ᠪᠥᠬᠥ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ ᠪᠥᠬᠥ᠌ ᠤᠯᠤᠰ᠎ᠤᠨ ᠱᠢᠯᠢᠳᠡᠭ ᠨᠠᠮ᠎ᠤᠨ ᠠᠵᠢᠯᠲᠠᠨ ᠪᠥᠬᠥ᠌ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠡᠷ ᠰᠤᠨᠭᠭᠤᠨ ᠲᠠᠨᠢᠯᠴᠠᠭᠤᠯᠬᠤ ᠪᠡᠷ ᠪᠠᠢᠭ᠎ᠠ ᠡᠲᠡᠭᠡᠳ᠎ᠤᠨ ᠲᠤᠬᠠᠢ ᠢᠯᠡ ᠨᠡᠢᠲᠡᠯᠡᠯ
2026-03-06 11:09:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠎ᠶ᠋ᠢᠨ ᠲᠠᠱᠢᠷᠠᠮ᠎ᠢᠶᠠᠷ᠂ ᠨᠠᠮ᠎ᠤᠨ ᠲᠥᠪ ᠬᠣᠷᠢᠢ᠎ᠠ᠎ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠨᠡᠷ᠎ᠡ᠎ᠪᠡᠷ ᠨᠢᠭᠡ ᠪᠦᠯᠦᠭ ᠪᠦᠬᠦ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠪᠦᠬᠦ᠌ ᠤᠯᠤᠰ᠎ᠤᠨ ᠱᠢᠯᠢᠳᠡᠭ ᠨᠠᠮ᠎ᠤᠨ ᠠᠵᠢᠯᠳᠠᠨ ᠪᠣᠯᠤᠨ ᠪᠦᠬᠦ᠌ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠲᠥᠪᠯᠡᠷᠡᠭᠦᠯᠦᠨ ᠬᠥᠬᠢᠭᠦᠯᠦᠨ ᠰᠠᠢᠱᠢᠶᠠᠨ᠎ᠠ᠃ ᠠᠷᠠᠳᠴᠢᠯᠠᠯ᠎ᠢ ᠭᠦᠢᠴᠡᠳ ᠪᠠᠳᠠᠷᠠᠭᠤᠯᠤᠨ᠂ ᠥᠷᠭᠡᠨ᠎ᠢᠶᠡᠷ ᠰᠠᠨᠠᠯ ᠰᠣᠨᠣᠰᠴᠤ᠌᠂ ᠨᠡᠢᠭᠡᠮ᠎ᠦᠨ ᠬᠢᠨ᠎ᠦ ᠬᠢᠨᠠᠯᠲᠠ ᠲᠠᠯᠪᠢᠬᠤ᠎ᠶ᠋ᠢ ᠬᠦᠯᠢᠶᠡᠬᠦ᠌᠎ᠶ᠋ᠢᠨ ᠲᠤᠰᠠᠳᠠ ᠲᠥᠪ᠎ᠦᠨ ᠬᠣᠯᠪᠣᠭ᠍ᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠰᠤᠨᠭᠭᠤᠨ ᠲᠠᠨᠢᠯᠴᠠᠭᠤᠯᠬᠤ ᠪᠡᠷ ᠪᠠᠢᠭ᠎ᠠ ᠡᠲᠡᠭᠡᠳ᠎ᠢ ᠪᠦᠬᠦ᠌ ᠣᠷᠣᠨ᠎ᠤ ᠬᠡᠪᠴᠢᠶᠡᠨ᠎ᠳᠦ ᠢᠯᠡ ᠨᠡᠢᠲᠡᠯᠡᠶ᠎ᠡ᠃ ᠢᠯᠡ ᠨᠡᠢᠲᠡᠯᠡᠬᠦ᠌ ᠴᠠᠭ᠄ 2026 ᠣᠨ᠎ᠤ 3 ᠰᠠᠷ᠎ᠠ᠎ᠶ᠋ᠢᠨ 6 ᠎ᠤ᠋ ᠡᠳᠦᠷ᠎ᠡᠴᠡ 3 ᠰᠠᠷ᠎ᠠ᠎ᠶ᠋ᠢᠨ 12 ᠎ᠤ᠋ᠨ ᠡᠳᠦᠷ ᠪᠣᠯᠲᠠᠯ᠎ᠠ᠃ ᠪᠠᠢᠭᠤᠯᠭ᠎ᠠ ᠨᠢᠭᠡᠴᠢ ᠪᠠ ᠬᠤᠪᠢ ᠬᠥᠮᠦᠨ ᠤᠲᠠᠰᠤ᠂ ᠵᠠᠬᠢᠳᠠᠯ᠂ ᠰᠤᠷᠪᠤᠯᠵᠢᠯᠠᠯ᠂ ᠰᠦᠯᠵᠢᠶ᠎ᠡ ᠵᠡᠷᠭᠡ ᠠᠷᠭ᠎ᠠ ᠮᠠᠶᠢᠭ᠎ᠢᠶᠠᠷ ᠳᠡᠮᠵᠢᠨ ᠢᠯᠡ ᠨᠡᠢᠲᠡᠯᠡᠭ᠌ᠰᠡᠨ ᠡᠲᠡᠭᠡᠳ᠎ᠦᠨ ᠬᠣᠯᠪᠣᠭ᠍ᠳᠠᠯ ᠪᠥᠬᠥᠶ ᠪᠠᠢᠳᠠᠯ ᠪᠠ ᠠᠰᠠᠭᠤᠳᠠᠯ᠎ᠢ ᠲᠤᠰᠭᠠᠵᠤ ᠪᠣᠯᠤᠨ᠎ᠠ᠃ ᠲᠤᠰᠭᠠᠭ᠍ᠰᠠᠨ ᠠᠰᠠᠭᠤᠳᠠᠯ᠎ᠢ ᠪᠠᠢᠴᠠᠭᠠᠨ ᠬᠠᠷᠭᠤᠭᠤᠯᠬᠤ᠎ᠳᠤ ᠲᠥᠬᠥᠮ᠎ᠦᠨ ᠲᠤᠰᠠᠳᠠ ᠠᠰᠠᠭᠤᠳᠠᠯ᠎ᠢ ᠲᠤᠰᠭᠠᠬᠤ ᠦᠶ᠎ᠡ᠎ᠳᠦ ᠬᠣᠯᠪᠣᠭ᠍ᠳᠠᠯ ᠪᠥᠬᠥᠶ ᠰᠦᠪᠡᠭ᠌ᠴᠢ ᠵᠢᠴᠢ ᠲᠣᠰ ᠬᠥᠮᠦᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠨᠢᠭᠤᠴᠠ᠎ᠶ᠋ᠢ ᠬᠠᠮᠠᠭᠠᠯᠠᠬᠤ ᠡᠭᠦᠷᠭᠡ᠎ᠪᠡᠨ ᠭᠦᠶ᠋ᠴᠡᠳᠭᠡᠵᠦ᠍᠂ ᠬᠢᠨᠠᠨ ᠬᠠᠷᠭᠤᠭᠤᠯᠤᠭ᠍ᠰᠠᠨ ᠪᠠᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠭᠠᠨ᠎ᠠ᠃

ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ᠄ 9᠄ 00 —12᠄ 00

ᠦᠳᠡ᠎ᠶ᠋ᠢᠨ ᠬᠣᠢᠨ᠎ᠠ᠄ 13᠄ 30 —17 ᠄ 00

ᠬᠦᠯᠢᠶᠡᠨ ᠠᠪᠬᠤ ᠤᠲᠠᠰᠤ᠄ (0471) 12380

ᠵᠠᠬᠢᠳᠠᠯ᠎ᠤᠨ ᠬᠠᠶᠢᠭ᠄ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ᠎ᠶ᠋ᠢᠨ 1 ᠳ᠋ᠤᠭᠡᠷ ᠨᠣᠮᠧᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ (ᠱᠢᠤᠳᠠᠨ ᠨᠣᠮᠧᠷ᠄ 010098)

ᠢᠯᠡᠴᠢᠯᠡᠨ ᠮᠡᠳᠡᠭᠦᠯᠬᠦ᠌ ᠰᠦᠯᠵᠢᠶᠡᠨ᠎ᠦ ᠬᠠᠶᠢᠭ᠄ 12380.nmgdj.gov.cn

ᠡᠭᠦᠨ᠎ᠦ ᠲᠤᠯᠠ ᠣᠨᠴᠠᠭᠠᠢᠯᠠᠨ ᠵᠠᠷᠯᠠᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ

2026 ᠣᠨ᠎ᠤ 3 ᠰᠠᠷ᠎ᠠ᠎ᠶ᠋ᠢᠨ 5 ᠎ᠤ᠋ ᠡᠳᠦᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号