠡ ᠲᠦᠷᠪᠡᠨ ᠶᠡᠬᠡ ᠣᠷᠣᠨ ᠪᠦᠰᠡ ᠲᠤᠰ ᠲᠤᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠬᠥᠬᠡᠮᠥ᠋ᠷᠡᠨ᠂ ᠬᠠᠳᠤᠨ ᠭᠣᠣᠯ ᠬᠣᠶᠠᠷ ᠵᠤᠷᠪᠤᠰ ᠡᠬᠡ ᠭᠣᠣᠯ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠪᠠ᠃

᠁᠁

ᠶᠠᠰᠤ ᠴᠢᠨᠠᠷ᠎ᠤᠨ ᠬᠤᠪᠢᠰᠤᠯᠲᠠ᠂ ᠦᠷ᠎ᠡ ᠪᠦᠲᠦᠮᠵᠢ᠎ᠶ᠋ᠢᠨ ᠬᠤᠪᠢᠰᠤᠯᠲᠠ᠂ ᠬᠥᠳᠡᠯᠭᠡᠬᠦ᠌ ᠬᠦᠴᠦᠨ᠎ᠦ ᠬᠤᠪᠢᠰᠤᠯᠲᠠ᠎ᠶ᠋ᠢ ᠦᠷᠭᠦᠯᠵᠢᠯᠡᠨ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠢᠲᠡᠭᠡᠯ ᠵᠣᠷᠢᠭ ᠨᠠᠩ ᠲᠡᠭᠦᠯᠳᠡᠷ᠂ ᠤᠶᠠᠨ ᠬᠠᠲᠠᠨ ᠴᠢᠨᠠᠷ ᠨᠠᠩ ᠴᠢᠩᠭ᠎ᠠ᠂ ᠣᠷᠣᠨ ᠵᠠᠶ ᠨᠠᠩ ᠥᠷᠭᠡᠨ ᠠᠭᠤᠳᠠᠮ ᠪᠣᠯᠪᠠ᠃

ᠲᠠᠪᠤᠨ ᠵᠢᠯ᠎ᠦᠨ ᠲᠤᠷᠰᠢ᠂ ᠠᠯᠢ ᠤᠯᠠᠨ ᠪᠡᠷᠬᠡ ᠪᠠᠷᠳᠠᠭ᠎ᠠ᠎ᠶ᠋ᠢ ᠳᠠᠪᠠᠵᠤ᠂ ᠰᠠᠯᠬᠢ ᠪᠣᠷᠣᠭᠠᠨ᠎ᠢ ᠰᠦᠷᠦᠨ ᠤᠷᠤᠭ᠍ᠰᠢᠯᠠᠵᠤ᠂ ᠶᠡᠷᠦ᠍ ᠪᠤᠰᠤ᠎ᠶ᠋ᠢᠨ ᠲᠡᠦᠬᠡᠨ ᠶᠠᠪᠤᠴᠠ᠎ᠶ᠋ᠢ ᠪᠢᠴᠢᠭ᠌ᠯᠡᠪᠡ —

ᠳᠣᠷᠣᠨᠠᠲᠤ ᠲᠠᠩᠭᠢᠰ᠎ᠤᠨ ᠬᠥᠪᠡᠭᠡᠨ᠎ᠳᠦ᠂ ᠨᠢᠩᠪᠦ᠋ᠸᠧ᠎ᠶ᠋ᠢᠨ ᠵᠧᠦ ᠱᠠᠨ ᠭᠠᠷᠠᠮ᠎ᠳ᠋ᠤ ᠲᠤᠮᠤ ᠬᠥᠯᠭᠡ ᠣᠩᠭᠣᠴᠠ ᠨᠤᠭᠤᠳ ᠰᠦᠯᠵᠢᠯᠳᠦᠨ᠎ᠡ᠃ 2025 ᠣᠨ᠎ᠳᠤ᠂ ᠡᠨᠳᠡᠬᠢ ᠨᠢ ᠪᠦᠬᠦ᠌ ᠪᠥᠮᠪᠥᠷᠴᠡᠭ᠎ᠦᠨ ᠠᠩᠬᠠᠳᠠᠭ᠍ᠴᠢ ᠵᠢᠯ᠎ᠦᠨ ᠪᠠᠷᠠᠭ᠎ᠠ ᠣᠷᠣᠭᠤᠯᠵᠤ ᠭᠠᠷᠭᠠᠬᠰᠠᠨ ᠬᠡᠮᠵᠢᠶ᠎ᠡ 14 ᠳ᠋ᠦᠩᠱᠢᠭᠤᠷ ᠲᠣᠨ᠎ᠢ ᠳᠠᠪᠠᠭ᠍ᠰᠠᠨ ᠲᠤᠮᠤ ᠭᠠᠷᠠᠮ ᠪᠣᠯᠵᠠᠢ᠃

2020 ᠣᠨ᠎ᠤ ᠬᠠᠪᠤᠷ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠲᠡᠶ ᠲᠡᠮᠡᠴᠡᠬᠦ᠌ ᠵᠠᠩᠭᠢᠯᠠᠭ᠎ᠠ᠎ᠶ᠋ᠢᠨ ᠴᠠᠭ ᠮᠥᠴᠡ᠎ᠳᠦ᠂ ᠶᠡᠷᠦᠩᠬᠡᠶ ᠱᠦᠵᠢ ᠰᠢ ᠵᠢᠨ ᠫᠢᠩ ᠪᠣᠷᠣᠭᠠᠨ᠎ᠤ ᠳᠤᠮᠳᠠᠭᠤᠷ ᠡᠨᠳᠡ ᠢᠷᠡᠵᠦ᠍ ᠱᠢᠨᠵᠢᠯᠡᠨ ᠪᠠᠢᠴᠠᠭᠠᠪᠠ᠃

《ᠤᠳᠤ᠎ᠶ᠋ᠢᠨ ᠪᠠᠢᠳᠠᠯ ᠨᠢᠭᠡᠨᠲᠡ ᠮᠠᠰᠢ ᠠᠳᠠᠯᠢ ᠦᠭᠡᠢ ᠪᠣᠯᠵᠠᠢ᠂ ᠶᠡᠬᠡ᠎ᠪᠡᠷ ᠣᠷᠣᠭᠤᠯᠵᠤ ᠶᠡᠬᠡ᠎ᠪᠡᠷ ᠭᠠᠷᠭᠠᠬᠤ ᠣᠷᠴᠢᠨ ᠲᠣᠭᠣᠷᠢᠨ᠎ᠤ ᠨᠥᠬᠥᠴᠡᠯ ᠨᠢᠭᠡᠨᠲᠡ ᠬᠤᠪᠢᠷᠠᠵᠠᠢ᠂ ᠡᠷᠬᠡᠪᠰᠢ ᠱᠢᠨ᠎ᠡ ᠪᠠᠢᠳᠠᠯ᠎ᠢ ᠦᠨᠳᠦᠰᠦᠯᠡᠨ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠱᠢᠨ᠎ᠡ ᠰᠡᠳᠭᠢᠮᠵᠢ᠎ᠶ᠋ᠢ ᠳᠤᠷᠠᠳᠭᠤ ᠬᠡᠷᠡᠭ᠌ᠲᠡᠢ》᠃ ᠥᠩᠭᠡᠷᠡᠭ᠌ᠰᠡᠨ᠂ ᠤᠳᠤ ᠪᠠ ᠢᠷᠡᠭᠡᠳᠦᠢ᠎ᠵᠢ ᠪᠠᠬᠳᠠᠭᠠᠨ ᠪᠣᠳᠣᠯᠬᠢᠯᠠᠵᠤ᠂ ᠪᠡᠭᠡᠵᠢᠩ᠎ᠳᠦ ᠪᠤᠴᠠᠵᠤ ᠲᠡᠮᠡᠢ ᠤᠳᠠᠬᠰᠠᠨ ᠦᠭᠡᠢ ᠶᠡᠷᠦᠩᠬᠡᠢ ᠱᠦᠵᠢ ᠰᠢ ᠵᠢᠨ ᠫᠢᠩ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠬᠡᠷᠡᠭᠳᠡᠢ ᠭᠡᠵᠦ᠍ ᠲᠣᠳᠣᠷᠬᠠᠢ ᠳᠤᠷᠠᠳᠴᠠᠢ᠃ ᠲᠤᠰ ᠵᠢᠯ᠎ᠦᠨ 10 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠲᠤᠬᠠᠢ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠡᠢ᠃

ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ ᠪᠠᠷᠢᠮᠲᠠᠯᠠᠵᠤ᠂ ᠬᠠᠩᠭᠠᠯᠭ᠎ᠠ ᠬᠡᠷᠡᠭ᠌ᠴᠡᠭᠡ᠎ᠶ᠋ᠢᠨ ᠰᠠᠢ᠌ᠨ ᠰᠠᠢᠬᠠᠨ ᠬᠦᠳᠡᠯᠦᠯᠴᠡᠬᠡ᠎ᠵᠢ ᠠᠬᠢᠭᠤᠯᠪᠠ; ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠡᠷᠡᠰ ᠭᠤᠢᠪᠢᠰᠢ ᠦᠭᠡᠢ ᠥᠷᠭᠡᠳᠭᠡᠵᠦ᠍᠂ ᠣᠯᠠᠨ ᠤᠯᠤᠰ᠎ᠤ᠋ᠨ ᠬᠠᠮᠲᠤᠷᠠᠯᠴᠠᠭ᠎ᠠ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠪᠦᠷᠢᠯᠳᠦᠭᠦᠯᠪᠡ ᠁

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠬᠤᠪᠢᠷᠠᠯᠲᠠ᠎ᠶ᠋ᠢ ᠠᠷᠭᠠᠴᠠᠭᠠᠬᠤ᠂ ᠱᠢᠨ᠎ᠡ ᠪᠠᠢᠳᠠᠯ᠎ᠢ ᠨᠡᠭᠡᠭᠡᠬᠦ᠌ ᠪᠠᠲᠤ ᠴᠢᠩᠭ᠎ᠠ ᠲᠦᠱᠢᠭ᠎ᠢ ᠪᠡᠬᠢᠵᠢᠭᠦᠯᠪᠡ᠄ 2021 ᠣᠨ᠎ᠡᠴᠡ 2024 ᠣᠨ ᠪᠣᠯᠲᠠᠯ᠎ᠠ᠂ ᠠᠵᠤ ᠠᠬᠤᠶ᠎ᠶ᠋ᠢᠨ ᠨᠡᠮᠡᠭ᠌ᠳᠡᠯ ᠳ᠋ᠡᠬᠢ ᠳᠣᠲᠣᠭᠠᠳᠤ ᠬᠡᠷᠡᠭ᠌ᠴᠡᠭᠡ᠎ᠶ᠋ᠢᠨ ᠳᠤᠮᠳᠠᠴᠢ ᠬᠤᠪᠢ ᠨᠡᠮᠡᠷᠢ ᠦᠵᠡᠭᠦᠯᠦᠭᠰᠡᠨ ᠨᠣᠷᠮ᠎ᠠ 86%᠎ᠶ᠋ᠢ ᠳᠠᠪᠠᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠨᠡᠭᠡᠭᠡᠯᠲᠡ ᠬᠢᠬᠦ᠌ ᠬᠥᠭ᠌ᠵᠢᠯᠲᠡ᠎ᠶ᠋ᠢᠨ ᠳᠤᠮᠳᠠ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠨᠠᠩ ᠰᠠᠢᠲᠤᠷ ᠡᠵᠡᠮᠳᠡᠪᠡ᠃

ᠬᠥᠭ᠌ᠵᠢᠯᠲᠡ᠎ᠶ᠋ᠢᠨ ᠵᠠᠮ ᠶᠠᠷᠦ ᠡᠴᠡ ᠢᠯᠭᠤᠮ ᠤᠷᠤᠬᠰᠢᠳᠠᠢ ᠪᠢᠰᠢ᠂ ᠬᠠᠷᠢᠨ᠌ ᠪᠡᠷᠭᠡ ᠪᠠᠷᠳᠠᠭ᠎ᠠ ᠵᠢ ᠲᠤᠭᠤᠯᠬᠤ ᠲᠦᠭ᠌ᠰᠢᠭᠦᠷᠢ᠂ ᠪᠣᠭᠣᠮᠲᠠ ᠱᠢᠪᠲᠤᠯᠬᠤ ᠬᠦᠴᠢᠷ ᠪᠡᠷᠬᠡᠱᠢᠶᠡᠯ᠎ᠢ ᠦᠩᠬᠡᠷᠡᠬᠦᠯᠬᠦ ᠬᠡᠷᠡᠭᠳᠡᠢ᠃

ᠬᠣᠶᠠᠷ ᠤᠳᠠᠭᠠᠨ᠎ᠤ ᠬᠤᠷᠠᠯ᠎ᠳᠤ᠂ ᠬᠣᠷᠸ᠎ᠠ ᠵᠠᠰᠠᠯᠲᠠ᠎ᠶ᠋ᠢᠨ ᠢᠯᠡ ᠲᠣᠳᠣ ᠢᠮ ᠲᠡᠮᠳᠡᠭ᠎ᠢ ᠦᠯᠡᠳᠡᠭᠡᠪᠡ᠄

2024 ᠣᠨ᠎ᠤ 9 ᠰᠠᠷ᠎ᠠ᠎ᠶ᠋ᠢᠨ 26 ᠎ᠤ᠋ ᠡᠳᠦᠷ᠂ ᠭᠣᠣᠯ ᠪᠣᠯᠬᠤ ᠠᠵᠤ ᠠᠬᠤᠢ᠎ᠶ᠋ᠢᠨ ᠭᠦᠢᠴᠡᠳᠭᠡᠯ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠪᠠᠭᠤᠷᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠰᠠᠨᠠᠭᠠᠱᠢᠷᠠᠨ ᠵᠣᠪᠠᠨᠢᠬᠤ ᠰᠡᠳᠭᠢᠯᠭᠡ ᠥᠷᠭᠡᠵᠢᠨ ᠲᠡᠯᠡᠷᠡᠭᠰᠡᠨ ᠪᠠᠢᠳᠠᠯ᠎ᠤᠨ ᠡᠮᠦᠨ᠎ᠡ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ᠎ᠡᠴᠡ ᠠᠯᠢ ᠤᠯᠠᠨ ᠨᠡᠮᠡᠭ᠌ᠳᠡᠯ ᠲᠦᠷᠦ᠍᠎ᠶ᠋ᠢᠨ ᠪᠤᠳᠤᠯᠭ᠎ᠠ᠎ᠵᠢ ᠡᠷᠡᠰ ᠱᠢᠭᠤᠷᠬᠠᠢ ᠪᠠᠢᠷᠢᠯᠠᠭᠤᠯᠵᠤ᠂ 《ᠬᠣᠷᠸ᠎ᠠ ᠡᠵᠡᠮᠱᠢᠯ ᠲᠤᠬᠢᠷᠠᠭᠤᠯᠭ᠎ᠠ᠎ᠶ᠋ᠢᠨ ᠨᠢᠭᠡ ᠤᠳᠠᠭ᠎ᠠ᠎ᠶ᠋ᠢᠨ ᠬᠥᠱᠢᠢ᠎ᠡ ᠳᠤᠷᠠᠰᠭᠠᠯ᠎ᠤᠨ ᠴᠢᠨᠠᠷᠲᠠᠢ ᠠᠷᠭ᠎ᠠ ᠬᠡᠮᠵᠢᠶ᠎ᠡ ᠠᠪᠤᠬᠰᠠᠨ ᠶᠠᠪᠤᠳᠠᠯ》 ᠬᠡᠮᠡᠭ᠌ᠳᠡᠪᠡ᠃

2025 ᠣᠨ᠎ᠤ 4 ᠰᠠᠷ᠎ᠠ᠎ᠶ᠋ᠢᠨ 25 ᠎ᠤ᠋ ᠡᠳᠦᠷ᠂ ᠶᠠᠭ ᠰᠠᠢᠬᠠᠨ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠲᠡᠮᠡᠴᠡᠯ ᠲᠠᠰ ᠳᠡᠪᠱᠢᠬᠦ᠌ ᠵᠠᠩᠭᠢᠯᠠᠭ᠎ᠠ᠎ᠶ᠋ᠢᠨ ᠴᠠᠭ ᠮᠥᠴᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠰᠠ ᠨᠢᠭᠡ ᠤᠳᠠᠭᠠᠨ᠎ᠤ ᠬᠤᠷᠠᠯ ᠨᠢ 《ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ》 ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠡᠢᠲᠡᠯᠡᠪᠡ᠃

ᠲᠠᠪᠤᠨ ᠵᠢᠯ᠎ᠦᠨ ᠲᠤᠷᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠴᠠᠴᠠᠷ᠎ᠲᠤ ᠰᠠᠭᠤᠵᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠨ᠂ ᠯᠠᠪᠳᠠᠭᠤᠨ ᠲᠣᠭ᠍ᠲᠠᠭᠤᠨ᠎ᠢᠶᠠᠷ ᠬᠤᠪᠢᠷᠠᠯᠲᠠ᠎ᠶ᠋ᠢ ᠠᠷᠭᠠᠴᠠᠭᠠᠵᠤ᠂ ᠤᠳᠠᠭ᠎ᠠ ᠳᠠᠷᠠᠭᠠᠯᠠᠨ ᠵᠠᠩᠭᠢᠯᠠᠭ᠎ᠠ᠎ᠶ᠋ᠢᠨ ᠴᠠᠭ ᠦᠶ᠎ᠡ᠎ᠳᠦ ᠵᠠᠩᠭᠢᠯᠠᠭ᠎ᠠ᠎ᠶ᠋ᠢᠨ ᠰᠣᠩᠭᠣᠯᠲᠠ ᠬᠢᠪᠡ᠃

ᠴᠠᠭ ᠪᠠ ᠪᠠᠢᠳᠠᠯ᠎ᠳᠤ ᠲᠤᠬᠢᠷᠠᠭᠤᠯᠤᠨ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠬᠤᠪᠢᠷᠠᠯᠲᠠ᠎ᠶ᠋ᠢ ᠣᠨᠣᠪᠴᠢᠲᠠᠢ ᠡᠵᠡᠮᠳᠡᠨ᠂ ᠨᠡᠢᠭᠡᠮ ᠵᠢᠷᠤᠮ᠎ᠤᠨ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ᠌ ᠪᠠᠢᠭᠤᠯᠤᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠪᠡ︔

ᠠᠰᠠᠭᠤᠳᠠᠯ᠎ᠢ ᠣᠨᠢᠯᠠᠵᠤ᠂ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠦᠨᠳᠦᠰᠦᠨ ᠴᠢᠨᠠᠷᠲᠠᠢ᠂ ᠴᠢᠭ᠌ᠯᠡᠯ᠎ᠦᠨ ᠴᠢᠨᠠᠷᠲᠠᠢ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠪᠡ︔

ᠯᠠᠪᠳᠠᠭᠤᠨ ᠲᠣᠭ᠍ᠲᠠᠭᠤᠨ᠂ ᠪᠦᠲᠦᠮᠵᠢᠲᠡᠢ᠎ᠪᠡᠷ ᠬᠤᠪᠢᠷᠠᠯᠲᠠ᠎ᠶ᠋ᠢ ᠠᠷᠭᠠᠴᠠᠭᠠᠵᠤ᠂ᠭᠠᠳᠠᠨᠠᠬᠢ ᠲᠠᠷᠤᠯᠳᠠ ᠬᠢᠵᠠᠭᠠᠷᠯᠠᠯ᠎ᠳᠦ ᠬᠠᠨᠳᠤᠵᠤ᠂ ᠤᠯᠤᠰ ᠪᠠ ᠦᠨᠳᠦᠰᠦᠲᠡᠨ᠎ᠦ ᠬᠥᠭ᠌ᠵᠢᠯᠲᠡ᠎ᠶ᠋ᠢ ᠥᠪᠡᠷ᠎ᠦᠨ ᠬᠦᠴᠦᠨ᠎ᠦ᠎ᠪᠡᠨ ᠰᠠᠭᠤᠷᠢ ᠴᠡᠭ ᠳᠡᠭᠡᠷ᠎ᠡ ᠲᠠᠯᠪᠢᠬᠤ᠎ᠶ᠋ᠢ ᠪᠠᠷᠢᠮᠲᠠᠯᠠᠪᠠ︔

ᠴᠠᠴᠠᠷ᠎ᠲᠤ ᠰᠠᠭᠤᠵᠤ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠴᠡᠷᠢᠭ᠎ᠢ ᠬᠦᠴᠦᠷᠬᠡᠭ᠌ᠵᠢᠭᠦᠯᠦᠨ ᠴᠡᠷᠢᠭ᠎ᠢ ᠮᠠᠨᠳᠤᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠵᠦ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠪᠡ︔

ᠨᠢᠭᠡᠳᠦᠯ᠎ᠢ ᠬᠠᠮᠠᠭᠠᠯᠠᠵᠤ᠂ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠦᠢᠯᠡᠳᠦᠯᠭᠡ᠎ᠶ᠋ᠢ ᠭᠦᠨᠵᠡᠭᠡᠢᠷᠡᠬᠦᠯᠦᠨ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌  ᠨᠠᠮ᠎ᠤᠨ ᠶᠡᠷᠦᠩᠬᠡᠢ ᠠᠷᠭ᠎ᠠ ᠪᠤᠳᠤᠯᠭ᠎ᠠ᠎ᠶ᠋ᠢ ᠳᠤᠷᠠᠳᠪᠠ︔

ᠳᠡᠯᠡᠬᠡᠢ ᠳ᠋ᠠᠬᠢᠨ᠎ᠢ ᠬᠠᠷᠠᠭᠠᠯᠵᠠᠵᠤ᠂ ᠡᠭᠦᠷᠭᠡᠯᠡᠯ᠎ᠢ ᠢᠯᠡᠷᠡᠭᠦᠯᠵᠦ᠍᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠰᠠᠯᠬᠢ ᠳᠠᠪᠠᠯᠭᠠᠨ᠎ᠤ ᠳᠤᠮᠳᠠ ᠥᠷᠢᠰᠥᠯᠳᠦᠭᠡᠨ᠎ᠢ ᠠᠷᠭᠠᠴᠠᠭᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠪᠠ︔

᠁᠁

ᠶᠡᠷᠦᠩᠬᠡᠢ ᠱᠦᠵᠢ ᠰᠢ ᠵᠢᠨ ᠫᠢᠩ᠄《ᠱᠢᠨ᠎ᠡ ᠬᠥᠭ᠌ᠵᠢᠯᠲᠡ᠎ᠶ᠋ᠢᠨ ᠱᠠᠳᠤ ᠦᠶ᠎ᠡ ᠪᠣᠯ ᠮᠠᠨ᠎ᠤ ᠨᠠᠮ ᠠᠷᠠᠳ ᠲᠦᠮᠡᠨ᠎ᠢ ᠳᠠᠭᠠᠭᠤᠯᠤᠨ ᠪᠣᠰᠴᠤ᠌ ᠵᠣᠭ᠍ᠰᠣᠭ᠍ᠰᠠᠨ᠂ ᠪᠡᠶᠡᠵᠢᠨ ᠴᠢᠨᠡᠭᠡᠯᠢᠭ᠌ᠵᠢᠭ᠌ᠰᠡᠨ᠎ᠡᠴᠡ ᠠᠪᠤᠭᠠᠳ  ᠬᠦᠴᠦᠷᠬᠡᠭ᠌ᠵᠢᠭ᠌ᠰᠡᠨ ᠬᠦᠷᠲᠡᠯᠡᠬᠢ ᠲᠡᠦᠬᠡᠲᠦ ᠴᠢᠨᠠᠷᠲᠠᠢ ᠳᠠᠪᠠᠯᠲᠠ᠎ᠶ᠋ᠢᠨ ᠱᠢᠨ᠎ᠡ ᠱᠠᠳᠤ ᠦᠶ᠎ᠡ ᠪᠣᠯᠤᠨ᠎ᠠ》᠂ 《ᠪᠢᠳᠡ ᠶᠠᠭ ᠡᠭᠦᠨ᠎ᠡᠴᠡ ᠡᠮᠦᠨᠡᠬᠢ ᠬᠥᠭ᠌ᠵᠢᠯᠲᠡ᠎ᠶ᠋ᠢᠨ ᠰᠠᠭᠤᠷᠢᠨ ᠳᠡᠭᠡᠷ᠎ᠡ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠲᠡᠦᠬᠡ᠎ᠶ᠋ᠢ ᠦᠷᠭᠦᠯᠵᠢᠯᠡᠨ ᠪᠢᠴᠢᠭ᠌ᠯᠡᠵᠦ᠍ ᠪᠠᠢᠨ᠎ᠠ》 ᠭᠡᠵᠦ᠍ ᠣᠮᠣᠭ ᠲᠡᠭᠦᠯᠳᠡᠷ᠎ᠢᠶᠡᠷ ᠲᠤᠩᠬᠠᠭ᠍ᠯᠠᠪᠠ᠃

ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠲᠠᠪᠠᠨ᠎ᠠ; ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠬᠤ᠎ᠳᠦ ᠢᠷᠡᠭᠡᠳᠦᠢ᠎ᠭᠡᠭᠡᠨ ᠰᠠᠷᠠᠭᠤᠯ᠃

《ᠠᠯᠢᠪᠠ ᠠᠵᠢᠯ ᠪᠣᠯ ᠴᠥᠮ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠶᠤᠮ》

2021 ᠣᠨ᠎ᠤ 2 ᠰᠠᠷ᠎ᠠ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠰᠠᠶᠢᠬᠠᠨ ᠡᠬᠢᠯᠡᠵᠦ᠍ ᠪᠠᠢᠭ᠎ᠠ ᠦᠶ᠎ᠠ ᠳ᠋ᠤ᠂ ᠶᠡᠷᠦᠩᠬᠡᠶ ᠱᠦᠵᠢ ᠰᠢ ᠵᠢᠨ ᠫᠢᠩ ᠭᠦᠶ᠋ᠵᠧᠦ᠎ᠳᠦ ᠱᠢᠨᠵᠢᠯᠡᠨ ᠪᠠᠢᠴᠠᠭᠠᠵᠤ᠂ ᠮᠢᠶᠣᠣ ᠦᠨᠳᠦᠰᠦᠲᠡᠨ᠎ᠦ ᠲᠣᠰᠭᠣᠨ᠎ᠤ ᠠᠷᠠᠳ᠎ᠤᠨ ᠬᠡᠷ᠎ᠲᠦ ᠬᠦᠷᠴᠦ᠍᠂ ᠶᠠᠳᠠᠭᠤ᠎ᠶ᠋ᠢ ᠲᠡᠳᠬᠦᠬᠦ᠌ ᠦᠶ᠋ᠯᠡᠳᠪᠦᠷᠢ᠎ᠶ᠋ᠢᠨ ᠲᠠᠰᠤᠭ᠎ᠲᠤ ᠣᠷᠣᠵᠤ᠂ ᠮᠢᠶᠣᠣ ᠦᠨᠳᠦᠰᠦᠲᠡᠨ᠎ᠦ ᠤᠨᠴᠠᠯᠢᠬ᠍ᠳᠤ ᠬᠠᠳᠭᠤᠮᠠᠯ᠎ᠤᠨ ᠠᠵᠤ ᠦᠶ᠋ᠯᠡᠰ᠎ᠢ ᠤᠢᠯᠠᠭᠠᠵᠤ᠂ ᠨᠤᠲᠤᠭ᠎ᠤᠨ ᠠᠬ᠎ᠠ ᠳᠡᠭᠦᠦ᠍᠎ᠨᠡᠷ᠎ᠲᠦ 《ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠬᠦ᠌᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠥᠬᠡᠶ》 ᠭᠡᠵᠦ᠍ ᠳᠣᠲᠣᠨᠣᠰᠣᠭ᠎ᠢᠶᠠᠷ ᠬᠡᠯᠡᠪᠡ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯ ᠬᠤᠷᠢᠶᠠᠬᠤ ᠵᠢᠯ᠎ᠳᠦ᠂ ᠶᠡᠷᠦᠩᠬᠡᠶ ᠱᠦᠵᠢ ᠰᠢ ᠵᠢᠨ ᠫᠢᠩ ᠳᠠᠬᠢᠨᠲᠠ ᠭᠦᠶ᠋ᠵᠧᠦ᠎ᠳᠦ ᠬᠦᠷᠴᠦ᠍᠂ᠳ᠋ᠦᠩ ᠦᠨᠳᠦᠰᠦᠳᠡᠨ᠎ᠤ ᠲᠤᠰᠬᠤᠨ᠎ᠢᠶᠡᠷ ᠤᠷᠤᠵᠤ᠂ ᠲᠣᠰᠭᠣᠨ᠎ᠤ ᠺᠠᠳ᠋ᠷ ᠪᠣᠯᠤᠨ ᠲᠣᠰᠭᠣᠨ᠎ᠤ ᠠᠷᠠᠳ᠎ᠤᠨ ᠲᠥᠯᠥᠭᠡᠯᠡᠭ᠌ᠴᠢᠳ᠎ᠲᠡᠶ ᠬᠠᠮᠳᠤ ᠪᠡᠷ ᠬᠦᠷᠢᠶᠡᠯᠡᠨ ᠰᠠᠭᠤᠯᠴᠠᠵᠤ  ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠲᠤᠬᠠᠶ ᠶᠠᠷᠢᠯᠴᠠᠪᠠ᠃

ᠶᠡᠷᠦᠩᠬᠡᠢ ᠱᠦᠵᠢ ᠰᠢ ᠵᠢᠨ ᠫᠢᠩ᠂ 《ᠨᠢᠭᠡᠳᠦᠭᠡᠷ ᠱᠦᠵᠢ᠎ᠶ᠋ᠢᠨ ᠲᠦᠷᠢᠮ᠎ᠢ ᠮᠥᠨ ᠯᠡ ᠪᠠᠷᠢᠮᠲᠠᠯᠠᠬᠤ ᠬᠡᠷᠡᠭ᠌ᠲᠡᠢ᠂ ᠶᠠᠳᠠᠭᠤ᠎ᠡᠴᠡ ᠠᠩᠭᠢᠵᠢᠷᠠᠭ᠍ᠰᠠᠨ᠎ᠤ ᠲᠠᠷᠠᠭ᠎ᠠ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠡᠭᠦᠷᠭᠡ ᠠᠳᠠᠯᠢᠬᠠᠨ ᠬᠦᠨᠳᠦ ᠪᠠᠢᠨ᠎ᠠ᠂ ᠡᠨᠡ ᠲᠠᠯ᠎ᠠ᠎ᠪᠠᠷ ᠮᠥᠨ ᠬᠦ᠌ ᠴᠢᠩᠭᠠᠳᠭᠠᠬᠤ ᠬᠡᠷᠡᠭ᠌ᠲᠡᠢ》᠃ 《ᠡᠨᠡ ᠪᠣᠯ ᠪᠠᠰᠠ ᠴᠤ᠌ ᠱᠢᠨ᠎ᠡ ᠴᠠᠭ ᠦᠶ᠎ᠡ᠎ᠶ᠋ᠢᠨ 〈ᠹᠸᠩᠴᠢᠶᠣᠤ᠎ᠶ᠋ᠢᠨ ᠲᠤᠷᠱᠢᠯᠭ᠎ᠠ〉 ᠵᠢᠨ ᠨᠢᠭᠡ ᠵᠦᠢᠯ᠎ᠦᠨ ᠢᠯᠡᠷᠡᠯ ᠪᠣᠯᠤᠨ᠎ᠠ᠃ ᠵᠥᠷᠢᠴᠡᠯ᠎ᠢ ᠴᠠᠭ ᠲᠤᠬᠠᠶ᠎ᠳᠤᠨᠢ ᠦᠨᠳᠦᠰᠦᠨ ᠱᠠᠲᠤᠨ᠎ᠳᠤ ᠱᠢᠶ᠋ᠳᠪᠦᠷᠢᠯᠡᠬᠦ᠌ ᠬᠡᠷᠡᠭ᠌ᠲᠡᠶ》᠃ 《ᠡᠳᠡᠭᠡᠷ ᠦᠨᠳᠦᠰᠦᠲᠡᠨ᠎ᠦ ᠣᠨᠴᠠᠯᠢᠭ᠎ᠢ ᠰᠠᠢᠲᠤᠷ ᠤᠯᠠᠮᠵᠢᠯᠠᠨ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ ᠳᠤᠮᠳᠠ ᠲᠡᠭᠦᠨ᠎ᠦ ᠭᠡᠷᠡᠯ ᠭᠢᠯᠪᠠᠭ᠎ᠠ᠎ᠶ᠋ᠢ ᠨᠡᠩ ᠰᠠᠢᠲᠤᠷ ᠪᠠᠳᠠᠷᠠᠭᠤᠯᠬᠤ ᠬᠡᠷᠡᠭ᠌ᠲᠡᠢ》 ᠭᠡᠵᠦ ᠨᠠᠷᠢᠯᠢᠭ ᠠᠰᠠᠭᠤᠨ ᠲᠠᠬᠢᠨ ᠲᠠᠪᠳᠠᠨ ᠵᠠᠬᠢᠵᠤ ᠪᠠᠢᠯ᠎ᠠ᠃

2025 ᠣᠨ ᠪᠣᠯ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠡᠭᠦᠷᠭᠡ᠎ᠶ᠋ᠢ ᠪᠡᠶᠡᠯᠡᠭᠦᠯᠦᠭ᠌ᠰᠡᠨ᠎ᠦ ᠳᠠᠷᠠᠭᠠᠬᠢ 5 ᠵᠢᠯ᠎ᠦᠨ ᠱᠢᠯᠵᠢᠯᠲᠡ᠎ᠶ᠋ᠢᠨ ᠬᠤᠭᠤᠴᠠᠭᠠᠨ᠎ᠤ ᠡᠴᠦᠰ᠎ᠦᠨ ᠨᠢᠭᠡ ᠵᠢᠯ ᠪᠣᠯᠤᠨ᠎ᠠ᠃ ᠱᠢᠨᠵᠢᠯᠡᠨ ᠪᠠᠢᠴᠠᠭᠠᠬᠤ᠎ᠲᠤᠮᠳᠠ᠂ ᠶᠡᠷᠦᠩᠬᠡᠢ ᠱᠦᠵᠢ ᠰᠢ ᠵᠢᠨ ᠫᠢᠩ᠄《ᠬᠥᠳᠡᠭᠡ ᠲᠣᠰᠭᠣᠨ᠎ᠤ ᠠᠵᠢᠯ᠎ᠤᠨ ᠭᠣᠣᠯᠳᠠᠯᠭ᠎ᠠ ᠪᠣᠯ ᠶᠠᠳᠠᠭᠤ᠎ᠡᠴᠡ ᠠᠩᠭᠢᠵᠢᠷᠠᠭᠤᠯᠬᠤ᠎ᠶ᠋ᠢ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠲᠡᠢᠰᠢ ᠰᠢᠯᠵᠢᠭᠦᠯᠵᠦ᠂ ᠶᠠᠳᠠᠭᠤ᠎ᠡᠴᠡ ᠠᠩᠭᠢᠵᠢᠷᠠᠭᠤᠯᠬᠤ᠎ᠬᠤᠷᠢᠭ᠎ᠠ ᠱᠤᠭᠤᠮ᠎ᠢ ᠡᠷᠬᠡᠪᠰᠢ ᠪᠠᠲᠤ ᠰᠠᠬᠢᠬᠤ ᠬᠡᠷᠡᠭ᠌ᠲᠡᠢ᠂ ᠶᠠᠭᠠᠬᠢᠭ᠍ᠰᠠᠨ ᠴᠤ᠌ ᠬᠡᠪᠴᠢᠶᠡᠵᠢᠯ᠎ᠦᠨ ᠴᠢᠨᠠᠷᠲᠠᠢ ᠲᠠᠬᠢᠨ ᠶᠠᠳᠠᠭᠤᠷᠠᠬᠤ ᠪᠠᠢᠳᠠᠯ ᠢᠯᠡᠷᠡᠵᠦ᠍ ᠪᠣᠯᠬᠤ ᠦᠭᠡᠢ》 ᠭᠡᠵᠦ ᠭᠦᠨ ᠲᠦᠷᠦᠭᠳᠡᠯ ᠲᠠᠢ ᠬᠡᠯᠡᠪᠡ᠃

ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ ᠪᠠ ᠶᠠᠰᠤ ᠴᠢᠨᠠᠷ᠎ᠲᠠᠶ ᠬᠣᠯᠪᠣᠭ᠍ᠳᠠᠵᠤ ᠪᠠᠢᠳᠠᠭ᠃ ᠲᠠᠪᠤᠨ ᠵᠢᠯ᠎ᠦᠨ ᠲᠤᠷᠰᠢ᠂ ᠶᠡᠷᠦᠩᠬᠡᠢ ᠱᠦᠵᠢ᠎ᠶ᠋ᠢᠨ ᠰᠡᠳᠭᠢᠯ᠎ᠳᠡᠭᠡᠨ ᠪᠤᠳᠤᠵᠤ ᠠᠩᠬᠠᠷᠤᠬᠰᠠᠭᠠᠷ ᠢᠷᠡᠭ᠌ᠰᠡᠨ ᠲᠤᠮᠤ ᠶᠠᠪᠤᠳᠠᠯ ᠪᠣᠯᠤᠨ᠎ᠠ᠃

ᠱᠠᠨᠰᠢ᠎ᠶ᠋ᠢᠨ ᠶᠠᠨ ᠠᠨ᠎ᠤ ᠵᠢᠮᠢᠰ᠎ᠤᠨ ᠬᠦᠷᠢᠶᠡᠯᠡᠩ᠎ᠳᠦ ᠬᠦᠷᠴᠦ ᠠᠯᠮᠤᠷᠠᠳ᠎ᠤᠨ ᠬᠤᠷᠢᠶᠠᠯᠲᠠ ᠪᠣᠯᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠣᠢᠯᠠᠭᠠᠪᠠ; ᠭᠤᠸᠠᠩᠰᠢ᠎ᠶ᠋ᠢᠨ ᠴᠢᠤᠸᠠᠨᠵᠧᠦ᠍᠎ᠳᠦ᠂ ᠲᠠᠷᠢᠶᠠᠯᠠᠩ᠎ᠤᠨ ᠮᠡᠷᠭᠡᠵᠢᠯᠲᠡᠨ᠎ᠳᠦ 《ᠲᠠᠨ᠎ᠤ ᠬᠤᠪᠢ ᠨᠡᠮᠡᠷᠢ᠎ᠪᠠᠨ ᠡᠬᠡ ᠭᠠᠵᠠᠷ ᠳᠡᠭᠡᠷ᠎ᠡ ᠪᠢᠴᠢᠭᠯᠡᠭᠡᠷᠡᠢ》 ᠭᠡᠵᠦ᠍ ᠵᠠᠬᠢᠪᠠ; ᠹᠦᠵᠢᠶᠠᠨ᠎ᠤ ᠵᠠᠩᠵᠸᠤ ᠵᠢᠨ ᠵᠢᠭᠠᠰᠤᠴᠢᠨ ᠲᠣᠰᠭᠣᠨ᠎ᠳᠤ᠂ 《〈ᠳᠠᠯᠠᠢ ᠲᠠᠩᠭᠢᠰ〉 ᠤ᠋ᠨ ᠠᠵᠤ ᠦᠢᠯᠡᠰ᠎ᠢ ᠬᠦᠭᠵᠢᠬᠦᠯᠬᠦ ᠠᠵᠢᠯ᠎ᠢ ᠰᠠᠢᠲᠤᠷ ᠬᠢᠬᠦ᠌ ᠬᠡᠷᠡᠭ᠌ᠲᠡᠢ》 ᠭᠡᠵᠦ᠍ ᠳᠤᠷᠠᠳᠴᠠᠢ ᠁ ᠠᠭᠤᠯᠠ ᠳᠠᠪᠠᠵᠤ ᠤᠰᠤ ᠭᠡᠲᠦᠯᠦᠨ᠂ ᠲᠣᠰᠭᠣᠨ᠎ᠳᠦ ᠬᠦᠷᠴᠦ ᠠᠷᠠᠳ᠎ᠤᠨ ᠡᠷᠦᠬᠡ᠎ᠪᠡᠷ ᠤᠷᠤᠵᠤ᠂ ᠶᠡᠷᠦᠩᠬᠡᠢ ᠱᠦᠵᠢ ᠰᠢ ᠵᠢᠨ ᠫᠢᠩ ᠬᠦᠳᠡᠭᠡ ᠠᠵᠤ ᠠᠬᠤᠢ ᠨᠡᠩ ᠬᠦᠴᠦᠷᠬᠡᠭ᠂ ᠬᠥᠳᠡᠭᠡ ᠲᠣᠰᠭᠣᠨ ᠨᠡᠩ ᠭᠤᠶᠤ᠂ ᠲᠠᠷᠢᠶᠠᠴᠢᠳ ᠨᠡᠩ ᠪᠠᠶᠠᠨ ᠴᠢᠨᠡᠭᠡᠯᠢᠭ ᠪᠣᠯᠬᠤ᠎ᠶ᠋ᠢ ᠬᠡᠷᠬᠢᠨ ᠪᠡᠶᠡᠯᠡᠭᠦᠯᠬᠦ᠌ ᠲᠤᠬᠠᠢ ᠪᠠᠢᠴᠠᠭᠠᠨ ᠰᠤᠳᠤᠯᠵᠦ᠍᠂ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠨᠢᠭᠡᠳᠦᠯᠲᠡᠢ ᠲᠥᠯᠥᠪᠵᠢᠭᠦᠯᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠪᠠ᠃

ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠤᠭ᠍ᠰᠠᠨ᠎ᠡᠴᠡ ᠠᠪᠤᠭᠠᠳ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠡᠴᠡ 《〈ᠮᠢᠩᠭ᠎ᠠ ᠲᠦᠮᠡ᠎ᠶ᠋ᠢᠨ ᠢᠨᠵᠧᠨᠧᠷᠢᠩ〉 ᠤ᠋ᠨ ᠲᠤᠷᠱᠢᠯᠭ᠎ᠠ᠎ᠶ᠋ᠢ ᠠᠱᠢᠭ᠍ᠯᠠᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠬᠦ᠌ ᠬᠡᠷᠡᠭ᠌ᠲᠡᠢ》 ᠭᠡᠵᠦ᠍ ᠳᠤᠷᠠᠳᠤᠭ᠍ᠰᠠᠨ ᠬᠦᠷᠲᠡᠯ᠎ᠡ᠂ ᠲᠠᠬᠢᠨ ᠲᠠᠪᠤᠨ ᠵᠢᠯ᠎ᠦᠨ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠳᠤ ᠴᠥᠮ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠢᠷᠢᠯᠠᠭᠤᠯᠤᠯᠲᠠ ᠬᠢᠭᠰᠡᠨ ᠬᠦᠷᠳᠡᠯ᠎ᠡ ᠁ ᠦᠵᠦ᠍ ᠲᠥᠯᠥᠪᠯᠡᠭᠡ ᠬᠢᠵᠦ᠍ ᠨᠢᠷᠤᠭᠤ ᠲᠤᠯᠭᠠᠭᠤᠷᠢ ᠵᠢ ᠪᠤᠰᠬᠠᠵᠤ᠂ ᠪᠣᠳᠠᠲᠠᠢ ᠠᠵᠢᠯ᠎ᠢ ᠨᠠᠷᠢᠯᠢᠭ ᠪᠣᠳᠠᠲᠠᠢ ᠨᠠᠢᠳᠠᠪᠤᠷᠢᠵᠢᠭᠤᠯᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠠᠷᠭ᠎ᠠ ᠵᠠᠮ᠎ᠢ ᠤᠯᠠᠮ ᠲᠣᠳᠣᠷᠬᠠᠢ ᠪᠣᠯᠭᠠᠪᠠ᠃

ᠬᠣᠲᠠ᠂ ᠬᠥᠳᠡᠭᠡ ᠲᠣᠰᠭᠣᠨ ᠪᠤᠯ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠴᠢᠬᠤᠯᠠ ᠲᠦᠱᠢᠭ ᠲᠤᠯᠭᠠᠭᠤᠷᠢ ᠪᠤᠯᠤᠨ᠎ᠠ᠃ ᠶᠡᠷᠦᠩᠬᠡᠢ ᠱᠦᠵᠢ ᠰᠢ ᠵᠢᠨ ᠫᠢᠩ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠪᠣᠯᠤᠨ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ᠎ᠲᠤᠬᠠᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠬᠰᠠᠭᠠᠷ ᠢᠷᠡᠪᠡ᠃

2023 ᠣᠨ᠎ᠤ 11 ᠰᠠᠷ᠎ᠠ᠎ᠳᠤ᠂ ᠱᠠᠩᠬᠠᠶ ᠬᠣᠲᠠ᠎ᠶ᠋ᠢᠨ ᠮᠢᠨ ᠬᠠᠩ ᠲᠣᠭᠣᠷᠢᠭ᠎ᠤᠨ ᠱᠢᠨ᠎ᠡ ᠴᠠᠭ ᠦᠶ᠎ᠡ᠎ᠶ᠋ᠢᠨ ᠬᠣᠲᠠ᠎ᠶ᠋ᠢᠨ ᠪᠥᠲᠥᠭᠡᠨ ᠪᠠᠢᠭᠤᠯᠤᠭ᠍ᠴᠢ᠎ᠶ᠋ᠢᠨ ᠬᠠᠮᠢᠶᠠᠷᠤᠭ᠍ᠴᠢ᠎ᠶ᠋ᠢᠨ ᠬᠡᠷ ᠲᠦ᠍᠃ ᠱᠢᠨ᠎ᠡ ᠱᠠᠩᠬᠠᠢ᠎ᠶ᠋ᠢᠨ ᠬᠥᠮᠦᠨ ᠵᠧᠩ ᠯᠠᠨ ᠢᠦᠢ ᠡᠵᠢ᠎ᠲᠡᠶ᠎ᠪᠡᠨ ᠬᠣᠶᠠᠭᠤᠯᠠ ᠬᠤᠶᠠᠷ ᠦᠷᠦᠭᠡ ᠨᠢᠭᠡ ᠲᠢᠩᠬᠢᠮ᠎ᠲᠠᠢ ᠲᠦᠷᠢᠶᠡᠰᠦᠨ ᠬᠡᠷ ᠲᠡᠬᠡᠨ ᠶᠡᠷᠦᠩᠬᠡᠢ ᠱᠦᠵᠢ ᠰᠢ ᠵᠢᠨ ᠫᠢᠩ᠎ᠢ ᠤᠭ᠍ᠲᠤᠨ ᠠᠪᠤᠪᠠ᠃

《ᠬᠡᠷ᠎ᠤᠨ ᠲᠦᠷᠢᠶᠡᠰᠦᠨ ᠮᠥᠩᠭᠥ᠌ ᠦᠨᠡᠲᠡᠶ ᠦᠦ?》᠂ 《ᠮᠠᠰᠢ ᠬᠢᠮᠳᠠ᠂ ᠰᠠᠭᠤᠬᠤ᠎ᠳᠤ ᠶᠡᠬᠡ ᠲᠠᠭᠠᠯᠠᠮᠵᠢᠲᠠᠢ》᠃ ᠶᠡᠷᠦᠩᠬᠡᠢ ᠱᠦᠵᠢ᠎ᠶ᠋ᠢᠨ ᠠᠰᠠᠭᠤᠯᠲᠠ᠎ᠶ᠋ᠢ ᠬᠠᠷᠢᠭᠤᠯᠬᠤ᠎ᠳᠠᠭᠠᠨ ᠵᠧᠩ ᠯᠠᠨ ᠢᠦᠢ᠄ 《ᠨᠠᠮ ᠪᠣᠯᠤᠨ ᠵᠠᠰᠠᠭ᠎ᠤᠨ ᠣᠷᠳᠣᠨ᠎ᠳᠤ ᠲᠠᠯᠠᠷᠬᠠᠵᠤ ᠪᠠᠢᠨ᠎ᠠ᠂ ᠪᠢᠳᠠᠨ᠎ᠢ ᠱᠠᠩᠬᠠᠢ᠎ᠳᠤ ᠨᠢᠭᠡ ᠭᠡᠷ᠎ᠲᠡᠶ ᠪᠣᠯᠭᠠᠭ᠍ᠰᠠᠨ ᠶᠤᠮ》 ᠭᠡᠵᠦ ᠪᠠᠶᠠᠷᠳᠠᠢᠬᠠᠨ ᠬᠡᠯᠡᠨ᠎ᠡ᠃

《ᠬᠣᠲᠠ᠎ᠳᠤ ᠥᠨᠳᠥᠷᠴᠡ ᠪᠠᠢᠬᠤ᠎ᠪᠠᠷ ᠪᠠᠷᠠᠬᠤ ᠥᠬᠡᠶ ᠨᠠᠩ ᠴᠤ᠌ ᠲᠤᠯᠠᠭᠠᠴᠠ ᠪᠠᠢᠬᠤ ᠬᠡᠷᠡᠭ᠌ᠲᠡᠶ》᠃ ᠶᠡᠷᠦᠩᠬᠡᠶ ᠱᠦᠵᠢ᠂ ᠠᠷᠠᠳ ᠲᠦᠮᠡᠨ᠎ᠦ ᠬᠣᠲᠠ᠎ᠶ᠋ᠢᠨ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠵᠦ᠍᠂ ᠠᠷᠠᠳ ᠣᠯᠠᠨ᠎ᠤ ᠣᠷᠣᠨ ᠰᠠᠭᠤᠴᠠ᠎ᠶ᠋ᠢᠨ ᠣᠯᠠᠨ ᠶᠠᠩᠵᠤ᠎ᠶ᠋ᠢᠨ᠂ ᠣᠯᠠᠨ ᠡᠱᠢᠵᠢᠭ᠌ᠰᠡᠨ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠵᠤ᠂ ᠭᠠᠳᠠᠨ᠎ᠠ᠎ᠡᠴᠡ ᠢᠷᠡᠭ᠌ᠰᠡᠨ ᠬᠥᠮᠦᠨ ᠠᠮᠠ᠎ᠶ᠋ᠢᠨ ᠣᠷᠣᠵᠤ ᠢᠷᠡᠵᠦ᠍ ᠳᠡᠢᠯᠬᠦ᠌᠂ ᠦᠯᠡᠳᠡᠵᠦ᠍ ᠳᠡᠢᠯᠬᠦ᠌᠂ ᠠᠮᠤᠭᠤᠯᠠᠩ ᠰᠠᠭᠤᠵᠤ ᠳᠡᠢᠯᠬᠦ᠌᠂ ᠦᠶ᠋ᠯᠡᠰ ᠪᠦᠲᠦᠭᠡᠵᠦ᠍ ᠳᠡᠢᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠭᠦᠨ ᠰᠡᠳᠭᠢᠯᠭᠡ᠎ᠲᠡᠶ ᠬᠡᠯᠡᠪᠡ᠃

ᠠᠷᠠᠳ ᠲᠦᠮᠡᠨ᠎ᠤ ᠬᠣᠲᠠ᠎ᠶ᠋ᠢ ᠠᠷᠠᠳ ᠲᠦᠮᠡᠨ ᠪᠠᠢᠭᠤᠯᠵᠤ᠂ ᠠᠷᠠᠳ ᠲᠦᠮᠡᠨ᠎ᠤ ᠬᠣᠲᠠ ᠠᠷᠠᠳ ᠲᠦᠮᠡᠨ᠎ᠳ᠋ᠤ ᠦᠶ᠋ᠯᠡᠴᠢᠯᠡᠨ᠎ᠡ᠃

 2025 ᠣᠨ᠎ᠤ 7 ᠰᠠᠷ᠎ᠠ᠎ᠳᠤ᠂ ᠲᠥᠪ᠎ᠦᠨ ᠬᠤᠳᠠ᠎ᠶ᠋ᠢᠨ ᠠᠵᠢᠯ᠎ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠬᠤᠷᠠᠯ᠎ᠡᠴᠡ 《ᠣᠳᠣᠬᠢᠴᠢᠯᠠᠭ᠍ᠰᠠᠨ ᠠᠷᠠᠳ ᠲᠦᠮᠡᠨ᠎ᠤ ᠬᠤᠳᠠ》 ᠵᠢ ᠪᠦᠳᠦᠭᠡᠨ ᠪᠠᠢᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠬᠤᠳᠠ᠎ᠶ᠋ᠢᠨ ᠠᠵᠢᠯ᠎ᠤᠨ ᠬᠠᠷᠠᠯᠲᠠ ᠪᠣᠯᠤᠨ᠎ᠠ ᠭᠡᠵᠦ ᠲᠤᠳᠤᠷᠬᠠᠢᠯᠠᠪᠠ᠃

ᠬᠣᠲᠠ ᠬᠢᠭᠡᠳ ᠬᠥᠳᠡᠭᠡ ᠦᠬᠡᠳᠡ ᠦᠬᠡᠳᠡ ᠡᠴᠡ ᠪᠠᠨ ᠲᠡᠮᠡᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠥᠲᠥᠭᠡᠨ ᠪᠠᠢᠭᠤᠯᠤᠯᠲᠠ᠎ᠶ᠋ᠢᠨ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠪᠠ᠄ 2025 ᠣᠨ᠎ᠤ ᠡᠴᠦᠰ᠎ᠲᠦ᠂ ᠮᠠᠨ᠎ᠤ ᠤᠯᠤᠰ᠎ᠤᠨ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠣᠲᠠ ᠪᠠᠯᠭᠠᠰᠤᠵᠢᠯᠲᠠ᠎ᠶ᠋ᠢᠨ ᠨᠣᠷᠮ᠎ᠠ ᠳᠡᠭᠡᠭ᠌ᠰᠢᠯᠡᠭᠡᠳ 67.89% ᠪᠣᠯᠵᠣ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠬᠠᠷᠢᠴᠠᠯ ᠪᠠᠭᠤᠷᠠᠭᠠᠳ 2.31᠄ 1 ᠪᠣᠯᠪᠠ᠃ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢ ᠲᠦᠷᠭᠡᠳᠭᠡᠨ ᠬᠥᠭ᠌ᠵᠢᠬᠦᠯᠵᠦ᠍᠂ ᠶᠠᠳᠠᠭᠤ᠎ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢᠨ ᠠᠵᠢᠯ ᠬᠢᠵᠦ᠍ ᠠᠵᠢᠯ ᠤᠯᠬᠤ ᠬᠡᠪᠴᠢᠶ᠎ᠡ᠎ᠶ᠋ᠢ 5 ᠵᠢᠯ ᠳᠠᠷᠠᠭᠠᠯᠠᠨ 3000 ᠲᠦᠮᠡᠡ᠎ᠬᠦᠮᠦᠨ ᠡᠴᠡ ᠳᠡᠭᠡᠭ᠌ᠰᠢ ᠳ᠋ᠦ᠍ ᠲᠣᠭ᠍ᠲᠠᠪᠤᠷᠢᠵᠢᠭᠤᠯᠪᠠ᠃

ᠣᠷᠣᠨ ᠨᠤᠲᠤᠭ᠎ᠲᠤ ᠱᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠶᠡᠷᠦ᠍ ᠨᠢ ᠬᠥᠳᠡᠭᠡ ᠲᠣᠰᠭᠣᠨ ᠨᠡᠢᠭᠡᠮ ᠲᠣᠭᠣᠷᠢᠭ᠎ᠢᠶᠡᠷ ᠬᠦᠨᠵᠡᠬᠡᠢᠷᠡᠳᠡᠭ᠃ 《ᠪᠢ ᠦᠳᠡᠭᠦᠰ ᠪᠠ ᠨᠢᠯᠬᠠᠰ ᠭᠡᠬᠦ᠌ ᠡᠨᠡ ᠬᠦ᠌ ᠭᠣᠣᠯᠳᠠᠯᠭ᠎ᠠ᠎ᠶ᠋ᠢ ᠣᠨᠴᠠᠭᠠᠢᠯᠠᠨ ᠠᠩᠬᠠᠷᠴᠤ᠌ ᠪᠠᠢᠨ᠎ᠠ》 ᠭᠡᠪᠡ᠃

ᠠᠰᠠᠭᠤᠳᠠᠯ ᠪᠣᠯ ᠴᠠᠭ ᠦᠶ᠎ᠡ᠎ᠶ᠋ᠢᠨ ᠲᠠᠭᠤᠨ ᠮᠥᠨ᠃ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠵᠤ᠂ ᠮᠠᠨ᠎ᠤ ᠤᠯᠤᠰ᠎ᠤᠨ ᠬᠥᠮᠦᠨ ᠠᠮᠠ᠎ᠶ᠋ᠢᠨ ᠬᠥᠭ᠌ᠵᠢᠯᠲᠡ ᠴᠦ᠍ ᠨᠢᠭᠡᠨ ᠱᠢᠨ᠎ᠡ ᠴᠠᠭ ᠦᠶ᠎ᠡ᠎ᠳᠦ ᠣᠷᠣᠪᠠ᠃

ᠬᠥᠮᠦᠨ ᠠᠮᠠ᠎ᠶ᠋ᠢᠨ ᠬᠥᠭ᠌ᠵᠢᠯᠲᠡ᠎ᠳᠦ ᠦᠰᠪᠦᠷᠢ ᠵᠢᠨ ᠬᠡᠤᠬᠡᠳ ᠴᠦᠬᠡᠷᠡᠬᠦ᠂ ᠨᠠᠰᠤᠵᠢᠯᠲᠠ᠂ ᠣᠷᠣᠨ ᠪᠦᠰᠡ᠎ᠶ᠋ᠢᠨ ᠬᠥᠮᠦᠨ ᠠᠮᠠ᠎ᠶ᠋ᠢᠨ ᠨᠡᠮᠡᠭ᠌ᠳᠡᠯ ᠬᠠᠰᠤᠭ᠍ᠳᠠᠯ ᠲᠦᠢᠯᠰᠢᠷᠠᠬᠤ ᠵᠡᠷᠭᠡ ᠬᠠᠨᠳᠤᠰᠢ᠎ᠶ᠋ᠢᠨ ᠴᠢᠨᠠᠷᠲᠠᠢ ᠣᠨᠴᠠᠯᠢᠭ ᠢᠯᠡᠷᠡᠭ᠌ᠰᠡᠨ ᠪᠠᠢᠳᠠᠯ᠎ᠳᠦ ᠴᠢᠭ᠌ᠯᠡᠭᠦᠯᠦᠨ᠂ ᠶᠡᠷᠦᠩᠬᠡᠢ ᠱᠦᠵᠢ ᠰᠢ ᠵᠢᠨ ᠫᠢᠩ 《ᠬᠥᠮᠦᠨ ᠠᠮᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ》 ᠲᠤᠬᠠᠢ ᠳᠤᠷᠠᠳᠴᠤ᠌᠂ ᠬᠥᠮᠦᠨ ᠠᠮᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠲᠤᠯᠭᠠᠭᠤᠷᠢᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠬᠤᠯᠠ ᠶᠡᠬᠡ ᠪᠠᠢᠷᠢᠯᠠᠭᠤᠯᠤᠯᠲᠠ ᠬᠢᠵᠡᠢ᠃

ᠰᠤᠷᠭᠠᠨ ᠬᠥᠮᠦᠵᠢᠯ ᠡᠷᠡᠭᠦᠯ ᠬᠠᠮᠠᠭᠠᠯᠠᠯ᠎ᠤᠨ ᠦᠶ᠋ᠯᠡᠰ᠎ᠦᠨ ᠥᠭᠡᠷᠡᠴᠢᠯᠡᠯᠲᠡ ᠱᠢᠨᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠢᠨᠵᠧᠨᠧᠷᠢᠩ ᠪᠣᠯᠭᠠᠪᠠ︔ ᠦᠷᠡᠵᠢᠯ᠎ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠬᠡᠦᠬᠡᠳ ᠪᠣᠢᠵᠢᠭᠤᠯᠬᠤ ᠨᠥᠬᠥᠪᠥᠷᠢ ᠦᠭᠬᠦ ᠲᠦᠷᠢᠮ᠎ᠢ ᠪᠠᠢᠭᠤᠯᠤᠨ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠱᠢᠰᠲ᠋ᠧᠮ᠎ᠢ ᠶᠡᠬᠡ᠎ᠪᠡᠷ ᠬᠥᠭ᠌ᠵᠢᠭᠦᠯᠵᠦ᠍᠂ ᠦᠷᠡᠵᠢᠯ ᠳ᠋ᠤ ᠨᠥᠬᠥᠷᠰᠡᠭ ᠬᠡᠯᠪᠡᠷᠢ᠎ᠶ᠋ᠢᠨ ᠨᠡᠢᠭᠡᠮ᠎ᠢ ᠪᠠᠢᠭᠤᠯᠬᠤ᠎ᠶ᠋ᠢ ᠠᠬᠢᠭᠤᠯᠪᠠ︔ ᠬᠠᠤᠯᠢ᠎ᠪᠠᠷ ᠲᠣᠭ᠍ᠲᠠᠭᠠᠭ᠍ᠰᠠᠨ ᠠᠵᠢᠯ᠎ᠡᠴᠡ ᠠᠮᠠᠷᠠᠬᠤ ᠨᠠᠰᠤ᠎ᠶ᠋ᠢ ᠬᠣᠢᠱᠢᠯᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠯᠠᠪᠳᠠᠭᠤᠨ ᠪᠥᠭᠡᠳ ᠡᠮᠬᠢ ᠵᠢᠷᠤᠮ᠎ᠲᠠᠶ ᠬᠡᠷᠡᠭ᠌ᠵᠢᠭᠦᠯᠵᠦ᠍᠂ ᠠᠮᠢᠳᠤᠯᠢᠭ ᠠᠵᠢᠯ ᠣᠯᠬᠤ ᠪᠠ ᠱᠢᠨ᠎ᠡ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠳᠡᠯᠮᠦᠷᠢᠴᠢᠨ᠎ᠦ ᠬᠥᠳᠡᠯᠮᠦᠷᠢ᠎ᠶ᠋ᠢᠨ ᠪᠠᠲᠤᠯᠠᠭ᠎ᠠ ᠡᠷᠬᠡ ᠠᠱᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠪᠠ︔ᠬᠥᠮᠦᠨ ᠠᠮᠠ᠎ᠶ᠋ᠢᠨ ᠨᠠᠰᠤᠵᠢᠯᠳᠠ᠎ᠵᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠪᠤᠭᠤᠷᠤᠯᠴᠤᠳ᠎ᠤᠨ ᠠᠵᠤ ᠠᠬᠤᠢ ᠶ᠋ᠢ ᠶᠡᠬᠡ ᠪᠡᠷ ᠬᠥᠭ᠌ᠵᠢᠭᠦᠯᠪᠡ  ᠁

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠮᠠᠨ᠎ᠤ ᠤᠯᠤᠰ ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠵᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠱᠢᠰᠲ᠋ᠧᠮ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭ᠌ᠰᠡᠨ ᠨᠣᠷᠮ᠎ᠠ ᠪᠠ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ ᠴᠥᠮ 95% ᠡᠴᠡ ᠳᠡᠭᠡᠭ᠌ᠰᠢ ᠪᠣᠯᠵᠠᠶ᠃

ᠱᠢᠨ᠎ᠡ ᠠᠶᠠᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠠᠷᠠᠳ ᠲᠦᠮᠡᠨ᠎ᠦ ᠬᠠᠮᠲᠤ ᠪᠡᠷ ᠪᠠᠶᠠᠵᠢᠬᠤ ᠵᠢ ᠠᠬᠢᠭᠤᠯᠬᠤ᠎ᠪᠠᠷ ᠠᠷᠠᠳ ᠲᠦᠮᠡᠨ᠎ᠳᠦ ᠵᠣᠯ ᠵᠢᠷᠭᠠᠯ ᠣᠯᠭᠣᠬᠤ ᠬᠦᠴᠦᠯᠡᠬᠦ᠌ ᠴᠡᠭ ᠪᠣᠯᠭᠠᠵᠤ᠂ ᠤᠳᠠᠭᠠᠨ ᠳᠠᠭᠠᠭᠠᠮᠠᠭᠠᠢ ᠬᠦᠴᠦᠯᠡᠬᠦ  ᠪᠤᠯᠤᠨ᠎ᠠ ᠃

2035 ᠣᠨ ᠪᠣᠯᠬᠤ᠎ᠳᠤ᠂ 《ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠵᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠭᠠᠨ᠎ᠠ》᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠨᠠᠩ ᠠᠯᠤᠰ ᠬᠡᠲᠦ᠍᠎ᠶ᠋ᠢᠨ ᠬᠠᠷᠠᠯᠲᠠ ᠲᠡᠢᠰᠢ ᠬᠠᠮᠲᠤ᠎ᠪᠠᠷ ᠪᠠᠶᠠᠵᠢᠬᠤ ᠶ᠋ᠢ ᠲᠥᠯᠥᠪᠵᠢᠭᠦᠯᠪᠡ᠃ ᠢᠩᠭᠢᠵᠦ᠍ ᠥᠭᠦᠯᠡᠨ ᠢᠯᠡᠳᠬᠡᠭᠰᠡᠨ ᠨᠢ ᠨᠠᠮ᠎ᠤᠨ ᠪᠦᠭᠦᠳᠡ ᠬᠤᠷᠠᠯ᠎ᠤᠨ ᠪᠢᠴᠢᠭ ᠮᠠᠲ᠋ᠧᠷᠢᠶᠠᠯ᠎ᠳᠤ ᠠᠩᠬ᠎ᠠ ᠤᠳᠠᠭ᠎ᠠ ᠪᠣᠯᠤᠨ᠎ᠠ᠃

ᠠᠵᠢᠯᠴᠢ ᠬᠥᠳᠡᠯᠮᠦᠷᠢᠴᠢ᠎ᠪᠡᠷ ᠱᠢᠨ᠎ᠡ᠎ᠶ᠋ᠢ ᠡᠭᠦᠳᠦᠨ ᠪᠠᠶᠠᠵᠢᠨ ᠴᠢᠨᠡᠭᠡᠯᠢᠭ᠌ᠵᠢᠬᠦ᠌᠎ᠶ᠋ᠢ ᠵᠣᠷᠢᠭ᠍ᠵᠢᠭᠤᠯᠵᠤ᠂ ᠦᠨᠳᠦᠰᠦᠨ ᠠᠵᠤ ᠠᠬᠤᠢ᠎ᠶ᠋ᠢᠨ ᠪᠠᠢᠭᠤᠯᠤᠯ᠎ᠢ ᠪᠠᠷᠢᠮᠲᠠᠯᠠᠵᠤ᠂ ᠪᠦᠬᠦ ᠴᠢᠳᠠᠯ᠎ᠵᠢᠡᠷ᠎ᠢᠶᠠᠨ ᠴᠢᠷᠮᠠᠢᠵᠤ ᠴᠢᠳᠠᠯ᠎ᠤᠨ᠎ᠢᠶᠡᠨ ᠬᠢᠷᠢ ᠪᠡᠷ ᠬᠢᠵᠤ᠂ ᠠᠯᠬᠤᠮ ᠲᠠᠷᠠᠭ᠎ᠠ᠎ᠲᠠᠶ᠎ᠪᠠᠷ ᠤᠷᠤᠭ᠍ᠰᠢᠯᠠᠬᠤ᠎ᠶ᠋ᠢ ᠪᠠᠷᠢᠮᠲᠠᠯᠠᠪᠠ ᠁ ᠲᠠᠪᠤᠨ ᠵᠢᠯ᠎ᠦᠨ ᠲᠤᠷᠰᠢ᠂ ᠤᠨᠤᠯ᠎ᠢ ᠲᠡᠭᠦᠯᠳᠡᠷᠵᠢᠭᠦᠯᠬᠦ᠌᠎ᠡᠴᠡ ᠠᠪᠤᠭᠠᠳ  ᠵᠢᠱ᠌ᠢᠢ᠎ᠡ ᠦᠵᠡᠭᠦᠯᠦᠨ ᠵᠠᠮ ᠬᠠᠢᠬᠤ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠲᠤᠬᠠᠢ ᠠᠯᠢ ᠤᠯᠠᠨ ᠴᠢᠬᠤᠯᠠ ᠵᠢᠭᠠᠪᠤᠷᠢ ᠥᠭ᠌ᠴᠦ᠂ ᠡᠯ᠎ᠡ ᠲᠠᠯ᠎ᠠ᠎ᠶ᠋ᠢᠨ ᠠᠵᠢᠯ᠎ᠤᠨ ᠪᠣᠳᠠᠲᠤ ᠠᠬᠢᠴᠠ᠎ᠲᠠᠶ ᠪᠣᠯᠬᠤ᠎ᠶ᠋ᠢ ᠠᠬᠢᠭᠤᠯᠪᠠ᠃

ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢ ᠢᠮᠠᠭ᠍ᠲᠠ ᠲᠡᠷᠢᠭᠦᠨ᠎ᠳᠤ ᠲᠠᠯᠪᠢᠪᠠ︔

ᠣᠯᠠᠨ ᠨᠡᠢᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠠᠰᠢᠭ ᠤᠷᠤᠯᠭ᠎ᠠ ᠵᠢ ᠰᠠᠢᠲᠤᠷ ᠬᠤᠪᠢᠶᠠᠵᠤ᠂ ᠬᠥᠮᠦᠨ ᠪᠦᠬᠦᠨ᠎ᠳᠦ ᠡᠳ᠋ᠯᠡᠭᠦᠯᠬᠦ᠌ ᠵᠦᠶ ᠵᠣᠬᠢᠰᠲᠠᠶ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠪᠣᠶ ᠪᠣᠯᠭᠠᠪᠠ︔

ᠵᠧᠵᠢᠶᠠᠩ᠎ᠳᠤ ᠴᠢᠨᠠᠷ ᠰᠠᠢᠲᠠᠶ ᠬᠥᠭ᠌ᠵᠢᠵᠤ ᠬᠠᠮᠲᠤ᠎ᠪᠠᠷ ᠪᠠᠶᠠᠵᠢᠬᠤ᠌ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠵᠤ᠂ᠪᠥᠬᠥ᠌ ᠤᠯᠤᠰ᠎ᠲᠤ ᠵᠠᠮ ᠬᠠᠢᠬᠤ ᠡᠭᠦᠷᠭᠡ ᠬᠠᠷᠢᠭᠤᠴᠠᠯᠭ᠎ᠠ ᠶ᠋ᠢ ᠣᠯᠭᠣᠪᠠ ᠁

ᠰᠦᠷ ᠳᠠᠯᠠᠢᠴᠠᠲᠠᠢ ᠣᠳᠣᠬᠢᠴᠢᠯᠠᠯᠲᠠ᠎ᠶ᠋ᠢᠨ ᠠᠬᠢᠴᠠ ᠳᠤᠮᠳᠠ᠂ ᠠᠷᠠᠳ ᠲᠦᠮᠡᠨ ᠢᠮᠠᠭ᠍ᠲᠠ ᠬᠥᠭ᠌ᠵᠢᠯᠲᠡ᠎ᠶ᠋ᠢᠨ ᠯᠣᠭᠢᠭ᠎ᠤᠨ ᠭᠠᠷᠤᠭ᠎ᠠ᠂ ᠦᠷᠳᠡᠭ᠎ᠦᠨ ᠵᠣᠷᠢᠯᠲᠠ ᠪᠣᠯᠤᠭ᠍ᠰᠠᠭᠠᠷ ᠢᠷᠡᠵᠠᠢ᠃

ᠲᠥᠪᠡᠳ᠎ᠦᠨ ᠲᠢᠨᠭᠷᠢ ᠱᠢᠶᠠᠨ᠎ᠤ ᠫᠸᠨ ᠵᠶ᠋ᠢ ᠱᠢᠶᠠᠩ᠎ᠤᠨ ᠴᠢᠶᠠ ᠪᠠ ᠼᠦᠨ ᠲᠣᠰᠭᠣᠨ᠎ᠤ ᠴᠤᠨᠭᠳᠤᠢ ᠪᠠᠢᠭᠠᠯᠢ ᠲᠣᠰᠭᠣᠨ᠎ᠤ ᠵᠠᠮ᠎ᠤᠨ ᠬᠣᠶᠠᠷ ᠲᠠᠯ᠎ᠠ᠎ᠪᠠᠷ᠂  ᠲᠥᠪᠡᠳ ᠮᠠᠶᠢᠭ᠎ᠤᠨ ᠱᠢᠨ᠎ᠡ ᠰᠠᠭᠤᠴᠠ ᠨᠤᠭᠤᠳ ᠲᠡᠷᠢ ᠲᠡᠭ᠌ᠰᠢ ᠵᠢᠭᠳᠡᠷᠡᠨ ᠵᠢᠭ᠍ᠰᠠᠵᠤ ᠪᠠᠢᠯ᠎ᠠ᠃

ᠢᠱᠢᠰᠠᠩᠪᠤ ᠵᠢᠨ ᠱᠢᠨ᠎ᠡ ᠬᠡᠷ᠎ᠲᠦ ᠣᠷᠤᠪᠠᠯ᠂ 74 ᠲᠠᠢ ᠨᠠᠰᠤᠲᠠᠨ ᠲᠥᠪᠡᠳ ᠮᠠᠶᠢᠭ᠎ᠤᠨ ᠴᠣ ᠱᠢᠨ᠎ᠡ ᠱᠠᠹᠠ᠎ᠶ᠋ᠢ ᠲᠦᠱᠢᠨ ᠰᠠᠭᠤᠵᠤ᠂ ᠨᠡᠷᠡᠨ᠎ᠦ ᠬᠡᠷᠡᠯ ᠬᠤᠶᠠᠷ ᠲᠠᠪᠬᠤᠷ ᠴᠣᠩᠬᠣᠨ ᠰᠢᠯ᠎ᠢ ᠨᠡᠪᠲᠡᠯᠦᠨ ᠬᠠᠴᠠᠷ ᠳᠡᠭᠡᠷ᠎ᠡ ᠨᠢ ᠲᠤᠰᠤᠨ᠎ᠠ᠃ ᠨᠠᠰᠤᠲᠠᠨ᠄ 《ᠡᠢᠮᠦ᠍ ᠬᠤᠷᠳᠤᠨ ᠱᠢᠨ᠎ᠡ ᠭᠡᠷ᠎ᠲᠡᠬᠡᠨ ᠨᠡᠭᠦᠵᠦ᠍ ᠤᠷᠤᠵᠤ ᠢᠷᠡᠨ᠎ᠡ ᠭᠡᠵᠦ᠍ ᠪᠣᠳᠣᠵᠤ ᠣᠯᠤᠭ᠍ᠰᠠᠨ ᠦᠭᠡᠢ!》 ᠬᠡᠵᠤ ᠪᠠᠶᠠᠷ ᠲᠠᠶ᠎ᠬᠡᠯᠡᠨ᠎ᠡ᠃

2025 ᠣᠨ᠎ᠤ 1 ᠰᠠᠷ᠎ᠠ᠎ᠶ᠋ᠢᠨ 7 ᠎ᠤ᠋ ᠡᠳᠦᠷ᠂ ᠲᠢᠨᠭᠷᠢ ᠱᠢᠶᠠᠨ᠎ᠳᠤ 6.8 ᠲᠠᠰ᠎ᠤᠨ ᠭᠠᠵᠠᠷ ᠬᠥᠳᠡᠯᠪᠡ᠃ ᠶᠡᠷᠦᠩᠬᠡᠢ ᠱᠦᠵᠢ ᠰᠢ ᠵᠢᠨ ᠫᠢᠩ ᠲᠡᠷᠡ ᠳᠠᠷᠤᠢ᠎ᠳᠤᠨᠢ ᠴᠢᠬᠤᠯᠠ ᠵᠢᠭᠠᠪᠤᠷᠢ ᠥᠭ᠌ᠴᠦ᠂ 《ᠭᠠᠮᠱᠢᠭ᠍ᠳᠠᠭ᠍ᠰᠠᠨ ᠤᠯᠠᠨ ᠲᠦᠮᠡᠨ᠎ᠢ ᠲᠣᠬᠢᠲᠠᠢ ᠲᠥᠪᠬᠢᠨᠡᠭᠦᠯᠵᠦ᠍᠂ ᠬᠣᠢᠲᠤᠬᠢ ᠶᠠᠪᠤᠳᠠᠯ᠎ᠢ ᠰᠠᠢᠲᠤᠷ ᠬᠢᠬᠦ᠌ ᠬᠡᠷᠡᠭ᠌ᠲᠡᠢ》 ᠭᠡᠵᠦ᠍ ᠱᠠᠭᠠᠷᠳᠠᠪᠠ᠃

ᠠᠷᠠᠳ ᠲᠦᠮᠡᠨ᠎ᠢ ᠳᠡᠭᠡᠳᠦᠯᠡᠨ ᠠᠮᠢ ᠨᠠᠰᠤ᠎ᠶ᠋ᠢ ᠳᠡᠭᠡᠳᠦᠯᠡᠨ᠎ᠡ᠃

ᠬᠢᠵᠢᠭ᠎ᠲᠡᠶ ᠲᠡᠮᠡᠴᠡᠵᠦ᠂ ᠦᠶᠡᠷ᠎ᠲᠡᠶ ᠲᠡᠮᠡᠴᠡᠵᠦ᠂ ᠠᠶᠤᠯ ᠲᠦᠭ᠌ᠰᠢᠭᠦᠷᠢ᠎ᠶ᠋ᠢ ᠠᠷᠢᠯᠭᠠᠵᠤ᠂ ᠬᠤᠪᠢᠷᠠᠯᠲᠠ᠎ᠶ᠋ᠢ ᠠᠷᠭᠠᠴᠠᠭᠠᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠬᠡᠳᠦᠢ ᠶᠡᠬᠡ ᠦᠷᠡᠭ᠌ᠳᠡᠯ ᠭᠠᠷᠭᠠᠭ᠍ᠰᠠᠨ ᠴᠤ᠌ ᠢᠮᠠᠭ᠍ᠲᠠ ᠬᠤᠪᠢᠷᠠᠰᠢ ᠦᠭᠡᠢ᠃

ᠶᠡᠷᠦᠩᠬᠡᠢ ᠱᠦᠵᠢ ᠰᠢ ᠵᠢᠨ ᠫᠢᠩ᠄《ᠮᠠᠨ᠎ᠤ ᠨᠠᠮ ᠠᠷᠠᠳ ᠲᠦᠮᠡᠨ᠎ᠦ ᠲᠥᠯᠥᠭᠡ ᠪᠠᠢᠭᠤᠯᠤᠭᠳᠠᠵᠤ᠂ ᠠᠷᠠᠳ ᠲᠦᠮᠡᠨ᠎ᠡᠴᠡ ᠪᠤᠯᠵᠤ ᠮᠠᠨᠳᠤᠪᠠ᠂ ᠠᠯᠢᠪᠠ ᠠᠵᠢᠯ ᠪᠣᠯ ᠴᠥᠮ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠶᠤᠮ》 ᠭᠡᠵᠦ ᠭᠦᠨᠵᠡᠭᠡᠢ ᠵᠢᠭᠠᠵᠤ ᠭᠠᠷᠭᠠᠪᠠ᠃

ᠱᠢᠨ᠎ᠡ ᠠᠶᠠᠨ᠎ᠳᠤ᠂ ᠠᠷᠠᠳ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠶᠠᠪᠤᠬᠤ ᠳᠤᠳᠤᠮ ᠥᠷᠭᠡᠨ ᠰᠠᠷᠠᠭᠤᠯ ᠪᠤᠯᠤᠨ᠎ᠠ᠃

《ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠦᠨᠡᠨ ᠬᠦ᠌ ᠪᠠᠲᠤᠯᠠᠨ᠎ᠠ》

2026 ᠣᠨ᠎ᠤ 1 ᠰᠠᠷ᠎ᠠ᠎ᠶ᠋ᠢᠨ 20 ᠤ᠋ ᠦᠳᠡ᠎ᠶ᠋ᠢᠨ ᠡᠮᠦᠨ᠎ᠡ᠂ ᠲᠥᠪ᠎ᠦᠨ ᠨᠠᠮ᠎ᠤᠨ ᠰᠤᠷᠭᠠᠭᠤᠯᠢ᠎ᠶ᠋ᠢᠨ ᠶᠣᠰᠣᠯᠠᠯ᠎ᠤᠨ ᠲᠠᠩᠬᠢᠮ᠎ᠳᠤ᠂ ᠮᠣᠵᠢ ᠶᠠᠮᠤᠨ᠎ᠤ ᠲᠡᠰ᠎ᠤᠨ ᠭᠤᠤᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠡᠬᠢᠯᠡᠪᠡ᠃

《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠤ᠋ ᠡᠮᠦᠨ᠎ᠡ᠂ᠶᠡᠷᠦᠩᠬᠡᠢ ᠱᠦᠵᠢ ᠰᠢ ᠵᠢᠨ ᠫᠢᠩ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠦᠨ ᠠᠨᠭᠬᠠᠳᠤᠭᠠᠷ ᠬᠢᠴᠢᠶᠡᠯ᠎ᠢ ᠵᠢᠭᠠᠵᠤ᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠪᠦᠬᠦ᠌ ᠲᠠᠯ᠎ᠠ᠎ᠪᠠᠷ ᠭᠦᠨᠵᠡᠭᠡᠢ ᠣᠨᠣᠪᠴᠢᠲᠠᠢ ᠤᠢ᠍ᠢᠯᠠᠭᠠᠨ ᠡᠵᠡᠮᠱᠢᠬᠦ᠌ ᠬᠡᠷᠡᠭ᠌ᠲᠡᠢ》 ᠭᠡᠵᠤ ᠲᠤᠳᠤᠷᠬᠠᠢ ᠱᠠᠭᠠᠷᠳᠠᠪᠠ᠃

ᠶᠠᠪᠤᠵᠤ ᠦᠨᠭᠭᠡᠷᠡᠭᠰᠡᠨ ᠵᠠᠮ ᠰᠠᠯᠬᠢ ᠪᠣᠷᠣᠭᠠᠨ᠎ᠢ ᠲᠤᠭᠤᠯᠤᠬᠰᠡᠨ ᠶᠤᠮ᠃ 《ᠠᠩᠬᠠᠳᠤᠭᠠᠷ ᠲᠠᠪᠤᠨ ᠵᠢᠯ》 ᠡᠴᠡ 《ᠠᠷᠪᠠᠨ ᠳᠥᠷᠪᠡᠳᠦᠭᠡᠷ ᠲᠠᠪᠤᠨ ᠵᠢᠯ》 ᠪᠣᠯᠲᠠᠯ᠎ᠠ ᠡᠪ ᠬᠠᠮᠲᠤᠴᠤᠳ ᠦᠶ᠎ᠠ ᠲᠠᠮᠵᠢᠨ ᠵᠠᠯᠭᠠᠮᠵᠢᠯᠠᠵᠤ᠂ ᠪᠤᠤᠬᠢᠶ᠎ᠠ ᠳᠠᠮᠵᠢᠭᠤᠯᠤᠨ ᠤᠷᠤᠭ᠍ᠰᠢᠯᠠᠵᠤ᠂ ᠮᠠᠨ᠎ᠤ ᠤᠯᠤᠰ᠎ᠢᠶᠠᠨ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ ᠪᠣᠯᠭᠠᠨ ᠪᠦᠳᠦᠭᠡᠨ ᠪᠠᠢᠭᠤᠯᠬᠤ ᠭᠣᠣᠯ ᠰᠡᠳᠦᠪ᠎ᠢ ᠢᠮᠠᠭ᠍ᠲᠠ ᠲᠤᠭᠤᠱᠢᠯᠠᠭᠤᠯᠪᠠ᠃ ᠤᠳᠤ ᠪᠢᠳᠡ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠪᠣᠯᠲᠠᠯ᠎ᠠ 10 ᠵᠢᠯ ᠬᠦᠷᠬᠦ᠌ ᠦᠭᠡᠢ ᠪᠣᠯᠵᠠᠢ᠃

ᠳᠤᠮᠳᠠ ᠤᠷᠳᠤ ᠬᠤᠭᠤᠴᠠᠭᠠᠨ᠎ᠤ ᠲᠥᠯᠥᠪᠵᠢᠭᠦᠯᠭᠡ ᠨᠢ ᠶᠡᠬᠡ ᠤᠯᠤᠰ᠎ᠤᠨ ᠬᠥᠭ᠌ᠵᠢᠯᠲᠡ᠎ᠶ᠋ᠢᠨ ᠪᠠᠢᠷᠢᠱᠢᠯ᠂ ᠭᠣᠣᠯ ᠲᠡᠩᠭᠡᠯᠢᠭ ᠪᠣᠯᠤᠨ ᠴᠢᠭ᠌ᠯᠡᠯ᠎ᠢ ᠲᠣᠭ᠍ᠲᠠᠭᠠᠵᠤ ᠥᠭ᠌ᠴᠡᠢ᠃ ᠶᠡᠷᠦᠩᠬᠡᠢ ᠱᠦᠵᠢ ᠰᠢ ᠵᠢᠨ ᠫᠢᠩ᠄《ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠬᠤ ᠪᠠ ᠦᠷᠭᠦᠯᠵᠢᠯᠡᠨ ᠬᠡᠷᠡᠭ᠌ᠵᠢᠭᠦᠯᠬᠦ᠌ ᠪᠣᠯ ᠮᠠᠨ᠎ᠤ ᠨᠠᠮ᠎ᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠴᠢᠬᠤᠯᠠ ᠲᠤᠷᠱᠢᠯᠭ᠎ᠠ ᠮᠥᠨ᠂ ᠪᠠᠰᠠ ᠴᠤ᠌ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ》 ᠭᠡᠵᠤ ᠵᠠᠡᠭᠬᠢᠯᠠᠭ᠎ᠠ᠎ᠶᠢᠨ ᠬᠦᠳᠤᠯᠤᠮᠵᠢ ᠵᠢ ᠲᠤᠳᠤᠷᠬᠠᠢᠯᠠᠨ ᠦᠭᠴᠠᠢ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠮᠠᠨ᠎ᠤ ᠤᠯᠤᠰ 《ᠠᠷᠪᠠᠨ ᠬᠣᠶᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ 《ᠠᠷᠪᠠᠨ ᠭᠤᠷᠪᠠᠳᠤᠭᠠᠷ ᠲᠠᠪᠤᠨ ᠵᠢᠯ》 ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠭ᠍ᠰᠠᠨ ᠪᠥᠭᠡᠳ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠪᠠ᠃

ᠥᠨᠥᠳᠦᠷ᠂ ᠡᠪ ᠬᠠᠮᠲᠤᠴᠤᠳ ᠴᠠᠭ ᠦᠶ᠎ᠡ᠎ᠳᠦ ᠣᠰᠣᠯᠳᠠᠬᠤ ᠦᠭᠡᠢ ᠡᠭᠦᠷᠭᠡᠯᠡᠯ᠎ᠢᠶᠡᠷ ᠳᠠᠬᠢᠨᠲᠠ ᠡᠮᠦᠨ᠎ᠡ ᠡᠩᠨᠡᠭᠡᠨ᠎ᠳᠦ ᠵᠣᠭ᠍ᠰᠣᠵᠤ ᠪᠠᠢᠨ᠎ᠠ᠃

ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠪᠢᠴᠢᠭ ᠮᠠᠲ᠋ᠧᠷᠢᠶᠠᠯ᠎ᠢ ᠲᠤᠭᠤᠷᠪᠢᠬᠤ ᠳᠤᠭᠤᠢᠯᠠᠩ᠎ᠤᠨ ᠳᠠᠷᠤᠭ᠎ᠠ᠎ᠶ᠋ᠢᠨ ᠲᠤᠱᠢᠶᠠᠯ᠎ᠢ ᠪᠡᠶ᠎ᠡ᠎ᠪᠡᠷ᠎ᠢᠶᠡᠨ ᠡᠭᠦᠷᠭᠡᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ 《ᠰᠠᠨᠠᠭᠤᠯᠭ᠎ᠠ》 ᠵᠢ ᠨᠠᠢᠷᠠᠭᠤᠯᠤᠨ ᠵᠣᠬᠢᠶᠠᠬᠤ᠎ᠳᠤ ᠵᠠᠯᠠᠭᠤᠷ᠎ᠢ ᠠᠳᠭᠤᠵᠤ ᠠᠶᠠᠯᠠᠯ᠎ᠢ ᠳᠠᠭᠠᠭᠤᠯᠪᠠ; ᠡᠯ᠎ᠡ ᠭᠠᠵᠠᠷ᠎ᠲᠤ ᠬᠦᠷᠴᠦ᠍ ᠪᠠᠢᠴᠠᠭᠠᠨ ᠰᠤᠳᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢ ᠭᠦᠨᠵᠡᠭᠡᠶ ᠰᠡᠳᠭᠢᠨ ᠰᠦᠪᠡᠭ᠌ᠴᠢᠯᠡᠪᠠ; ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ ᠰᠠᠨᠠᠯ ᠰᠠᠨᠠᠭᠤᠯᠭ᠎ᠠ ᠰᠣᠨᠣᠰᠤᠨ᠂ ᠰᠦᠯᠵᠢᠶᠡᠨ ᠢᠷᠭᠡᠳ ᠤ᠋ᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠤᠨ ᠲᠤᠬᠠᠢ ᠰᠠᠨᠠᠯ ᠰᠠᠨᠠᠭᠤᠯᠭ᠎ᠠ᠎ᠶ᠋ᠢ ᠰᠤᠳᠤᠯᠤᠨ ᠱᠢᠩᠭᠡᠭᠡᠨ ᠠᠪᠬᠤ ᠲᠤᠬᠠᠢ ᠴᠢᠬᠤᠯᠠ ᠵᠢᠭᠠᠪᠤᠷᠢ ᠭᠠᠷᠭᠠᠵᠤ᠂ ᠠᠷᠠᠳ᠎ᠤᠨ ᠪᠠᠢᠳᠠᠯ᠎ᠢ ᠥᠷᠭᠡᠨ ᠭᠦᠨᠵᠡᠭᠡᠢ ᠪᠠᠢᠴᠠᠭᠠᠵᠤ ᠠᠷᠠᠳ᠎ᠤᠨ ᠰᠠᠨᠠᠭ᠎ᠠ᠎ᠶ᠋ᠢ ᠰᠣᠨᠣᠰᠴᠤ᠌ ᠠᠷᠠᠳ᠎ᠤᠨ ᠤᠶᠤᠨ ᠤᠬᠠᠭᠠᠨ᠎ᠢ ᠬᠤᠷᠠᠮᠳᠤᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ  ᠁

ᠪᠠᠢᠳᠠᠯ᠎ᠢ ᠠᠵᠢᠵᠤ ᠴᠢᠭᠯᠡᠯ ᠢ᠋ ᠲᠣᠭ᠍ᠲᠠᠭᠠᠨ ᠲᠡᠦᠬᠡ᠎ᠶ᠋ᠢᠨ ᠣᠷᠣᠨ ᠪᠠᠢᠷᠢ᠎ᠶ᠋ᠢ ᠲᠣᠳᠣᠷᠬᠠᠢᠯᠠᠪᠠ  —

ᠮᠠᠨ᠎ᠤ ᠤᠯᠤᠰ 《ᠠᠷᠪᠠᠨ ᠳᠥᠷᠪᠡᠳᠦᠭᠡᠷ ᠲᠠᠪᠤᠨ ᠵᠢᠯ》᠂ 《ᠠᠷᠪᠠᠨ ᠲᠠᠪᠤᠳᠤᠭᠠᠷ ᠲᠠᠪᠤᠨ ᠵᠢᠯ》᠂ 《ᠠᠷᠪᠠᠨ ᠵᠢᠷᠭᠤᠳᠤᠭᠠᠷ ᠲᠠᠪᠤᠨ ᠵᠢᠯ》 ᠤ᠋ᠨ 3 ᠲᠠᠪᠤᠨ ᠵᠢᠯ᠎ᠦᠨ ᠴᠢᠷᠮᠠᠢᠯᠭ᠎ᠠ᠎ᠪᠠᠷ᠂ 2035 ᠣᠨ ᠪᠣᠯᠬᠤ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ 《ᠬᠣᠶᠠᠷ ᠠᠯᠬᠤᠮ᠎ᠢᠶᠠᠷ ᠶᠠᠪᠤᠬᠤ》 ᠪᠠᠢᠯᠳᠤᠬᠤ ᠪᠤᠳᠤᠯᠭ᠎ᠠ᠎ᠶ᠋ᠢᠨ ᠲᠤᠬᠢᠷᠠᠭᠤᠯᠤᠯᠳᠠ᠎ᠶ᠋ᠢ ᠪᠡᠶᠡᠯᠡᠭᠦᠯᠦᠨ᠎ᠡ᠃ 《ᠠᠷᠪᠠᠨ ᠲᠠᠪᠤᠳᠤᠭᠠᠷ ᠲᠠᠪᠤᠨ ᠵᠢᠯ》 ᠪᠤᠯ ᠤᠷᠢᠳᠤᠬᠢ᠎ᠶ᠋ᠢ ᠵᠠᠯᠭᠠᠮᠵᠢᠯᠠᠨ ᠬᠤᠢᠰᠢᠬᠢ ᠳ᠋ᠤ ᠵᠠᠮ ᠨᠡᠭᠡᠭᠡᠬᠦ᠌ ᠲᠠᠪᠤᠨ ᠵᠢᠯ ᠮᠥᠨ᠃

ᠶᠡᠷᠦᠩᠬᠡᠢ ᠱᠦᠵᠢ ᠰᠢ ᠵᠢᠨ ᠫᠢᠩ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠲᠣᠭ᠍ᠲᠠᠭᠠᠨ ᠬᠡᠷᠡᠭ᠌ᠵᠢᠭᠦᠯᠪᠡᠯ 2035 ᠣᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠨᠡᠩ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠴᠦ ᠴᠢᠳᠠᠨ᠎ᠠ ᠭᠡᠵᠦ᠍ ᠴᠢᠬᠤᠯᠠᠴᠢᠯᠠᠪᠠ᠃

ᠪᠠᠢᠳᠠᠯ᠎ᠳᠤ ᠲᠣᠬᠢᠷᠠᠭᠤᠯᠤᠨ ᠠᠷᠭ᠎ᠠ ᠰᠦᠪᠡᠭ᠌ᠴᠢᠯᠡᠵᠦ᠍᠂ ᠶᠡᠬᠡ ᠪᠠᠢᠳᠠᠯ ᠶᠡᠬᠡ ᠬᠠᠨᠳᠤᠰᠢ᠎ᠶ᠋ᠢ ᠡᠵᠡᠮᠳᠡᠪᠠ  —

ᠠᠵᠠ ᠲᠣᠬᠢᠶᠠᠯ ᠥᠷᠢᠰᠥᠯᠳᠦᠭᠡᠨ᠎ᠢ ᠬᠤᠪᠢᠰᠤᠩᠭᠤᠶ᠎ᠪᠠᠷ ᠵᠠᠳᠠᠯᠪᠠᠯ᠄ ᠲᠣᠮᠣ ᠤᠯᠤᠰ᠎ᠤᠨ ᠬᠠᠷᠢᠴᠠᠭ᠎ᠠ᠎ᠨᠢ ᠳᠡᠯᠡᠬᠡᠶ᠎ᠶ᠋ᠢᠨ ᠪᠠᠢᠳᠠᠯ᠎ᠢ ᠨᠥᠯᠥᠭᠡᠯᠡᠵᠦ᠍᠂ ᠳᠡᠯᠡᠬᠡᠶ᠎ᠶ᠋ᠢᠨ ᠪᠠᠢᠳᠠᠯ᠎ᠤᠨ ᠬᠤᠪᠢᠰᠤᠯᠲᠠ᠎ᠨᠢ ᠤᠯᠤᠰ᠎ᠤᠨ ᠳᠣᠲᠣᠭᠠᠳᠤ᠎ᠶ᠋ᠢᠨ ᠬᠥᠭ᠌ᠵᠢᠯᠲᠡ᠎ᠶ᠋ᠢ ᠭᠦᠨᠵᠡᠭᠡᠶ ᠨᠥᠯᠥᠭᠡᠯᠡᠵᠦ᠍᠂ ᠮᠠᠨ᠎ᠤ ᠤᠯᠤᠰ᠎ᠤᠨ ᠬᠥᠭ᠌ᠵᠢᠯᠲᠡ᠎ᠨᠢ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ ᠪᠠ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ ᠪᠡᠷ ᠣᠷᠣᠱᠢᠵᠤ᠂ ᠲᠣᠭ᠍ᠲᠠᠭᠠᠯᠲᠤ ᠪᠤᠰᠤ ᠲᠥᠰᠦᠭᠡᠯᠡᠬᠦᠶ᠎ᠡ ᠪᠡᠷᠬᠡ ᠬᠦᠴᠦᠨ ᠵᠦᠶ᠋ᠯ ᠨᠡᠮᠡᠭ᠌ᠳᠡᠵᠦ᠍ ᠪᠠᠢᠭ᠎ᠠ ᠴᠠᠭ ᠦᠶ᠎ᠡ᠎ᠳᠦ ᠣᠷᠣᠱᠢᠵᠤ ᠪᠠᠢᠨ᠎ᠠ᠃

ᠳᠠᠪᠠᠭᠤᠯᠢᠭ ᠨᠥᠬᠥᠴᠡᠯ ᠢ᠋ ᠪᠤᠰᠤᠳᠴᠢ ᠪᠡᠷ ᠡᠵᠡᠮᠳᠡᠪᠡᠯ᠄ ᠮᠠᠨ᠎ᠤ ᠤᠯᠤᠰ᠎ᠤᠨ ᠠᠵᠤ ᠠᠬᠤᠢ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠨᠥᠭᠡᠴᠡ ᠬᠦᠴᠦᠨ ᠶᠡᠬᠡ᠂ ᠤᠷᠳᠤ ᠬᠤᠭᠤᠴᠠᠭ᠎ᠠ᠎ᠪᠠᠷ ᠰᠠᠢᠵᠢᠷᠠᠬᠤ ᠲᠤᠯᠭᠠᠭᠤᠷᠢᠯᠠᠯ᠎ᠤᠨ ᠨᠥᠬᠥᠴᠡᠯ ᠪᠣᠯᠤᠨ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠂ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠂ ᠪᠦᠷᠢᠨ ᠪᠦᠲᠦᠨ ᠠᠵᠤ ᠦᠢᠯᠡᠰ᠎ᠦᠨ ᠱᠢᠰᠲ᠋ᠧᠮ᠎ᠦᠨ ᠳᠠᠪᠠᠭᠤᠯᠢᠭ᠂ ᠴᠢᠳᠠᠪᠤᠷᠢᠲᠠᠨ᠎ᠤ ᠡᠬᠢ ᠪᠠᠶᠠᠯᠢᠭ᠎ᠢ ᠪᠠᠶᠠᠯᠢᠭ᠍ᠵᠢᠭᠤᠯᠬᠤ ᠳᠠᠪᠠᠭᠤᠯᠢᠭ᠎ᠢ ᠨᠡᠩ ᠭᠦᠢᠴᠡᠳ ᠢᠯᠡᠷᠡᠭᠦᠯᠪᠡ᠃

ᠶᠡᠷᠦᠩᠬᠡᠶ ᠱᠦᠵᠢ ᠰᠢ ᠵᠢᠨ ᠫᠢᠩ ᠥᠨᠳᠥᠷ᠎ᠲᠦ ᠵᠣᠭ᠍ᠰᠣᠨ ᠠᠯᠤᠰ᠎ᠢ ᠪᠡᠷᠡᠯᠡᠵᠦ᠍᠄ 《ᠡᠨᠡ ᠬᠦ᠌ ᠴᠠᠭ ᠬᠤᠭᠤᠴᠠᠭᠠᠨ᠎ᠤ ᠴᠣᠩᠬᠣᠪᠴᠢ᠎ᠶ᠋ᠢ ᠠᠳᠭᠤᠨ᠂ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠪᠣᠭᠣᠮᠢ ᠬᠢᠵᠠᠭᠠᠷᠯᠠᠯ᠎ᠢ ᠡᠪᠳᠡᠨ᠂ ᠳᠤᠲᠠᠭᠤᠳᠠᠯ ᠪᠠ ᠪᠠᠭᠤᠷᠠᠶ ᠲᠠᠯ᠎ᠠ᠎ᠪᠠᠨ ᠨᠥᠬᠥᠪᠥᠷᠢᠯᠡᠵᠦ᠍᠂ ᠣᠯᠠᠨ ᠤᠯᠤᠰ᠎ᠤᠨ ᠬᠤᠷᠴᠠ ᠱᠢᠷᠦᠭᠦᠨ ᠥᠷᠢᠰᠥᠯᠳᠦᠭᠡᠨ᠎ᠦ ᠳᠤᠮᠳᠠ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠬᠥ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢᠨ ᠴᠢᠬᠤᠯᠠ ᠶᠡᠬᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠱᠢᠶ᠋ᠳᠪᠦᠷᠢᠯᠡᠭ᠌ᠴᠢ ᠴᠢᠨᠠᠷᠲᠠᠶ ᠠᠬᠢᠴᠠ᠎ᠲᠠᠶ ᠪᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ》 ᠭᠡᠵᠤ ᠵᠠᠬᠢᠪᠠ᠃

《ᠪᠠᠳᠤᠯᠠᠪᠠ!》

2025 ᠣᠨ᠎ᠤ 10 ᠰᠠᠷ᠎ᠠ᠎ᠶ᠋ᠢᠨ 23᠎ᠤ᠋ ᠦᠳᠡ᠎ᠶ᠋ᠢᠨ ᠬᠣᠢᠨ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠬᠣᠶᠠᠳᠤᠭᠠᠷ ᠤᠳᠠᠭ᠎ᠠ ᠵᠢᠨ ᠪᠥᠬᠥᠳᠡ ᠬᠤᠷᠠᠯ ᠳᠡᠭᠡᠷ᠎ᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ 《ᠰᠠᠨᠠᠭᠤᠯᠭ᠎ᠠ》 ᠶ᠋ᠢ ᠪᠠᠲᠤᠯᠠᠪᠠ᠃ ᠶᠡᠷᠦᠩᠬᠡᠢ ᠱᠦᠵᠢ ᠰᠢ ᠵᠢᠨ ᠫᠢᠩ᠎ᠵᠠᠷᠯᠡᠨ ᠨᠠᠢᠳᠠᠯᠡᠬᠦ ᠳ᠋ᠤ᠂ ᠬᠠᠯᠠᠭᠤᠨ ᠠᠯᠠᠭ᠎ᠠ ᠲᠠᠱᠢᠯᠳᠠ ᠵᠢᠨ ᠲᠠᠭᠤᠨ ᠤᠳᠠᠲᠠᠯ᠎ᠠ ᠴᠤᠤᠷᠢᠶᠠᠳᠤᠪᠠ᠃

ᠡᠨᠡ ᠬᠦ᠌ ᠠᠤᠭ᠎ᠠ ᠶᠡᠬᠡ ᠪᠠᠢᠯᠳᠤᠬᠤ ᠪᠤᠳᠤᠯᠭ᠎ᠠ᠎ᠶ᠋ᠢᠨ ᠵᠢᠷᠤᠭ ᠲᠥᠯᠥᠪᠯᠡᠭᠡ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠬᠠᠷᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠵᠠᠮ ᠤ᠋ᠨ ᠵᠢᠷᠤᠭ᠂ ᠲᠤᠩᠬᠠᠭ ᠪᠢᠴᠢᠭ ᠪᠣᠯᠤᠨ᠎ᠠ᠃

ᠡᠬᠢᠯᠡᠯᠲᠡ ᠨᠢ ᠪᠦᠬᠦ᠌ ᠲᠠᠯ᠎ᠠ᠎ᠳᠤ ᠬᠣᠯᠪᠣᠭ᠍ᠳᠠᠵᠤ᠂ ᠡᠬᠢᠯᠡᠯᠲᠡ ᠨᠢ ᠬᠣᠢᠨᠠᠬᠢ ᠬᠠᠨᠳᠤᠰᠢ ᠵᠢ ᠲᠣᠭ᠍ᠲᠠᠭᠠᠳᠠᠭ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠵᠣᠷᠢᠯᠲᠠ᠎ᠶ᠋ᠢ ᠬᠡᠷᠬᠢᠨ ᠤᠯᠤᠰ᠎ᠤᠨ ᠵᠣᠷᠢᠭ ᠰᠠᠨᠠᠭ᠎ᠠ ᠪᠠ ᠲᠦᠭ ᠲᠦᠮᠡᠨ ᠠᠷᠠᠳ ᠲᠦᠮᠡᠨ᠎ᠦ ᠠᠵᠢᠯᠯᠠᠭ᠎ᠠ ᠪᠣᠯᠭᠠᠨ ᠬᠤᠪᠢᠷᠠᠭᠤᠯᠬᠤ ᠨᠢ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠵᠤ ᠪᠠᠢᠳᠠᠭ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠪᠦᠬᠦ᠌ ᠤᠯᠤᠰ᠎ᠤᠨ ᠬᠣᠶᠠᠷ ᠬᠤᠷᠠᠯ ᠬᠦᠷᠲᠡᠯ᠎ᠡ᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠭᠡᠵᠦ᠍᠂ ᠬᠠᠮᠲᠤ᠎ᠶ᠋ᠢᠨ ᠲᠠᠨᠢᠯᠲᠠ᠎ᠪᠠᠨ ᠤᠯᠠᠮ ᠨᠢᠭ᠍ᠲᠠᠷᠠᠭᠤᠯᠪᠠ᠃

2025 ᠣᠨ᠎ᠤ 11 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤ᠋ᠨ ᠲᠠᠷᠠᠭ᠎ᠠ ᠠᠩᠬ᠎ᠠ ᠤᠳᠠᠭ᠎ᠠ ᠱᠢᠨᠵᠢᠯᠡᠨ ᠪᠠᠢᠴᠠᠭᠠᠵᠤ᠂ ᠶᠡᠷᠦᠩᠬᠡᠢ ᠱᠦᠵᠢ ᠰᠢ ᠵᠢᠨ ᠫᠢᠩ ᠡᠮᠦᠨᠡᠰᠢ ᠮᠣᠷᠳᠠᠪᠠ᠃

ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠤᠳᠠᠯ ᠦᠭᠡᠢ ᠪᠣᠭᠣᠮᠲᠠ᠎ᠪᠠᠨ ᠬᠠᠭᠠᠬᠤ ᠪᠣᠯᠤᠨ᠎ᠠ᠂ ᠶᠡᠷᠦᠩᠬᠡᠢ ᠱᠦᠵᠢ ᠶᠡᠬᠡ ᠬᠠᠨᠳᠤᠰᠢ᠎ᠶ᠋ᠢ ᠪᠣᠳᠣᠯᠬᠢᠯᠠᠵᠤ᠂ ᠠᠷᠭ᠎ᠠ ᠪᠤᠳᠤᠯᠭ᠎ᠠ ᠲᠣᠭ᠍ᠲᠠᠭᠠᠪᠠ᠄ 《ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠥᠨᠳᠥᠷ ᠪᠠᠷᠢᠮᠵᠢᠶ᠎ᠠ᠎ᠪᠠᠷ ᠪᠦᠳᠦᠭᠡᠨ ᠪᠠᠢᠭᠤᠯᠬᠤ᠎ᠶ᠋ᠢᠨ ᠭᠣᠣᠯ ᠵᠣᠷᠢᠯᠭ᠎ᠠ ᠪᠣᠯ ᠬᠠᠢᠨᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ ᠶᠤᠮ》᠃

ᠭᠤᠸᠠᠩᠳᠦ᠋ᠩ᠎ᠳᠡᠬᠢ ᠠᠶᠠᠯᠠᠯ᠎ᠳᠠᠭᠠᠨ ᠶᠡᠷᠦᠩᠬᠡᠢ ᠱᠦᠵᠢ᠂ ᠭᠤᠸᠠᠩᠳᠦ᠋ᠩ᠎ᠦᠨ 《ᠥᠭᠡᠷᠡᠴᠢᠯᠡᠯᠲᠡ ᠨᠡᠬᠡᠬᠡᠯᠳᠡ᠎ᠶ᠋ᠢᠨ ᠬᠣᠱᠢᠭᠤᠴᠢ ᠴᠡᠷᠢᠭ᠂ ᠬᠣᠱᠢᠭᠤᠴᠢ ᠣᠷᠣᠨ᠂ ᠲᠤᠷᠱᠢᠯᠲᠠ᠎ᠶ᠋ᠢᠨ ᠣᠷᠣᠨ》 ᠭᠡᠬᠦ  ᠪᠠᠢᠷᠢ ᠲᠤᠬᠳᠠᠭᠠᠯᠳᠠ ᠵᠢ ᠴᠢᠬᠤᠯᠠᠴᠢᠯᠠᠵᠤ᠂ 《ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠭᠠᠷᠠᠢ》 ᠭᠡᠵᠦ᠍ ᠵᠣᠷᠢᠭ᠍ᠵᠢᠭᠤᠯᠪᠠ᠃

ᠴᠢᠬᠤᠯᠠ ᠬᠤᠷᠠᠯ᠎ᠳᠤ ᠣᠷᠣᠯᠴᠠᠵᠤ᠂ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠬᠢᠯᠡᠨ᠂ ᠣᠷᠣᠨ ᠨᠤᠲᠤᠭ᠎ᠲᠤ ᠬᠦᠷᠴᠦ᠍ ᠱᠢᠨᠵᠢᠯᠡᠨ ᠪᠠᠢᠴᠠᠭᠠᠵᠤ ᠪᠠᠢᠴᠠᠭᠠᠨ ᠰᠤᠳᠤᠯᠵᠤ᠂ ᠶᠡᠷᠦᠩᠬᠡᠢ ᠱᠦᠵᠢ ᠰᠢ ᠵᠢᠨ ᠫᠢᠩ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠳᠣᠷᠬᠠᠢᠯᠠᠨ ᠲᠠᠢᠯᠪᠤᠷᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ 《ᠬᠥᠲᠥᠯᠪᠦᠷᠢ᠎ᠶ᠋ᠢᠨ ᠲᠥᠰᠦᠯ》 ᠢ᠋ ᠨᠠᠢᠷᠠᠭᠤᠯᠤᠨ ᠵᠣᠬᠢᠶᠠᠬᠤ ᠪᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠪᠣᠳᠠᠲᠠᠢ ᠠᠵᠢᠯ᠎ᠢᠶᠠᠨ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃

ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠵᠤ ᠬᠡᠷᠡᠭ᠌ᠵᠢᠭᠦᠯᠬᠦ᠌ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ᠎ᠢ ᠪᠦᠬᠦ᠌ ᠲᠠᠯ᠎ᠠ᠎ᠪᠠᠷ ᠲᠣᠳᠣᠷᠬᠠᠢᠯᠠᠨ ᠲᠠᠢᠯᠪᠤᠷᠢᠯᠠᠪᠠ᠄ ᠨᠠᠮ᠎ᠤᠨ ᠤᠳᠤᠷᠢᠳᠤᠯᠭ᠎ᠠ᠎ᠶ᠋ᠢ ᠪᠡᠶᠡᠯᠡᠭᠦᠯᠬᠦ᠌᠎ᠳᠦ ᠠᠱᠢᠭ᠍ᠲᠠᠢ᠂ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ᠌᠎ᠳᠦ ᠠᠱᠢᠭ᠍ᠲᠠᠢ᠂ ᠠᠯᠤᠰ ᠬᠡᠳᠦ᠍᠎ᠶ᠋ᠢᠨ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠠᠰᠠᠭᠤᠳᠠᠯ᠎ᠢ ᠡᠵᠡᠮᠳᠡᠬᠦ᠌᠎ᠳᠦ ᠠᠱᠢᠭ᠍ᠲᠠᠢ᠂ ᠠᠵᠢᠯ ᠦᠢᠯᠡᠰ᠎ᠦᠨ ᠦᠷᠭᠦᠯᠵᠢᠯᠡᠬᠦ᠌ ᠴᠢᠨᠠᠷ᠎ᠢ ᠪᠠᠲᠤᠯᠠᠬᠤ᠎ᠳᠤ ᠠᠱᠢᠭ᠍ᠲᠠᠢ᠃

ᠤᠷᠳᠤ ᠬᠤᠭᠤᠴᠠᠭᠠᠨ᠎ᠤ ᠦᠢᠯᠡᠳᠦᠯᠭᠡ᠎ᠶ᠋ᠢᠨ ᠳᠤᠮᠳᠠ ᠡᠭᠦᠳᠦᠨ ᠪᠦᠲᠦᠭᠡᠵᠦ᠍ ᠬᠤᠷᠠᠮᠳᠤᠭᠤᠯᠤᠭ᠍ᠰᠠᠨ ᠪᠠᠶᠠᠯᠢᠭ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠪᠠ᠄ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠵᠤ᠂ ᠤᠯᠤᠰ ᠲᠠᠶᠠᠭᠠᠷ ᠨᠢᠭᠡ ᠬᠥᠯᠭᠡ ᠱᠢᠳᠠᠷ᠎ᠠ ᠪᠣᠯᠬᠤ᠎ᠶ᠋ᠢ ᠪᠠᠷᠢᠮᠲᠠᠯᠠᠵᠤ᠂ ᠠᠷᠠᠳᠴᠢᠯᠠᠯ᠎ᠢ ᠪᠠᠳᠠᠷᠠᠭᠤᠯᠬᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ᠌᠂ ᠲᠥᠯᠥᠪᠵᠢᠭᠦᠯᠭᠡ᠎ᠳᠦ ᠬᠠᠤᠯᠢ᠎ᠪᠠᠷ ᠲᠣᠭ᠍ᠲᠠᠭᠠᠭ᠍ᠰᠠᠨ ᠵᠠᠷᠴᠢᠮ᠎ᠢ ᠪᠠᠷᠢᠮᠲᠠᠯᠠᠬᠤ ᠵᠡᠷᠭᠡ ᠪᠣᠯᠤᠨ᠎ᠠ᠃

ᠤᠯᠤᠰ ᠪᠠ ᠣᠷᠣᠨ ᠨᠤᠲᠤᠭ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠴᠢ ᠲᠤᠰᠭᠠᠢ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠳᠤ ᠴᠢᠭ᠌ᠯᠡᠭᠦᠯᠦᠨ᠂ ᠶᠡᠷᠦᠩᠬᠡᠢ ᠱᠦᠵᠢ ᠰᠢ ᠵᠢᠨ ᠫᠢᠩ᠄ 《ᠪᠤᠢ ᠪᠦᠬᠦᠢ ᠲᠥᠯᠥᠪᠵᠢᠭᠦᠯᠭᠡ᠎ᠳᠦ ᠴᠥᠮ ᠦᠨᠡᠨ᠎ᠡᠴᠡ ᠵᠥᠪ᠎ᠢ ᠡᠷᠢᠬᠦ᠌᠂ ᠦᠨᠡᠨ ᠪᠣᠳᠠᠲᠠᠢ ᠪᠠᠢᠬᠤ᠎ᠶ᠋ᠢ ᠬᠥᠭᠡᠭᠡᠴᠡᠯᠳᠦᠬᠦ᠌᠂ ᠬᠣᠯᠢᠴᠠ ᠦᠭᠡᠢ ᠨᠡᠮᠡᠭ᠌ᠳᠡᠯ᠎ᠢ ᠪᠡᠶᠡᠯᠡᠭᠦᠯᠵᠦ᠍᠂ ᠴᠢᠨᠠᠷ ᠰᠠᠢᠲᠠᠢ᠂ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ》 ᠭᠡᠵᠤ ᠲᠤᠳᠤᠷᠬᠠᠢ ᠱᠠᠭᠠᠷᠳᠠᠪᠠ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠪᠦᠬᠦ᠌ ᠤᠯᠤᠰ᠎ᠤᠨ ᠬᠣᠶᠠᠷ ᠬᠤᠷᠠᠯ ᠬᠦᠷᠲᠡᠯ᠎ᠡ᠂ ᠢᠷᠡᠭᠡᠳᠦᠢ᠎ᠳᠦ ᠬᠠᠨᠳᠤᠭᠤᠯᠤᠨ ᠭᠦᠨᠵᠡᠭᠡᠢ ᠪᠣᠳᠣᠯᠬᠢᠯᠠᠵᠤ᠂ ᠦᠷᠭᠦᠯᠵᠢᠯᠡᠨ ᠲᠥᠯᠥᠪᠵᠢᠭᠦᠯᠪᠡ᠃

2026 ᠤᠨ ᠤ᠋ 2 ᠰᠠᠷ᠎ᠠ ᠵᠢᠨ 9 ᠤ᠋ ᠡᠳᠤᠷ᠂ ᠶᠡᠷᠦᠩᠬᠡᠢ ᠱᠦᠵᠢ ᠰᠢ ᠵᠢᠨ ᠫᠢᠩ ᠪᠡᠭᠡᠵᠢᠩ ᠤ᠋ᠨ ᠢ ᠵᠤᠸᠠᠩ ᠳ᠋ᠤ ᠪᠠᠢᠷᠢᠯᠠᠭ᠎ᠠ ᠤᠯᠤᠰ ᠤ᠋ᠨ ᠮᠡᠳᠡᠭᠡ ᠵᠡᠨᠭᠭᠢ ᠵᠢᠨ ᠮᠡᠷᠭᠡᠵᠢᠯ ᠤ᠋ᠨ ᠰᠢᠨ᠎ᠠ ᠵᠢ ᠡᠬᠦᠳᠬᠦ ᠬᠦᠷᠢᠶᠠᠯᠠᠩ ᠳ᠋ᠤ ᠬᠦᠷᠴᠤ᠂ ᠮᠡᠳᠡᠭᠡ ᠵᠠᠩᠭᠢ ᠵᠢᠨ ᠮᠡᠷᠭᠡᠵᠢᠯ ᠤ᠋ᠨ ᠰᠢᠨ᠎ᠠ ᠵᠢ ᠡᠬᠦᠳᠬᠦ ᠭᠡᠷᠡᠭᠯᠡᠯᠳᠠ ᠵᠡᠷᠭᠡ ᠪᠡᠢᠳᠠᠯ ᠢ᠋ ᠤᠢᠯᠠᠭᠠᠪᠠ᠃

ᠲᠦᠷᠦᠭᠦᠬᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠬᠣᠷᠢᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠵᠦ᠍᠂ ᠤᠷᠢᠳᠠᠴᠢ ᠪᠠᠢᠷᠢᠰᠢᠭᠤᠯᠤᠯᠳᠠ ᠪᠤᠯᠤᠨ ᠢᠷᠡᠭᠡᠳᠦᠶ᠎ᠶ᠋ᠢᠨ ᠠᠵᠤ ᠦᠶ᠋ᠯᠡᠰ᠎ᠢ᠋ ᠬᠦᠭᠵᠢᠬᠦᠯᠬᠦ ᠳ᠋ᠤ ᠠᠩᠬᠠᠷᠤᠯ᠎ᠢᠶᠠᠨ ᠲᠥᠪᠯᠡᠷᠡᠭᠦᠯᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ ᠠᠩᠬ᠎ᠠ ᠤᠳᠠᠭ᠎ᠠ ᠣᠷᠣᠨ ᠨᠤᠲᠤᠭ᠎ᠲᠤ ᠱᠢᠨᠵᠢᠯᠡᠨ ᠪᠠᠢᠴᠠᠭᠠᠵᠤ᠂ ᠠᠩᠬ᠎ᠠ ᠤᠳᠠᠭ᠎ᠠ ᠬᠠᠮᠲᠤ᠎ᠶ᠋ᠢᠨ ᠰᠤᠷᠤᠯᠴᠠᠯᠭ᠎ᠠ ᠬᠢᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠎ᠶ᠋ᠢᠨ ᠲᠤᠯᠭᠠᠮ ᠴᠢᠨᠠᠷ᠎ᠢ ᠲᠤᠪᠤᠢ᠌ᠯᠭᠠᠪᠠ᠃

《ᠰᠠᠨᠠᠭᠤᠯᠭ᠎ᠠ》 ᠳ᠋ᠤ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠦᠲᠦᠭᠡᠨ ᠪᠠᠢᠭᠤᠯᠬᠤ᠎ᠶ᠋ᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠡᠯ᠎ᠡ ᠵᠦᠢᠯ᠎ᠦᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢᠨ ᠲᠡᠷᠢᠬᠦᠨ ᠵᠦᠢᠯ ᠪᠣᠯᠭᠠᠵᠤ᠂ ᠭᠦᠨᠵᠡᠭᠡᠢ ᠰᠡᠳᠬᠢᠵᠤ ᠭᠦᠢᠴᠡᠳ ᠪᠣᠳᠣᠯᠬᠢᠯᠠᠭ᠍ᠰᠠᠨ ᠶᠤᠮ》 ᠭᠡᠵᠦ᠍ ᠶᠡᠷᠦᠩᠬᠡᠢ ᠱᠦᠵᠢ ᠰᠢ ᠵᠢᠨ ᠫᠢᠩ ᠭᠦᠨᠵᠡᠭᠡᠢ ᠵᠢᠭᠠᠵᠤ ᠭᠠᠷᠭᠠᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ 《ᠰᠠᠨᠠᠭᠤᠯᠭ᠎ᠠ》 ᠳ᠋ᠤ ᠴᠢᠬᠤᠯᠠ ᠶᠡᠬᠡ ᠬᠥᠲᠥᠯᠬᠦ᠌᠂ ᠬᠥᠳᠡᠯᠭᠡᠬᠦ᠌᠂ ᠲᠤᠯᠭᠠᠭᠤᠷᠢᠯᠠᠬᠤ ᠦᠢᠯᠡᠳᠦᠯ᠎ᠲᠡᠶ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ 12 ᠲᠠᠯ᠎ᠠ᠎ᠡᠴᠡ ᠲᠣᠳᠣᠷᠬᠠᠢ ᠲᠣᠭ᠍ᠲᠠᠭᠠᠵᠤ᠂ ᠮᠠᠰᠢ ᠴᠢᠩᠭ᠎ᠠ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ᠂ ᠵᠢᠯᠣᠭᠣᠳᠭᠤ ᠴᠢᠨᠠᠷ᠎ᠲᠠᠶ ᠶᠤᠮ᠃

《ᠴᠢᠨᠠᠷ ᠰᠠᠢᠲᠠᠢ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠬᠤ ᠬᠡᠷᠡᠭ᠌ᠲᠡᠢ》᠂ 《ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠬᠡᠷᠡᠭ᠌ᠲᠡᠢ》᠂ 《ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠵᠢ ᠠᠬᠢᠭᠤᠯᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠬᠤ ᠬᠡᠷᠡᠭ᠌ᠲᠡᠢ》᠂ 《ᠬᠥᠭ᠌ᠵᠢᠯᠲᠡ ᠪᠠ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠬᠦ᠌ ᠬᠡᠷᠡᠭ᠌ᠲᠡᠢ》᠂ 《ᠡᠯ᠎ᠡ ᠬᠦᠷᠢᠶᠡᠨ᠎ᠳ᠋ᠡᠬᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ》 ᠁ ᠶᠡᠷᠦᠩᠬᠡᠢ ᠱᠦᠵᠢ ᠰᠢ ᠵᠢᠨ ᠫᠢᠩ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳᠤᠮᠳᠠ ᠭᠣᠣᠯᠳᠠᠯᠭ᠎ᠠ᠎ᠲᠠᠶ ᠡᠵᠡᠮᠳᠡᠬᠦ᠌ ᠲᠠᠯ᠎ᠠ᠎ᠪᠠᠷ ᠭᠦᠨᠵᠡᠭᠡᠢ ᠵᠠᠳᠠᠯᠤᠯᠲᠠ ᠬᠢᠭ᠌ᠰᠡᠨ ᠪᠠᠢᠨ᠎ᠠ᠃

《ᠠᠷᠪᠡᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ 《ᠬᠦᠳᠤᠯᠪᠤᠷᠢ ᠵᠢᠨ ᠲᠥᠰᠦᠯ》 ᠳ᠋ᠤ ᠠᠷᠭ᠎ᠠ ᠪᠣᠳᠣᠯᠭ᠎ᠠ᠎ᠶ᠋ᠢ ᠥᠷᠭᠡᠨ᠎ᠢᠶᠡᠷ ᠠᠰᠠᠭᠤᠵᠤ᠂ ᠥᠷᠭᠡᠨ ᠣᠯᠠᠨ ᠰᠦᠯᠵᠢᠶᠡᠨ ᠢᠷᠭᠡᠨ᠂ ᠨᠡᠢᠭᠡᠮ᠎ᠦᠨ ᠡᠯ᠎ᠡ ᠡᠲᠡᠭᠡᠳ ᠵᠢᠴᠢ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠰᠠᠨᠠᠯ ᠰᠠᠨᠠᠭᠤᠯᠭ᠎ᠠ᠎ᠶ᠋ᠢ ᠬᠤᠷᠢᠶᠠᠵᠤ᠂ 《ᠰᠠᠨᠠᠭᠤᠯᠭ᠎ᠠ》 ᠶ᠋ᠢᠨ ᠵᠣᠷᠢᠭ ᠰᠠᠨᠠᠭ᠎ᠠ᠎ᠲᠠᠶ ᠴᠢᠩᠭ᠎ᠠ ᠬᠠᠷᠢᠴᠠᠭᠤᠯᠤᠨ ᠬᠠᠷᠭᠤᠭᠤᠯᠵᠤ᠂ 《ᠰᠠᠨᠠᠭᠤᠯᠭ᠎ᠠ》 ᠳ᠋ᠤ ᠳᠤᠷᠠᠳᠤᠭ᠍ᠰᠠᠨ ᠴᠢᠭ᠌ᠯᠡᠯ᠎ᠦᠨ ᠴᠢᠨᠠᠷᠲᠠᠶ ᠱᠠᠭᠠᠷᠳᠠᠯᠭ᠎ᠠ᠎ᠶ᠋ᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠪᠠ᠃

ᠳᠤᠮᠳᠠᠳᠤ ᠤᠯᠤᠰ᠎ᠤᠨ ᠶᠠᠪᠤᠳᠠᠯ᠎ᠢ  ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ᠃

ᠢᠷᠡᠭᠰᠡᠨ ᠵᠠᠮ ᠵᠢᠡᠨ ᠡᠷᠬᠢᠴᠡᠬᠦᠯᠬᠦᠶ᠎ᠠ᠂ ᠰᠢ ᠵᠢᠨ ᠫᠢᠩ  ᠨᠥᠬᠥᠷ᠎ᠢᠶᠡᠷ ᠭᠣᠣᠯ  ᠪᠣᠯᠭᠠᠭ᠍ᠰᠠᠨ ᠨᠠᠮ᠎ᠤᠨ ᠲᠥᠪ ᠬᠣᠷᠢᠶ᠎ᠠ ᠡᠷᠡᠰ ᠭᠤᠢᠪᠢᠰᠢ ᠦᠭᠡᠢ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠱᠢᠨ᠎ᠡ ᠡᠭᠦᠳᠦᠯᠲᠡ᠎ᠶ᠋ᠢᠨ ᠴᠢᠨᠠᠷᠲᠠᠢ ᠠᠬᠢᠴᠠ᠂ ᠱᠢᠪᠲᠤᠯᠤᠯᠲᠠ᠎ᠶ᠋ᠢᠨ ᠴᠢᠨᠠᠷᠲᠠᠢ ᠬᠤᠪᠢᠰᠤᠯᠲᠠ᠂ ᠲᠡᠦᠬᠡᠲᠦ ᠴᠢᠨᠠᠷᠲᠠᠢ ᠠᠮᠵᠢᠯᠲᠠ ᠤᠯᠬᠤ᠎ᠶ᠋ᠢ ᠠᠬᠢᠭᠤᠯᠪᠠ᠃

ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠪᠠᠲᠤ ᠴᠢᠩᠭ᠎ᠠ ᠪᠠᠲᠤᠯᠠᠭ᠎ᠠ᠎ᠶ᠋ᠢ ᠪᠡᠬᠢᠵᠢᠭᠦᠯᠦᠨ᠎ᠠ; ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ ᠪᠣᠯ ᠠᠭᠤᠤ ᠶᠡᠬᠡ ᠦᠢᠯᠡᠰ᠎ᠲᠦ ᠬᠣᠯᠪᠣᠭ᠍ᠳᠠᠵᠤ ᠪᠠᠢᠳᠠᠭ᠃

ᠣᠢᠷ᠎ᠠ᠎ᠵᠢᠨ ᠡᠳᠤᠷ᠂ ᠨᠠᠮ᠎ᠤᠨ ᠲᠥᠪ ᠬᠣᠷᠢᠶ᠎ᠠ ᠵᠢᠨ ᠵᠥᠪᠱᠢᠶᠡᠷᠡᠯ᠎ᠢᠶᠡᠷ᠂ ᠪᠥᠬᠥ᠌ ᠨᠠᠮ᠎ᠳᠤ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠪᠡ᠃

ᠱᠢᠨ᠎ᠡ ᠠᠶᠠᠨ᠎ᠳᠤ᠂ ᠶᠡᠷᠦᠩᠬᠡᠢ ᠱᠦᠵᠢ ᠰᠢ ᠵᠢᠨ ᠫᠢᠩ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠲᠠᠯᠪᠢᠵᠤ᠂ ᠴᠢᠩ ᠰᠡᠳᠭᠢᠯ᠎ᠦᠨ ᠰᠤᠷᠭᠠᠯ ᠬᠠᠢᠷᠠᠯᠠᠪᠠ᠄

《ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌  ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠬᠡᠷᠡᠭ᠌ᠲᠡᠢ》᠂ 《ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠵᠤ᠂ ᠵᠢᠮ᠎ᠡ ᠶᠣᠰᠣ ᠪᠠᠷ ᠠᠵᠢᠯᠯᠠᠵᠤ᠂ ᠤᠬᠠᠮᠰᠠᠷ᠎ᠡᠴᠡ᠎ᠪᠠᠨ ᠠᠷᠠᠳ ᠲᠦᠮᠡᠨ᠎ᠦ ᠲᠥᠯᠥᠭᠡ ᠵᠠᠰᠠᠭ ᠤ᠋ᠨ ᠠᠵᠢᠯ ᠤ᠋ᠨ ᠪᠦᠳᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ ᠤ᠋ᠨ ᠠᠵᠢᠯ ᠤ᠋ᠨ ᠪᠦᠳᠦᠮᠵᠢ ᠭᠠᠷᠭᠠᠬᠤ ᠬᠡᠷᠡᠭ᠌ᠲᠡᠢ》᠃

᠁᠁

ᠰᠦᠷ ᠲᠠᠯᠠᠢᠴᠠᠳᠠᠢ ᠠᠭᠤᠯᠠ ᠨᠢᠷᠤᠭᠤᠳ ᠤ᠋ᠨ ᠨᠤᠶᠠᠨ ᠤᠷᠬᠢᠯ ᠢ᠋ ᠪᠠᠷᠠᠯᠠᠨ᠂ ᠬᠤᠷᠳᠤᠨ ᠮᠣᠷᠢᠨ ᠳ᠋ᠠᠭᠠᠨ ᠲᠠᠱᠢᠭᠤᠷ ᠨᠡᠮᠡᠵᠤ ᠵᠣᠭ᠍ᠰᠣᠯ ᠦᠭᠡᠢ ᠤᠷᠤᠬᠰᠢᠯᠠᠨ᠎ᠠ᠃

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠂ ᠲᠦᠭ ᠲᠦᠮᠡᠨ ᠠᠷᠠᠳ ᠲᠦᠮᠡᠨ᠎ᠦ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠭ᠍ᠰᠠᠨ ᠰᠦᠷ ᠳᠠᠯᠠᠢᠴᠠᠲᠠᠢ ᠬᠦᠴᠦᠨ ᠴᠢᠳᠠᠯ ᠪᠠᠢᠬᠰᠠᠨ ᠬᠤᠢᠨ᠎ᠠ ᠱᠢᠨ᠎ᠡ ᠠᠶᠠᠨ ᠳ᠋ᠤ ᠪᠢᠳᠡ ᠢᠲᠡᠭᠡᠯ ᠲᠡᠭᠦᠯᠳᠡᠷ ᠤᠷᠤᠬᠰᠢᠯᠠᠨ᠎ᠠ!

(ᠰᠤᠷᠪᠤᠯᠵᠢᠯᠠᠭ᠍ᠴᠢ  ᠠᠨ ᠪᠸᠢ   ᠰᠢᠶᠸ ᠰᠢ ᠶᠣᠣ    ᠸᠠᠩ ᠢᠦᠢ ᠱᠢᠶᠤᠤ    ᠸᠧᠢ ᠢᠦᠢ ᠺᠦᠨ

(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 2 ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号