ᠯᠢ ᠴᠢᠶᠠᠩ ᠵᠤᠤ ᠯᠸ ᠵᠢᠢ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠸᠩ ᠨᠠᠷ ᠳᠤᠰ ᠳᠤᠰ ᠦᠪᠡᠷ᠎ᠤᠨ ᠪᠠᠢᠭ᠎ᠠ ᠳᠦᠯᠦᠭᠡᠯᠡᠭᠴᠢᠳ᠎ᠤᠨ ᠪᠦᠯᠬᠦᠮ᠎ᠳᠦ ᠬᠦᠷᠴᠦ ᠬᠢᠨᠡᠨ ᠵᠦᠪᠯᠡᠬᠦ᠎ᠳᠦ ᠤᠷᠤᠯᠴᠠᠪᠠ
2026-03-06 09:24:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠶ ᠰᠠᠢᠳ ᠯᠢ ᠴᠢᠶᠠᠩ 5᠎ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠶᠦᠨᠨᠠᠨ᠎ᠤ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠠ᠃ ᠶᠠᠩ ᠴᠠᠩ ᠺᠠᠢ᠂ ᠨᠦᠩ ᠵᠢᠶᠠ ᠬᠦᠢ᠂ ᠯᠢ ᡁᠢ ᠵᠢᠤᠸᠠᠨ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠯᠢ ᠴᠢᠶᠠᠩ ᠪᠠᠢᠨ ᠪᠠᠢᠨ ᠤᠯᠠᠨ ᠲᠠᠶ ᠪᠤᠳᠤᠯ ᠰᠠᠨᠠᠯ᠎ᠢᠶᠠᠨ ᠰᠣᠯᠢᠯᠴᠠᠨ ᠶᠠᠷᠢᠯᠴᠠᠪᠠ᠃

ᠯᠢ ᠴᠢᠶᠠᠩ ᠲᠥᠯᠥᠭᠡᠯᠡᠭ᠌ᠴᠢᠳ᠎ᠦᠨ ᠶᠠᠷᠢᠬᠤ ᠶ᠋ᠢ ᠰᠣᠨᠣᠰᠤᠭ᠍ᠰᠠᠨ᠎ᠤ ᠳᠠᠷᠠᠭ᠎ᠠ᠂ ᠥᠩᠭᠡᠷᠡᠭ᠌ᠰᠡᠨ ᠨᠢᠭᠡ ᠵᠢᠯ ᠪᠣᠯᠤᠨ ᠪᠦᠬᠦᠢᠯᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠥᠩᠭᠡᠷᠡᠯᠲᠡ ᠮᠠᠰᠢ ᠶᠡᠷᠦ᠍ ᠪᠤᠰᠤ᠎ᠶ᠋ᠢᠨ ᠶᠤᠮ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠳᠠᠷᠤᠯᠲᠠ᠎ᠶ᠋ᠢ ᠰᠦᠷᠦᠨ ᠤᠷᠤᠭ᠍ᠰᠢᠯᠠᠵᠤ᠂ ᠠᠵᠤ ᠠᠬᠤᠢ ᠨᠡᠢᠭᠡᠮ ᠎ᠦᠨ ᠬᠥᠭ᠌ᠵᠢᠯᠲᠡ ᠎ᠶ᠋ᠢᠨ ᠭᠣᠣᠯ ᠬᠠᠷᠠᠯᠲᠠ ᠡᠭᠦᠷᠭᠡ ᠎ᠶ᠋ᠢ ᠤᠷᠤᠭ᠍ᠰᠢᠲᠠᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ ᠎ᠲᠠᠶ  ᠰᠡᠬᠦᠯ ᠬᠤᠷᠢᠶᠠᠵᠤ ᠂ ᠮᠠᠨ ᠎ᠤ ᠤᠯᠤᠰ ᠎ᠤᠨ  ᠶᠡᠷᠦᠩᠬᠡᠢᠯᠡᠭ᠌ᠰᠡᠨ ᠤᠯᠤᠰ ᠎ᠤᠨ ᠬᠦᠴᠦᠨ ᠱᠢᠨ᠎ᠡ ᠳᠡᠭ᠌ᠲᠡᠷ ᠎ᠲᠦ ᠭᠠᠷᠪᠠ᠃ ᠶᠦᠨᠨᠠᠨ ᠎ᠤ ᠥᠷᠭᠡᠨ ᠤᠯᠠᠨ  ᠺᠠᠳ᠋ᠷ  ᠤᠯᠠᠨ ᠲᠦᠮᠡᠨ  ᠶᠡᠷᠦᠩᠬᠡᠢ ᠱᠦᠵᠢ  ᠰᠢ ᠵᠢᠨ ᠫᠢᠩ ᠎ᠦᠨ ᠶᠦᠨᠨᠠᠨ᠎ᠤ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠠᠷᠠᠳ᠎ᠢ ᠪᠠᠶᠠᠵᠢᠭᠤᠯᠤᠨ ᠠᠷᠠᠳ᠎ᠲᠤ ᠠᠱᠢᠭ ᠬᠦᠷᠲᠡᠭᠡᠬᠦ᠌ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ᠎ᠳᠤ ᠬᠠᠨᠳᠤᠭᠤᠯᠤᠭ᠍ᠰᠠᠨ ᠲᠠᠢᠴᠢᠯᠠᠨ ᠨᠦᠯᠦᠬᠡᠯᠡᠬᠦ ᠲᠥᠪ᠎ᠦᠨ ᠪᠦᠳᠦᠭᠡᠨ ᠪᠠᠢᠭᠤᠯᠤᠯᠲᠠ᠎ᠶ᠋ᠢᠨ ᠠᠯᠬᠤᠭ᠎ᠠ᠎ᠵᠢ ᠲᠦᠷᠭᠡᠳᠬᠡᠵᠤ᠂ ᠬᠥᠭ᠌ᠵᠢᠯᠲᠡ᠎ᠶ᠋ᠢᠨ ᠰᠠᠭᠤᠷᠢ ᠤᠯᠠᠮ ᠨᠢᠭᠡ ᠠᠯᠬᠤᠮ ᠪᠡᠬᠢᠵᠢᠵᠦ᠍᠂ ᠬᠥᠭ᠌ᠵᠢᠯᠲᠡ᠎ᠶ᠋ᠢᠨ ᠣᠷᠣᠨ ᠵᠠᠢ ᠤᠯᠠᠮ ᠨᠢᠭᠡ ᠠᠯᠬᠤᠮ ᠥᠷᠭᠡᠵᠢᠪᠡ ᠭᠡᠪᠡ᠃

ᠯᠢ ᠴᠢᠶᠠᠩ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠭᠠᠳᠠᠭᠠᠳᠤ ᠣᠷᠴᠢᠨ ᠲᠣᠭᠣᠷᠢᠨ᠎ᠤ ᠲᠣᠭ᠍ᠲᠠᠪᠤᠷᠢ ᠦᠭᠡᠢ ᠴᠢᠨᠠᠷ ᠨᠡᠮᠡᠭ᠌ᠳᠡᠵᠦ᠍᠂ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠡᠭᠦᠷᠭᠡ ᠪᠡᠷᠬᠡ ᠬᠠᠲᠠᠭᠤᠵᠢᠯᠲᠠᠢ ᠨᠦᠰᠡᠷ ᠬᠦᠨᠳᠦ ᠪᠠᠢᠵᠤ᠂ ᠡᠷᠬᠡᠪᠰᠢ ᠨᠡᠩ ᠢᠳᠡᠪᠬᠢᠲᠡᠢ ᠵᠢᠳᠬᠦᠯ ᠴᠢᠷᠮᠠᠢᠯᠭ᠎ᠠ᠂ ᠨᠡᠩ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ᠎ᠪᠠᠷ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠬᠦᠴᠦᠲᠡᠢ ᠠᠷᠭᠠᠴᠠᠭᠠᠬᠤ ᠬᠡᠷᠡᠭ᠌ᠲᠡᠢ᠃ ᠪᠦᠬᠦ᠌ ᠪᠥᠮᠪᠥᠷᠴᠡᠭ᠎ᠦᠨ ᠠᠵᠤ ᠠᠬᠤᠢ ᠠᠷᠠᠯᠵᠢᠶᠠᠨ᠎ᠤ ᠪᠠᠢᠷᠢᠱᠢᠯ ᠪᠣᠯᠤᠨ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠎ᠶ᠋ᠢᠨ ᠪᠦᠲᠦᠴᠡ᠎ᠶ᠋ᠢᠨ ᠭᠦᠨᠵᠡᠭᠡᠢ ᠲᠤᠬᠢᠷᠠᠭᠤᠯᠤᠯᠳᠠ᠎ᠶ᠋ᠢ ᠲᠠᠭᠠᠯᠳᠤᠨ᠂ ᠶᠦᠨᠨᠠᠨ᠎ᠤ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠠᠬᠢ ᠪᠠᠢᠷᠢ ᠰᠠᠭᠤᠷᠢ ᠦᠢᠯᠡᠳᠦᠯ ᠨᠢ ᠨᠡᠩ ᠲᠤᠪᠤᠢ᠌ᠮ᠎ᠠ ᠪᠣᠯᠪᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠠᠵᠤ ᠠᠬᠤᠢ ᠨᠡᠢᠭᠡᠮ᠎ᠦᠨ ᠬᠦᠷᠢᠶᠡᠨ᠎ᠦ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠪᠣᠳᠠᠲᠠᠢ ᠠᠵᠢᠯᠯᠠᠵᠤ ᠪᠣᠳᠠᠲᠤ ᠦᠷ᠎ᠡ ᠪᠦᠲᠦᠮᠵᠢ ᠤᠯᠬᠤ᠎ᠪᠠᠷ ᠳᠠᠮᠵᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ ᠳᠤᠮᠳᠠ ᠶᠦᠨᠨᠠᠨ᠎ᠤ ᠬᠥᠭ᠌ᠵᠢᠯᠲᠡ᠎ᠶ᠋ᠢᠨ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠬᠦ᠌ ᠬᠡᠷᠡᠭ᠌ᠲᠡᠢ᠃ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠳᠠᠯᠳᠠ ᠬᠦᠴᠦᠨ᠎ᠢ ᠠᠭᠤᠳᠠᠯᠵᠤ᠂ ᠵᠢᠭᠤᠯᠴᠢᠯᠠᠯ᠎ᠤᠨ ᠦᠶ᠋ᠯᠡᠳᠬᠦᠨ᠎ᠦ ᠱᠢᠨ᠎ᠡ᠎ᠶ᠋ᠢ ᠡᠭᠦᠳᠬᠦ᠌᠂ ᠦᠶ᠋ᠯᠡᠴᠢᠯᠡᠭᠡᠨ᠎ᠦ ᠱᠢᠯᠢᠳᠡᠭ᠎ᠢ ᠡᠭᠦᠳᠬᠦ᠌᠎ᠶ᠋ᠢ ᠠᠬᠢᠭᠤᠯᠵᠤ᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠬᠡᠷᠡᠭ᠌ᠲᠡᠶ᠃ 《ᠪᠤᠬᠢᠷᠳᠤᠯ ᠦᠭᠡᠢ ᠴᠠᠬᠢᠯᠭᠠᠨ + ᠤᠶᠤᠨᠳᠤ ᠪᠤᠳᠤᠯᠳᠠ》 ᠵᠢ ᠱᠢᠨᠵᠢᠯᠡᠬᠦ᠌ ᠤᠬᠠᠭᠠᠨᠴᠢ᠎ᠪᠠᠷ ᠪᠠᠢᠷᠢᠱᠢᠭᠤᠯᠵᠤ᠂ 《ᠵᠣᠬᠢᠶᠠᠮᠠᠯ ᠤᠶᠤᠨ ᠴᠢᠳᠠᠪᠤᠷᠢ +》 ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠦᠢᠯᠡᠴᠢᠯᠡᠭᠡᠨ᠎ᠦ ᠦᠢᠯᠡᠰ᠎ᠦᠨ ᠲᠣᠭᠠᠴᠢᠯᠠᠯᠲᠠ ᠤᠶᠤᠨᠴᠢᠯᠠᠯᠲᠠ᠎ᠶ᠋ᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠶ᠋ᠢᠨ ᠬᠡᠷᠡᠭ᠌ᠯᠡᠭᠡᠨ᠎ᠦ ᠦᠢᠯᠡᠴᠢᠯᠡᠭᠡ᠂ ᠳ᠋ᠠᠢᠲ᠋ᠠ᠎ᠶ᠋ᠢᠨ ᠠᠵᠤ ᠦᠢᠯᠡᠰ ᠵᠡᠷᠭᠡ ᠲᠠᠯ᠎ᠠ᠎ᠪᠠᠷ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠬᠤ ᠬᠡᠷᠡᠭᠳᠡᠢ᠃ ᠭᠤᠤᠯ ᠨᠡᠪᠳᠡᠷᠡᠬᠦ ᠵᠠᠮ ᠪᠣᠯᠤᠨ ᠪᠡᠬᠢᠯᠡᠯᠲᠡ᠎ᠶ᠋ᠢᠨ ᠦᠢᠯᠡᠳᠦᠯ ᠴᠢᠳᠠᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠡᠮᠦᠨᠡᠲᠦ ᠠᠽᠢᠶ᠎ᠠ᠂ ᠵᠡᠭᠦᠨ ᠡᠮᠦᠨᠡᠲᠦ ᠠᠽᠢᠶ᠎ᠠ ᠪᠣᠯᠤᠨ ᠡᠨᠡᠳᠭᠡᠭ ᠲᠡᠯᠡᠶ᠎ᠶ᠋ᠢᠨ ᠡᠷᠬᠢᠨ ᠲᠣᠭᠣᠷᠢᠨ᠎ᠤ ᠭᠠᠵᠠᠷ ᠣᠷᠣᠨ᠎ᠳᠤ ᠬᠠᠨᠳᠤᠭᠤᠯᠤᠭ᠍ᠰᠠᠨ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠭᠦᠨᠵᠡᠭᠡᠢᠷᠡᠭᠦᠯᠵᠦ᠍᠂ ᠶᠦᠨᠨᠠᠨ᠎ᠤ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠡᠷᠭᠡ ᠡᠯ᠎ᠡ ᠲᠥᠷᠥᠯ᠎ᠦᠨ ᠲᠠᠪᠴᠠᠩ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠵᠡᠭᠦᠨ ᠬᠡᠰᠡᠭ᠎ᠦᠨ ᠠᠵᠤ ᠦᠶ᠋ᠯᠡᠰ᠎ᠦᠨ ᠱᠠᠲᠤᠯᠢᠭ ᠱᠢᠯᠵᠢᠯᠲᠡ᠎ᠶ᠋ᠢ ᠢᠳᠡᠪᠬᠢᠲᠡᠶ ᠵᠣᠯᠭᠠᠭᠤᠯᠵᠤ᠂ 《ᠬᠢᠯᠢ ᠵᠢᠨ ᠪᠣᠭᠣᠮᠲᠠ + ᠨᠡᠪᠳᠡᠷᠡᠬᠦ ᠵᠠᠮ + ᠵᠠᠬ᠎ᠠ ᠳᠡᠯᠭᠡᠭᠦᠷ》 ᠤ᠋ᠨ ᠬᠥᠭ᠌ᠵᠢᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠨᠡᠪᠳᠡᠷᠡᠬᠦ ᠵᠠᠮ᠎ᠤᠨ ᠠᠵᠤ ᠠᠬᠤᠶ᠎ᠶ᠋ᠢ ᠵᠠᠩᠭᠢᠯᠠᠭ᠎ᠠ᠎ᠶ᠋ᠢᠨ ᠠᠵᠤ ᠠᠬᠤᠶ᠂ ᠠᠵᠤ ᠦᠶ᠋ᠯᠡᠰ᠎ᠦᠨ ᠠᠵᠤ ᠠᠬᠤᠶ ᠲᠡᠢᠰᠢ ᠲᠠᠰ ᠳᠡᠪᠱᠢᠬᠦ᠌᠎ᠶ᠋ᠢ ᠠᠬᠢᠭᠤᠯᠬᠤ ᠬᠡᠷᠡᠭ᠌ᠲᠡᠶ᠃ ᠪᠠᠢ᠌ᠩᠭᠤᠵᠢᠬ᠍ᠰᠠᠨ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠌ ᠪᠠ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠬᠡᠪᠴᠢᠶᠡᠵᠢᠯ᠎ᠦᠨ ᠴᠢᠨᠠᠷᠲᠠᠢ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠢᠳᠠᠯ ᠦᠯᠦ᠍ ᠭᠠᠷᠭᠠᠬᠤ ᠬᠣᠷᠢᠭ᠎ᠠ ᠱᠤᠭᠤᠮ᠎ᠢ ᠪᠠᠲᠤ ᠰᠠᠬᠢᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠥᠨᠳᠥᠷᠯᠢᠭ᠎ᠦᠨ ᠤᠨᠴᠠᠯᠢᠬ᠍ᠳᠤ ᠲᠠᠷᠢᠶᠠᠯᠠᠩ᠂ ᠦᠨᠳᠦᠰᠦᠲᠡᠨ᠎ᠦ ᠤᠨᠴᠠᠯᠢᠬ᠍ᠳᠤ ᠭᠠᠷ ᠦᠢᠯᠡᠳᠪᠦᠷᠢ ᠵᠡᠷᠭᠡ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠤᠵᠠᠭᠠᠢᠷᠠᠭᠤᠯᠵᠤ᠂ ᠠᠵᠢᠯ ᠣᠯᠬᠤ ᠦᠢᠯᠡᠰ ᠪᠤᠰᠭᠠᠬᠤ᠎ᠶ᠋ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠤᠯᠠᠨ ᠲᠦᠮᠡᠨ᠎ᠦ ᠦᠷᠭᠦᠯᠵᠢᠯᠡᠨ ᠨᠡᠯᠢᠶᠡᠳ ᠲᠦᠷᠭᠡᠨ᠎ᠢᠶᠡᠷ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠡᠶ᠎ᠡ ᠵᠣᠬᠢᠴᠠᠩᠭᠤᠢ᠂ ᠬᠢᠯᠢ ᠬᠢᠵᠠᠭᠠᠷ᠎ᠤᠨ  ᠬᠥᠭ᠌ᠵᠢᠯ ᠴᠡᠴᠡᠭ᠌ᠯᠡᠯ ᠲᠣᠭ᠍ᠲᠠᠭᠤᠨ᠎ᠤ ᠰᠠᠢ᠌ᠨ ᠰᠠᠢᠬᠠᠨ ᠪᠠᠢᠳᠠᠯ᠎ᠢ ᠲᠠᠰᠤᠷᠠᠯᠳᠠ ᠦᠭᠡᠢ ᠪᠡᠬᠢᠵᠢᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠣᠷᠢᠶᠠᠨ ᠳᠠᠷᠤᠭ᠎ᠠ ᠵᠣᠣ ᠯᠸ ᠵᠢᠶ 5᠎ᠤ᠋ ᠡᠳᠦᠷ᠎ᠤᠨ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠰᠸᠴᠤᠸᠠᠨ᠎ᠤ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠦᠪᠯᠡᠬᠦ᠎ᠳᠤ ᠣᠷᠣᠯᠴᠠᠪᠠ᠃ ᠯᠦᠸᠧ ᠱᠢᠶᠠᠨ ᠭᠠᠩ᠂ ᠽᠸᠩ ᠳ᠋ᠤᠤ ᠴᠢᠶᠦ᠋ᠨ᠂ ᠯᠢᠦ ᠵᠢᠶᠠᠩ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠪᠡ᠃ ᠵᠤᠤ ᠯᠸ ᠵᠶ᠋ᠢ ᠶᠠᠷᠢᠶ᠎ᠠ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠲᠥᠯᠥᠭᠡᠯᠡᠭ᠌ᠴᠢᠳ᠎ᠲᠡᠶ ᠰᠠᠨᠠᠯ᠎ᠢᠶᠠᠨ ᠭᠦᠨᠵᠡᠭᠡᠢ ᠰᠣᠯᠢᠯᠴᠠᠪᠠ᠃ ᠵᠤᠤ ᠯᠸ ᠵᠶ᠋ᠢ᠂ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠳᠥᠷᠪᠡᠳᠦᠭᠡᠷ ᠪᠦᠬᠦᠳᠠ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠤᠰᠤᠳᠴᠢ᠎ᠪᠠᠷ ᠪᠦᠬᠦ᠌ ᠲᠠᠯ᠎ᠠ᠎ᠪᠠᠷ ᠠᠮᠵᠢᠯᠲᠠ᠎ᠪᠠᠨ ᠳ᠋ᠦᠩᠨᠡᠵᠦ᠍᠂ ᠬᠠᠷᠠᠯᠲᠠ ᠡᠭᠦᠷᠭᠡ᠎ᠪᠡᠨ ᠱᠢᠨᠵᠢᠯᠡᠬᠦ᠌ ᠤᠬᠠᠭᠠᠨᠴᠢ᠎ᠪᠠᠷ ᠵᠦᠢ ᠵᠣᠬᠢᠰᠲᠠᠢ ᠲᠤᠬᠢᠷᠠᠭᠤᠯᠵᠤ᠂ ᠭᠣᠣᠯ ᠰᠡᠳᠦᠪ ᠲᠣᠳᠣᠷᠬᠠᠢ᠂ ᠪᠣᠳᠠᠲᠠᠢ ᠠᠵᠢᠯᠯᠠᠵᠤ ᠤᠷᠤᠭ᠍ᠰᠢᠯᠠᠨ ᠲᠠᠪᠱᠢᠬ᠍ᠰᠠᠨ᠂ ᠪᠦᠯᠬᠦᠮᠳᠡᠨ ᠡᠷᠴᠢ ᠵᠣᠷᠢᠭ᠎ᠢᠶᠠᠨ ᠬᠥᠪᠴᠢᠯᠡᠭ᠌ᠰᠡᠨ ᠰᠠᠢ᠌ᠨ ᠢᠯᠡᠳᠭᠡᠯ ᠪᠣᠯᠵᠠᠢ ᠭᠡᠪᠡ᠃

ᠵᠤᠤ ᠯᠸ ᠵᠶ᠋ᠢ᠂ ᠥᠩᠭᠡᠷᠡᠭ᠌ᠰᠡᠨ ᠨᠢᠭᠡ ᠵᠢᠯ᠎ᠳᠦ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ ᠪᠣᠯᠤᠨ ᠪᠡᠷᠬᠡ ᠬᠠᠲᠠᠭᠤᠵᠢᠯᠲᠠᠢ ᠬᠦᠨᠳᠦ ᠨᠦᠰᠡᠷ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠡᠷᠡᠮᠡᠬᠡᠢᠯᠡᠨ ᠤᠷᠤᠭ᠍ᠰᠢᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠪᠡ᠃ 5 ᠵᠢᠯ᠎ᠦᠨ ᠴᠥᠬᠥᠷᠡᠰᠢ ᠦᠭᠡᠢ ᠲᠡᠮᠡᠴᠡᠯ᠎ᠢᠶᠡᠷ ᠳᠠᠮᠵᠢᠨ 《ᠠᠷᠪᠠᠨ ᠳᠥᠷᠪᠡᠳᠦᠭᠡᠷ ᠲᠠᠪᠤᠨ ᠵᠢᠯ》 ᠢ᠋ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠡᠳᠡᠬᠡᠷ ᠠᠮᠵᠢᠯᠲᠠ ᠪᠦᠲᠦᠮᠵᠢ᠎ᠶ᠋ᠢ ᠬᠢᠯᠪᠠᠷ ᠪᠤᠰᠤ᠎ᠪᠠᠷ ᠣᠯᠤᠭ᠍ᠰᠠᠨ ᠶᠤᠮ᠂ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠡᠵᠡᠮᠳᠡᠵᠦ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠪᠢᠳᠡ 《ᠬᠣᠶᠠᠷ᠎ᠢ ᠲᠣᠭ᠍ᠲᠠᠭᠠᠭᠰᠠᠨ》 ᠢ᠋ ᠨᠡᠩ ᠤᠬᠠᠮᠰᠠᠷ᠎ᠡᠴᠡ᠎ᠪᠠᠨ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠵᠠᠪᠠᠯ ᠢᠯᠠᠬᠤ ᠢᠲᠡᠭᠡᠯ ᠵᠣᠷᠢᠭ᠎ᠢᠶᠠᠨ ᠨᠡᠮᠡᠭ᠌ᠳᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ᠎ᠪᠡᠷ ᠰᠠᠢᠲᠤᠷ ᠬᠢᠵᠦ᠍᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠭᠦᠨᠵᠡᠭᠡᠢ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠦ᠍᠂ ᠨᠢᠭᠡ ᠨᠢᠭᠡ ᠠᠯᠬᠤᠮ᠎ᠢᠶᠠᠷ ᠠᠤᠭ᠎ᠠ ᠶᠡᠬᠡ ᠬᠦᠰᠡᠯ ᠡᠷᠡᠮᠡᠯᠵᠡᠯ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠵᠤᠤ ᠯᠸ ᠵᠶ᠋ᠢ ᠰᠸᠴᠤᠸᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠮᠵᠢᠯᠲᠠ᠎ᠶ᠋ᠢ ᠭᠦᠢᠴᠡᠳ ᠨᠤᠲᠠᠯᠠᠵᠤ᠂ ᠰᠸᠴᠤᠸᠠᠨ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠰᠸᠴᠤᠸᠠᠨ᠎ᠤ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠰᠸᠴᠤᠸᠠᠨ᠎ᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭᠯᠡᠬᠦ᠌᠎ᠬᠡᠷᠡᠭᠲᠡᠢ᠃ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠥᠷᠥᠴᠡ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠶᠡᠬᠡ ᠠᠵᠠ ᠲᠣᠬᠢᠶᠠᠯ᠎ᠢ ᠡᠵᠡᠮᠳᠡᠵᠦ᠍᠂ ᠰᠸᠴᠤᠸᠠᠨ᠎ᠤ ᠣᠨᠴᠠᠯᠢᠭ ᠪᠠ ᠳᠠᠪᠠᠭᠤᠯᠢᠭ᠎ᠲᠠᠶ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠬᠡᠷᠡᠭᠲᠡᠢ; ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠶ ᠦᠶ᠋ᠯᠡᠴᠢᠯᠡᠬᠦ᠌ ᠪᠠ ᠠᠭᠤᠰᠤᠯᠴᠠᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠵᠦ᠍᠂ ᠪᠠᠷᠠᠭᠤᠨᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢᠨ ᠥᠨᠳᠥᠷᠯᠢᠭ ᠭᠠᠵᠠᠷ ᠪᠠ ᠣᠯᠠᠨ ᠤᠯᠤᠰ᠎ᠤᠨ ᠥᠷᠢᠰᠥᠯᠳᠦᠭᠡᠨ᠎ᠳᠦ ᠣᠷᠣᠯᠴᠠᠬᠤ ᠱᠢᠨ᠎ᠡ ᠰᠠᠭᠤᠷᠢᠨ᠎ᠢ ᠪᠠᠢᠭᠤᠯᠬᠤ ᠬᠡᠷᠡᠭᠲᠡᠢ; ᠠᠵᠤ ᠠᠬᠤᠢ᠎ᠶ᠋ᠢᠨ ᠬᠥᠭ᠌ᠵᠢᠯᠲᠡ ᠪᠠ ᠨᠡᠢᠭᠡᠮ᠎ᠦᠨ ᠬᠥᠭ᠌ᠵᠢᠯᠲᠡ᠎ᠶ᠋ᠢᠨ ᠵᠣᠬᠢᠴᠠᠩᠭᠤᠢ᠎ᠪᠠᠷ ᠵᠡᠷᠭᠡ᠎ᠪᠡᠷ ᠤᠷᠤᠭ᠍ᠰᠢᠯᠠᠬᠤ᠎ᠶ᠋ᠢ ᠠᠬᠢᠭᠤᠯᠵᠤ᠂ ᠤᠯᠠᠨ ᠲᠦᠮᠡᠨ᠎ᠦ ᠪᠠᠴᠢᠮᠳᠠᠵᠤ ᠳᠦᠪᠡᠭᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠤᠯᠠᠨ ᠲᠦᠮᠡᠨ᠎ᠳᠦ ᠦᠨᠡᠨ ᠪᠣᠳᠠᠲᠠᠢ᠂ ᠣᠢᠯᠠᠭᠠᠮᠵᠢᠲᠠᠢ ᠮᠡᠳᠡᠷᠡᠭᠦᠰᠢᠲᠡᠢ ᠬᠦᠷᠲᠡᠮᠵᠢ᠎ᠶ᠋ᠢᠨ ᠲᠦᠷᠦᠭ᠌ᠳᠡᠯ ᠣᠯᠭᠣᠬᠤ ᠬᠡᠷᠡᠭᠲᠡᠢ; ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠥᠬᠡᠶ ᠠᠬᠢᠭᠤᠯᠤᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠠᠮᠢ ᠠᠬᠤᠶ᠎ᠪᠠᠷ ᠬᠥᠭ᠌ᠵᠢᠯᠲᠡ᠎ᠶ᠋ᠢᠨ ᠰᠠᠢᠨ ᠰᠠᠢᠬᠠᠨ ᠣᠷᠴᠢᠨ ᠨᠦᠬᠦᠴᠡᠯ᠎ᠢ ᠪᠣᠶ ᠪᠣᠯᠭᠠᠬᠤ ᠬᠡᠷᠡᠭᠲᠡᠢ ᠭᠡᠵᠦ ᠬᠦᠰᠡᠪᠡ᠃

ᠵᠤᠤ ᠯᠸ ᠵᠶ᠋ᠢ᠂ ᠰᠸᠴᠤᠸᠠᠨ ᠮᠤᠵᠢ᠎ᠶ᠋ᠢᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠳᠤ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠍᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠰᠸᠴᠤᠸᠠᠨ᠎ᠤ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠲᠤᠷ ᠡᠬᠢᠯᠡᠭᠦᠯᠬᠦ᠌᠎ᠳᠦ ᠬᠦᠴᠦᠨ ᠨᠡᠮᠡᠷᠢᠯᠡᠬᠦ᠌᠎ᠬᠡᠷᠡᠭᠲᠡᠢ᠃ ᠨᠠᠮ᠎ᠤᠨ ᠲᠥᠪ ᠬᠤᠷᠢᠶ᠎ᠠ᠎ᠵᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ ᠱᠢᠶᠠᠨ ᠱᠢᠶᠠᠩ ᠬᠣᠶᠠᠷ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠢ ᠭᠡᠵᠦ ᠬᠦᠰᠡᠪᠡ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 5᠎ᠤ᠋ ᠴᠠᠬᠢᠯᠭᠠᠨ ᠮᠡᠳᠡᠭᠡ   ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠭᠡᠰᠢᠭᠦᠨ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠸᠠᠩ ᠬ᠍ᠤ ᠨᠢᠩ 5᠎ᠤ᠋ ᠦᠳᠡ᠎ᠶᠢᠨ ᠬᠣᠢᠨ᠎ᠠ ᠲᠡᠭᠦᠨ᠎ᠦ ᠪᠠᠢᠭ᠎ᠠ ᠭᠦᠢᠵᠧᠦ᠎ᠶᠢᠨ ᠲᠥᠯᠥᠭᠡᠯᠡᠭᠴᠢᠳ᠎ᠦᠨ ᠪᠦᠯᠬᠦᠮ᠎ᠳᠦ ᠢᠷᠡᠵᠦ᠂ ᠲᠥᠯᠥᠭᠡᠯᠡᠭᠴᠢᠳ᠎ᠲᠠᠢ ᠬᠠᠮᠲᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠬᠢᠨᠠᠨ ᠵᠦᠪᠯᠡᠪᠡ᠃ ᠯᠢ ᠯᠢ᠂ ᠧᠦ ᠶᠠᠩ ᠴᠢᠶᠠᠨ ᠰᠸᠨ᠂ ᠬᠣᠩ ᠬ᠍ᠤ ᠫᠸᠩ ᠵᠡᠷᠭᠡ ᠲᠥᠯᠥᠭᠡᠯᠡᠭᠴᠢ ᠢᠳᠡᠪᠬᠢᠲᠡᠢ ᠪᠡᠷ ᠦᠭᠡ ᠬᠡᠯᠡᠪᠡ᠃ ᠸᠠᠩ ᠬ᠍ᠤ ᠨᠢᠩ ᠲᠡᠳᠡᠨ᠎ᠤ ᠬᠡᠯᠡᠬᠦ᠎ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠥᠯᠥᠭᠡᠯᠡᠭᠴᠢᠳ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠪᠠ᠃

ᠸᠠᠩ ᠬ᠍ᠤ ᠨᠢᠩ᠂ ᠶᠡᠷᠦᠩᠬᠡᠢ ᠰᠠᠢᠳ ᠯᠢ ᠴᠢᠶᠠᠩ᠎ᠤᠨ ᠬᠢᠭᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠨᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠡ ᠵᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠢᠯ᠎ᠤᠨ ᠶᠡᠷᠦᠩᠬᠡᠢ ᠪᠠᠢᠷᠢᠯᠠᠭᠤᠯᠤᠯᠲᠠ᠎ᠶᠢ ᠬᠠᠷᠠᠭᠤᠯᠪᠠ᠃ ᠡᠨᠡ ᠬᠦ᠌ ᠢᠯᠡᠳᠬᠡᠯ᠎ᠢ ᠪᠦᠷᠢᠮᠤᠰᠦᠨ ᠵᠥᠪᠰᠢᠶᠡᠷᠡᠵᠦ ᠪᠠᠢᠨ᠎ᠠ ᠭᠡᠵᠤ ᠬᠡᠯᠡᠪᠡ᠃

ᠸᠠᠩ ᠬ᠍ᠤ ᠨᠢᠩ᠂ ᠥᠩᠭᠡᠷᠡᠭᠰᠡᠨ ᠨᠢᠭᠡ ᠵᠢᠯ ᠪᠣᠯᠣᠨ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠥᠷᠴᠦ ᠤᠷᠤᠭᠰᠢᠯᠠᠨ᠂ ᠡᠷᠡᠯᠬᠡᠭᠯᠡᠨ ᠲᠡᠮᠡᠴᠡᠵᠦ᠂ ᠨᠠᠮ ᠪᠠ ᠤᠯᠤᠰ᠎ᠤᠨ ᠠᠵᠢᠯ ᠦᠢᠯᠡᠰ᠎ᠦᠨ ᠴᠢᠬᠤᠯᠠ ᠶᠡᠬᠡ ᠰᠢᠨ᠎ᠡ ᠠᠮᠵᠢᠯᠲᠠ ᠣᠯᠬᠤ᠎ᠶᠢ ᠲᠦᠯᠬᠢᠨ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠢ ᠦᠨᠳᠦᠷᠯᠡᠵᠤ᠂ ᠮᠠᠨ᠎ᠤ ᠤᠯᠤᠰ᠎ᠤᠨ ᠠᠵᠤ ᠠᠬᠤᠢ᠎ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠰᠢᠨ᠎ᠡ ᠳᠡᠭᠲᠡᠷ᠎ᠲᠦ ᠭᠠᠷᠴᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ᠎ᠢ ᠠᠯᠬᠤᠪᠠ᠃ ᠡᠳᠡᠭᠡᠷ ᠠᠮᠵᠢᠯᠲᠠ᠎ᠶᠢ ᠣᠯᠣᠭᠰᠠᠨ᠎ᠤ ᠦᠨᠳᠦᠰᠦ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠠᠯᠠᠭᠤᠷ᠎ᠢ ᠡᠵᠡᠮᠳᠡᠵᠦ ᠠᠶᠠᠯᠠᠯ᠎ᠢ ᠵᠢᠯᠣᠭᠣᠳᠤᠭ᠍ᠰᠠᠨ᠎ᠳᠤ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠃ ᠪᠢᠳᠡ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠡᠨ ᠦᠨᠡᠨ ᠬᠦ᠌ ᠴᠢᠩᠭᠠᠳᠬᠠᠬᠤ ᠬᠡᠷᠡᠭᠲᠡᠢ ᠭᠡᠵᠤ ᠢᠯᠡᠳᠬᠡᠪᠡ᠃

ᠸᠠᠩ ᠬ᠍ᠤ ᠨᠢᠩ ᠭᠦᠢᠵᠧᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠭᠦᠢᠵᠧᠦ᠎ᠳᠦ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭᠵᠢᠯᠲᠡ᠎ᠪᠡᠷ ᠪᠦᠬᠦ ᠲᠠᠯ᠎ᠠ᠎ᠶᠢ ᠡᠵᠡᠮᠳᠡᠬᠦ᠎ᠶᠢ ᠪᠠᠷᠢᠮᠲᠠᠯᠠᠵᠤ᠂ 《ᠲᠦᠷᠪᠡᠨ ᠰᠢᠨ᠎ᠡ》 ᠵᠢᠨ ᠲᠣᠭᠣᠷᠢᠨ᠎ᠳᠤ 《ᠰᠢᠨ᠎ᠡ ᠬᠡᠯᠪᠡᠷᠢ ᠵᠢᠨ ᠠᠵᠤ ᠦᠢᠯᠡᠳᠪᠦᠷᠢᠵᠢᠯᠲᠡ ᠰᠢᠨ᠎ᠡ ᠬᠡᠯᠪᠡᠷᠢ ᠵᠢᠨ ᠬᠤᠲᠠ ᠪᠠᠯᠭᠠᠰᠤᠵᠢᠯᠲᠡ ᠬᠦᠳᠡᠭᠡ ᠠᠵᠤ ᠠᠬᠤᠢ ᠵᠢᠨ ᠤᠳᠤᠬᠢᠴᠢᠯᠠᠯᠲᠠ ᠵᠢᠭᠤᠯᠴᠢᠯᠠᠯ᠎ᠤᠨ ᠠᠵᠤ ᠦᠢᠯᠡᠰᠵᠢᠯᠲᠡ》 ᠶ᠋ᠢ ᠭᠣᠣᠯᠯᠠᠨ ᠰᠢᠪᠲᠤᠯᠬᠤ᠎ᠶᠢ ᠪᠠᠷᠢᠮᠲᠠᠯᠠᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶᠢ ᠪᠡᠶᠡᠯᠡᠭᠦᠯᠬᠦ ᠬᠡᠷᠡᠭᠳᠡᠢ᠃ ᠭᠦᠢᠵᠧᠦ᠎ᠶᠢᠨ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠬᠥᠭᠵᠢᠯᠲᠡ᠎ᠶᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠪᠦᠬᠦ ᠲᠠᠯ᠎ᠠ᠎ᠳᠤ ᠲᠠᠯᠪᠢᠨ ᠲᠥᠯᠥᠪᠵᠢᠭᠦᠯᠦᠨ ᠠᠬᠢᠭᠤᠯᠵᠤ᠂ ᠤᠯᠤᠰ᠎ᠤᠨ ᠪᠦᠬᠦᠯᠢ ᠴᠣᠭᠴᠠ᠎ᠶᠢᠨ ᠲᠥᠯᠦᠪᠵᠢᠭᠦᠯᠭᠡ᠎ᠶᠢᠨ ᠵᠣᠷᠢᠭ᠋ ᠰᠠᠨᠠᠭ᠎ᠠ ᠪᠠ ᠱᠠᠭᠠᠷᠳᠠᠯᠭ᠎ᠠ᠎ᠶᠢ ᠨᠡᠩ ᠰᠠᠢᠲᠤᠷ ᠢᠯᠡᠷᠡᠭᠦᠯᠵᠦ᠂ ᠨᠠᠮ᠎ᠤᠨ ᠲᠥᠪ ᠬᠣᠷᠢᠶ᠎ᠡ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠡᠩ ᠡᠷᠡᠰ ᠰᠢᠭᠤᠷᠬᠠᠢ ᠪᠥᠭᠡᠳ ᠬᠦᠴᠦᠲᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠪᠣᠳᠠᠲᠤ ᠴᠣᠭᠴᠠ᠎ᠶᠢᠨ ᠠᠵᠤ ᠠᠬᠤᠢ ᠭᠡᠬᠦ ᠡᠨᠡ ᠬᠦ᠌ ᠰᠠᠭᠤᠷᠢ᠎ᠶᠢ ᠪᠠᠲᠤ ᠰᠠᠬᠢᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠲᠦᠯᠬᠢᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠬᠦ ᠳᠤᠮᠳᠠ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠵᠠᠮᠨᠠᠬᠤ ᠬᠡᠷᠡᠭᠲᠡᠢ᠃ ᠠᠵᠤ ᠦᠢᠯᠡᠰ᠎ᠢ ᠮᠠᠨᠳᠤᠭᠤᠯᠬᠤ᠂ ᠰᠢᠶᠠᠨ᠎ᠢ ᠬᠦᠴᠦᠷᠬᠡᠭᠵᠢᠭᠦᠯᠬᠦ᠂ ᠠᠷᠠᠳ᠎ᠢ ᠪᠠᠶᠠᠵᠢᠭᠤᠯᠬᠤ᠎ᠶᠢ ᠨᠢᠭᠡ ᠴᠣᠭᠴᠠᠵᠢᠭᠤᠯᠤᠭᠰᠠᠨ ᠬᠥᠭᠵᠢᠯᠲᠡ᠎ᠶᠢ ᠲᠦᠯᠬᠢᠨ ᠠᠬᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠲᠦᠷᠭᠡᠳᠬᠡᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠠᠵᠢᠯ᠎ᠢ ᠰᠠᠢᠲᠤᠷ ᠬᠢᠵᠦ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠡᠭᠦᠳᠦᠨ ᠪᠠᠶ᠋ᠢᠭᠤᠯᠬᠤ ᠠᠵᠢᠯᠯᠠᠭ᠎ᠠ᠎ᠶᠢ ᠥᠷᠨᠢᠭᠦᠯᠬᠦ ᠬᠡᠷᠡᠭᠳᠡᠢ᠃ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ ᠣᠢᠯᠠᠭᠠᠭᠳᠠᠬᠤᠨ᠎ᠢ ᠨᠢ ᠴᠢᠨᠭᠭᠠᠷᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠬᠡᠷᠡᠭᠲᠡᠢ ᠭᠡᠵᠦ ᠬᠦᠰᠡᠪᠡ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠶ ᠰᠠᠢᠳ ᠳ᠋ᠢᠩ ᠱᠢᠤᠸᠠᠢ ᠱᠢᠶᠠᠩ 5᠎ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠯᠢᠶᠣᠤᠨᠢᠩ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠯᠢᠦᠢ ᡁᠢ ᠴᠧᠩ᠂ ᠰᠦᠨ ᠳ᠋ᠦᠩ ᠮᠢᠩ᠂ ᠲᠦᠩ ᠯᠢᠶᠠᠩ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠪᠡ᠃

ᠳ᠋ᠢᠩ ᠱᠢᠤᠸᠠᠢ ᠱᠢᠶᠠᠩ ᠲᠥᠯᠥᠭᠡᠯᠡᠭ᠌ᠴᠢᠳ᠎ᠦᠨ ᠦᠭᠡ ᠬᠡᠯᠡᠬᠦ᠎ᠶ᠋ᠢ ᠰᠣᠨᠣᠰᠤᠭ᠍ᠰᠠᠨ᠎ᠤ ᠳᠠᠷᠠᠭ᠎ᠠ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ᠎ᠶᠢᠨ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠠᠵᠢᠯ᠎ᠤᠨ ᠲᠤᠬᠠᠶ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠭᠦᠶ᠋ᠴᠡᠳ ᠢᠯᠡᠷᠡᠭᠦᠯᠵᠦ᠍᠂ ᠲᠣᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠰᠠᠢᠨ ᠢᠯᠡᠳᠭᠡᠯ ᠪᠣᠯᠵᠠᠶ᠂ ᠪᠢ ᠪᠦᠷᠢᠮᠦᠰᠦᠨ ᠵᠥᠪᠱᠢᠶᠡᠷᠡᠵᠦ ᠪᠠᠢᠨ᠎ᠠ ᠭᠡᠵᠦ ᠬᠡᠯᠡᠪᠡ᠃

ᠳ᠋ᠢᠩ ᠱᠢᠤᠸᠠᠢ ᠱᠢᠶᠠᠩ᠂ ᠥᠩᠭᠡᠷᠡᠭ᠌ᠰᠡᠨ ᠨᠢᠭᠡ ᠵᠢᠯ᠎ᠳᠦ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠭᠦᠨᠵᠡᠭᠡᠢ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠤᠯᠤᠰ ᠳᠠᠶᠠᠭᠠᠷ᠎ᠢ ᠳᠠᠭᠠᠭᠤᠯᠤᠨ ᠯᠠᠪᠳᠠᠭᠤᠨ᠎ᠢᠶᠠᠷ ᠠᠷᠭᠠᠴᠠᠭᠠᠵᠤ᠂ ᠵᠣᠷᠢᠭ᠍ᠲᠠᠢ᠎ᠪᠠᠷ ᠤᠷᠤᠭ᠍ᠰᠢᠯᠠᠵᠤ᠂ ᠬᠠᠮᠤᠭ᠎ᠤᠨ ᠮᠠᠭᠤ ᠲᠠᠯ᠎ᠠ᠎ᠡᠴᠡ ᠪᠣᠳᠣᠯᠬᠢᠯᠠᠵᠤ᠂ ᠬᠠᠮᠤᠭ᠎ᠤᠨ ᠰᠠᠢ᠌ᠨ ᠲᠡᠢᠰᠢ ᠴᠢᠷᠮᠠᠢᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠱᠢᠨ᠎ᠡ ᠳᠡᠭ᠌ᠲᠡᠷ᠎ᠲᠦ ᠭᠠᠷᠴᠤ᠌᠂ ᠱᠢᠨ᠎ᠡ ᠱᠢᠯᠢᠳᠡᠭ ᠲᠡᠢᠰᠢ ᠬᠥᠭ᠌ᠵᠢᠬᠦ᠌ ᠬᠠᠨᠳᠤᠰᠢ ᠨᠡᠩ ᠴᠢᠩᠭᠠᠷᠠᠵᠤ᠂ ᠭᠣᠣᠯ ᠬᠠᠷᠠᠯᠲᠠ ᠡᠭᠦᠷᠭᠡ᠎ᠪᠡᠨ ᠤᠷᠤᠭ᠍ᠰᠢᠲᠠᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠡᠳᠡᠭᠡᠷ ᠠᠮᠵᠢᠯᠲᠠ᠎ᠶ᠋ᠢ ᠣᠯᠤᠭ᠍ᠰᠠᠨ ᠨᠢ ᠲᠤᠢᠯ᠎ᠤᠨ ᠬᠢᠯᠪᠠᠷ ᠪᠤᠰᠤ ᠶᠤᠮ᠂ ᠡᠭᠦᠨ᠎ᠤ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠡᠵᠡᠮᠳᠡᠵᠦ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠪᠢᠳᠡ ᠡᠭᠦᠨ᠎ᠦ ᠳᠤᠮᠳᠠ᠎ᠡᠴᠡ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠬᠡᠷᠡᠭ᠌ᠲᠡᠢ ᠭᠡᠵᠦ ᠢᠯᠡᠳᠭᠡᠪᠡ᠃

ᠳ᠋ᠢᠩ ᠱᠢᠤᠸᠠᠢ ᠱᠢᠶᠠᠩ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠵᠢᠯ᠎ᠢ ᠰᠠᠢᠲᠤᠷ ᠬᠢᠬᠦ᠌᠎ᠳᠦ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠢ᠃ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠣᠨᠣᠪᠴᠢᠲᠠᠶ ᠡᠵᠡᠮᠳᠡᠵᠦ᠍᠂ ᠬᠣᠷᠸ᠎ᠠ ᠠᠵᠤ ᠠᠬᠤᠶ᠎ᠶ᠋ᠢᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠣᠷᠳᠣ ᠬᠤᠭᠤᠴᠠᠭ᠎ᠠ᠎ᠪᠠᠷ ᠵᠥᠪ ᠶᠠᠪᠤᠳᠠᠯ ᠬᠢᠬᠦ᠌᠎ᠵᠢ ᠪᠠᠷᠢᠮᠲᠠᠯᠠᠵᠤ᠂ ᠦᠨᠡᠨ ᠪᠣᠳᠠᠲᠠᠶ᠂ ᠬᠣᠯᠢᠴᠠ ᠥᠬᠡᠶ ᠨᠡᠮᠡᠭ᠌ᠳᠡᠯ᠎ᠢ ᠬᠥᠭᠡᠭᠡᠴᠡᠯᠳᠦᠵᠦ᠂ ᠳᠤᠲᠠᠭᠤᠳᠠᠯ᠎ᠤᠨ ᠠᠰᠠᠭᠤᠳᠠᠯ᠎ᠢ ᠲᠦᠷᠭᠡᠨ ᠱᠢᠶ᠋ᠳᠪᠦᠷᠢᠯᠡᠵᠦ᠍᠂ ᠭᠤᠤᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ ᠬᠡᠮ ᠰᠣᠭᠣᠭ᠎ᠢ ᠠᠷᠢᠯᠭᠠᠵᠤ᠂ ᠴᠢᠨᠠᠷ ᠰᠠᠢᠲᠠᠶ᠂ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠲᠡᠰ ᠳᠡᠪᠱᠢᠬᠦ᠌᠎ᠶ᠋ᠢ ᠬᠦᠳᠦᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠢᠳᠡᠪᠬᠢᠲᠡᠢ ᠬᠥᠭ᠌ᠵᠢᠭᠦᠯᠵᠦ᠍᠂ ᠱᠢᠨ᠎ᠡ ᠬᠠᠭᠤᠴᠢᠨ ᠬᠥᠳᠡᠯᠭᠡᠭ᠌ᠴᠢ ᠡᠨᠧᠷᠭᠢ᠎ᠶ᠋ᠢᠨ ᠲᠣᠭ᠍ᠲᠠᠭᠤᠨ᠎ᠢᠶᠠᠷ ᠵᠠᠯᠭᠠᠯᠳᠤᠨ ᠰᠣᠯᠢᠭ᠍ᠳᠠᠬᠤ᠎ᠶ᠋ᠢ ᠠᠬᠢᠭᠤᠯᠬᠤ ᠬᠡᠷᠡᠭᠲᠡᠢ᠃ ᠭᠤᠤᠯᠳᠠᠯᠭ᠎ᠠ᠎ᠲᠠᠶ ᠬᠦᠷᠢᠶᠡᠨ᠎ᠦ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠨ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠬᠤ ᠬᠡᠷᠡᠭᠲᠡᠢ᠃ ᠨᠡᠢᠭᠡᠮ᠎ᠦᠨ ᠠᠩᠬᠠᠷᠤᠯ᠎ᠳᠤ ᠢᠳᠡᠪᠬᠢᠲᠡᠢ ᠬᠠᠷᠢᠭᠤᠯᠲᠠ ᠥᠭ᠌ᠴᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠢᠯᠡᠭᠦᠬᠡᠨ ᠬᠢᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠳ᠋ᠢᠩ ᠱᠢᠤᠸᠠᠢ ᠱᠢᠶᠠᠩ ᠯᠢᠶᠣᠤᠨᠢᠩ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠯᠢᠶᠣᠤᠨᠢᠩ ᠮᠤᠵᠢ᠎ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ᠎ᠳᠦ ᠵᠡᠭᠦᠨ ᠬᠣᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠲᠠᠯ᠎ᠠ᠎ᠪᠠᠷ ᠨᠡᠩ ᠶᠡᠬᠡ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ᠃ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠤᠯᠤᠰ᠎ᠤᠨ ᠪᠠᠢᠯᠳᠤᠬᠤ ᠪᠤᠳᠤᠯᠭ᠎ᠠ ᠪᠠ ᠲᠦᠷᠦ᠍᠎ᠶ᠋ᠢᠨ ᠪᠤᠳᠤᠯᠭ᠎ᠠ᠎ᠶ᠋ᠢ ᠢᠳᠡᠪᠬᠢᠲᠡᠢ᠎ᠪᠡᠷ ᠵᠣᠯᠭᠠᠯᠳᠤᠭᠤᠯᠤᠨ ᠰᠠᠢᠲᠤᠷ ᠬᠡᠷᠡᠭ᠌ᠯᠡᠵᠦ᠍᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠭᠠᠵᠠᠷ ᠤᠷᠤᠨ᠎ᠤ ᠪᠠᠢᠳᠠᠯ᠎ᠳᠤᠨᠢ ᠲᠤᠬᠢᠷᠠᠭᠤᠯᠤᠨ ᠠᠬᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠠᠰᠤᠷᠠᠯᠳᠠ ᠦᠭᠡᠢ ᠱᠢᠨ᠎ᠡ ᠠᠮᠵᠢᠯᠲᠠ ᠪᠦᠲᠦᠮᠵᠢ ᠤᠯᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠢᠳᠡᠪᠬᠢᠲᠡᠢ ᠬᠤᠪᠢ ᠨᠡᠮᠡᠷᠢ ᠦᠵᠡᠭᠦᠯᠬᠦ᠎ᠵᠢ ᠬᠦᠰᠡᠪᠡ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ  ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠪ ᠬᠤᠷᠢᠶ᠎ᠠ ᠵᠢᠨ ᠡᠣᠯᠣᠰ ᠲᠦᠷᠦ ᠵᠢᠨ ᠲᠣᠪᠴᠢᠶᠠᠨ᠎ᠤ ᠪᠠᠢᠩᠭᠤ ᠵᠢᠨ ᠭᠡᠱᠢᠭᠦᠨ᠂ ᠲᠥᠪ᠎ᠦᠨ ᠰᠠᠬᠢᠯᠭ᠎ᠠ ᠪᠠᠲᠤ ᠪᠠᠢ᠌ᠴᠠᠭᠠᠬᠤ ᠬᠤᠷᠢᠶ᠎ᠠ ᠵᠢᠨ ᠱᠦᠵᠢ ᠯᠢ ᠰᠢ 5᠎ᠤ᠋ ᠡᠳᠦᠷ᠎ᠦᠨ ᠦᠳᠡ᠎ᠶ᠋ᠢᠨ ᠬᠣᠢᠨ᠎ᠠ ᠲᠡᠭᠦᠨ᠎ᠤ ᠪᠠᠢᠭ᠎ᠠ ᠹᠦᠵᠢᠶᠠᠨ᠎ᠤ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠂ ᠲᠥᠯᠥᠭᠡᠯᠡᠭ᠌ᠴᠢᠳ᠎ᠲᠡᠶ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠴᠢᠨ ᠶᠤᠸᠠᠨ᠂ ᠬᠣ᠌ ᠱᠧᠩ᠂ ᠸᠠᠩ ᠶᠦᠩ ᠴᠧᠩ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠂ ᠯᠢ ᠰᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠲᠥᠯᠥᠭᠡᠯᠡᠭ᠌ᠴᠢᠳ ᠲᠡᠶ ᠰᠠᠨᠠᠯ᠎ᠢᠶᠠᠨ ᠰᠣᠯᠢᠯᠴᠠᠨ ᠶᠠᠷᠢᠯᠴᠠᠵᠤ᠂ ᠬᠤᠷᠠᠯ᠎ᠤᠨ ᠲᠠᠯᠠᠪᠠᠢ ᠵᠢᠨ ᠠᠭᠤᠷ ᠠᠮᠢᠰᠬᠤᠯ ᠬᠦᠷ ᠬᠥᠭ᠌ᠵᠢᠶᠡᠨ᠎ᠢᠶᠡᠷ ᠪᠢᠯᠬᠠᠵᠤ ᠪᠠᠢᠯ᠎ᠠ᠃

ᠯᠢ ᠰᠢ ᠲᠥᠯᠥᠭᠡᠯᠡᠭ᠌ᠴᠢᠳ᠎ᠦᠨ ᠬᠡᠯᠡᠬᠦ᠎ᠶ᠋ᠢ ᠰᠣᠨᠣᠰᠤᠭ᠍ᠰᠠᠨ᠎ᠤ ᠳᠠᠷᠠᠭ᠎ᠠ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠥᠩᠭᠡᠷᠡᠭ᠌ᠰᠡᠨ ᠨᠢᠭᠡ ᠵᠢᠯ᠎ᠳᠦ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠭᠦᠨᠵᠡᠭᠡᠢ ᠪᠥᠭᠡᠳ ᠨᠠᠷᠢᠨ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠬᠦᠴᠦᠯᠡᠨ ᠲᠡᠮᠡᠴᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠰᠦᠷᠦᠨ ᠤᠷᠤᠭ᠍ᠰᠢᠯᠠᠵᠤ᠂ ᠱᠢᠨ᠎ᠡ᠎ᠲᠡᠢᠰᠢ  ᠱᠢᠯᠢᠳᠡᠭ ᠲᠡᠢᠰᠢ ᠬᠥᠭ᠌ᠵᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠠᠢ᠃ 5 ᠵᠢᠯ᠎ᠦᠨ ᠱᠢᠷᠭᠠᠭᠤ ᠬᠠᠲᠠᠭᠤᠵᠢᠯᠲᠠᠢ ᠲᠡᠮᠡᠴᠡᠯ᠎ᠢᠶᠡᠷ ᠳᠠᠮᠵᠢᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠠᠮᠵᠢᠯᠲᠠ᠎ᠲᠠᠶ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠶᠡᠷᠦᠩᠬᠡᠢᠯᠡᠭᠰᠡᠨ ᠤᠯᠤᠰ᠎ᠤᠨ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠠᠮᠵᠢᠯᠲᠠ ᠪᠦᠲᠦᠮᠵᠢ ᠬᠢᠯᠪᠠᠷ ᠪᠤᠰᠤ᠎ᠪᠠᠷ ᠢᠷᠡᠭ᠌ᠰᠡᠨ ᠶᠤᠮ᠂ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ᠎ᠤᠨ ᠵᠠᠯᠠᠭᠤᠷ᠎ᠢ ᠡᠵᠡᠮᠳᠡᠵᠦ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠨᠡᠩ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠠᠢᠭᠠᠳ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠡᠢ᠃

ᠯᠢ ᠰᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶ᠋ᠢ ᠪᠡᠬᠢᠵᠢᠭᠦᠯᠦᠨ᠂ ᠪᠦᠭᠦ᠌ ᠲᠠᠯ᠎ᠠ᠎ᠪᠠᠷ ᠬᠦᠴᠣᠯᠠᠭᠦ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠃ ᠹᠦᠵᠢᠶᠠᠨ᠎ᠤ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠹᠦᠵᠢᠶᠠᠨ᠎ᠤ ᠬᠥᠭ᠌ᠵᠢᠯᠲᠡ᠎ᠶ᠋ᠢᠨ ᠲᠤᠬᠠᠶ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠠᠲᠤ ᠡᠵᠡᠮᠳᠡᠵᠦ᠂ ᠲᠣᠭ᠍ᠲᠠᠴᠠ᠎ᠨᠢ ᠠᠮᠢᠳᠤᠯᠢᠭ᠂ ᠠᠵᠤ ᠦᠢᠯᠡᠰ᠎ᠨᠢ ᠱᠢᠯᠢᠳᠡᠭ᠂ ᠠᠷᠠᠳ ᠪᠠᠶᠠᠵᠢᠭᠰᠠᠨ᠂ ᠠᠮᠢ ᠠᠬᠤᠶ ᠦᠵᠡᠰᠭᠦᠯᠡᠩᠲᠤ ᠰᠠᠢᠬᠠᠨ ᠱᠢᠨ᠎ᠡ ᠹᠦᠵᠢᠶᠠᠨ᠎ᠢ ᠪᠦᠲᠦᠭᠡᠨ ᠪᠠᠢᠭᠤᠯᠬᠤ ᠬᠠᠷᠠᠯᠲᠠ᠎ᠶ᠋ᠢ ᠰᠤᠯᠠᠷᠠᠭᠤᠯᠤᠯ ᠦᠭᠡᠢ ᠴᠢᠩᠭ᠎ᠠ ᠡᠵᠡᠮᠳᠡᠵᠦ᠂ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠂ ᠲᠠᠢᠸᠠᠨ᠎ᠤ ᠲᠤᠬᠠᠶ ᠠᠵᠢᠯ᠎ᠤᠨ ᠶᠡᠬᠡ ᠲᠠᠯ᠎ᠠ᠎ᠳᠤ ᠢᠳᠡᠪᠬᠢᠲᠡᠢ ᠦᠢᠯᠡᠴᠢᠯᠡᠵᠦ᠂ ᠥᠭᠡᠷᠡᠴᠢᠯᠡᠯᠲᠡ ᠨᠡᠭᠡᠭᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠵᠦ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠬᠦᠴᠦᠯᠡᠨ ᠪᠠᠢᠭᠤᠯᠵᠤ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠳᠤᠮᠳᠠᠳᠤ ᠤᠯᠤᠰ᠎ᠤ᠋ᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶ᠋ᠢᠨ ᠳᠤᠮᠳᠠ ᠲᠡᠷᠢᠭᠦᠨ᠎ᠳᠦ ᠣᠷᠣᠬᠤ᠎ᠪᠠᠷ ᠬᠦᠴᠦᠯᠡᠨ ᠴᠢᠷᠮᠠᠢᠬᠤ ᠵᠢ ᠬᠦᠰᠡᠵᠤ ᠪᠠᠢᠨ᠎ᠠ ᠭᠡᠵᠦ ᠵᠢᠭᠠᠵᠤ ᠭᠠᠷᠭᠠᠪᠠ᠃

ᠯᠢ ᠰᠢ᠂ ᠤᠯᠤᠰ᠎ᠢ ᠵᠠᠰᠠᠬᠤ᠎ᠳᠤ ᠡᠷᠬᠡᠪᠰᠢ ᠤᠷᠢᠳᠠᠪᠠᠷ ᠨᠠᠮ᠎ᠢ ᠵᠠᠰᠠᠬᠤ ᠬᠡᠷᠡᠭ᠌ᠲᠡᠢ᠂ ᠨᠠᠮ ᠮᠠᠨᠳᠤᠪᠠᠯ ᠰᠠᠶᠢ ᠤᠯᠤᠰ ᠬᠦᠴᠦᠷᠬᠡᠭ᠌ᠵᠢᠵᠦ᠍ ᠴᠢᠳᠠᠨ᠎ᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠵᠢᠨ ᠬᠢᠨ ᠨᠡᠩ ᠰᠠᠨᠠᠭᠠᠴᠢᠯᠠᠭ᠎ᠠ᠎ᠡᠴᠡ᠎ᠪᠠᠨ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃ ᠨᠠᠮ᠎ᠤᠨ ᠪᠦᠯᠬᠦᠮᠳᠡᠯ ᠨᠢᠭᠡᠳᠦᠯ᠎ᠢ ᠡᠷᠡᠰ ᠬᠠᠮᠠᠭᠠᠯᠠᠵᠤ᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠵᠤ᠂ ᠤᠯᠤᠰ ᠲᠦᠷᠦ᠍᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠬᠣᠶᠠᠷ ᠰᠠᠨᠠᠭ᠎ᠠ ᠡᠪᠦᠷᠯᠡᠭ᠌ᠰᠡᠨ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯ ᠦᠭᠡᠢ ᠪᠠᠢᠬᠤ 《ᠬᠣᠶᠠᠷ ᠨᠢᠭᠤᠷᠲᠠᠨ》 ᠢ᠋ ᠡᠷᠡᠰ ᠴᠡᠪᠡᠷᠯᠡᠨ ᠠᠷᠢᠯᠭᠠᠵᠤ᠂ 《ᠲᠤᠯᠤᠭᠠᠨ ᠪᠠᠢᠬᠤ》 ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠵᠡᠷᠭᠡ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃ ᠨᠠᠮ᠎ᠤᠨ ᠲᠡᠷᠢᠭᠦᠨ᠎ᠦ ᠴᠢᠨᠠᠷ ᠴᠡᠪᠡᠷ ᠴᠢᠨᠠᠷ᠎ᠢ ᠡᠷᠡᠰ ᠬᠠᠮᠠᠭᠠᠯᠠᠵᠤ᠂ 《ᠲᠦᠷᠪᠡᠨ ᠰᠤᠷᠲᠠᠯ》 ᠢ᠋ ᠴᠢᠩᠭ᠎ᠠ ᠪᠣᠳᠠᠲᠠᠢ ᠵᠠᠯᠠᠷᠠᠭᠤᠯᠤᠨ ᠵᠠᠰᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠢᠯᠵᠢᠷᠠᠬᠦ ᠡᠴᠡ᠎ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠢ ᠪᠣᠯᠤᠨ ᠨᠥᠬᠥᠴᠡᠯ᠎ᠢ ᠬᠦᠴᠦᠯᠡᠨ ᠠᠷᠢᠯᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠡᠷᠡᠰ ᠰᠠᠢᠲᠤᠷ ᠵᠠᠮᠨᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ  ᠤᠯᠤᠰ᠎ᠤᠨ ᠳᠡᠳ᠋ ᠲᠡᠷᠢᠭᠦᠯᠡᠭ᠌ᠴᠢ ᠬᠠᠨ ᠵᠧᠩ 5᠎ᠤ᠋ ᠦᠳᠡ᠎ᠶ᠋ᠢᠨ ᠬᠣᠢᠨ᠎ᠠ ᠲᠡᠭᠦᠨ᠎ᠤ ᠪᠠᠢᠭ᠎ᠠ ᠱᠠᠨᠳᠦ᠋ᠩ᠎ᠦᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠢᠦᠢ᠎ᠶ᠋ᠢᠨ ᠮᠢᠩ᠂ ᠵᠦᠸᠸ ᠴᠠᠩ ᠯᠢ᠂ ᠭᠤᠸᠠᠨ ᡁᠢ ᠵᠢᠶ᠍ᠸ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠪᠠ᠃ ᠬᠠᠨ ᠵᠧᠩ ᠤᠯᠠᠨ᠎ᠤ ᠶᠠᠷᠢᠬᠤ ᠵᠢ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠤᠯᠠᠨ᠎ᠲᠠᠶ ᠪᠤᠳᠤᠯ ᠰᠠᠨᠠᠯ᠎ᠢᠶᠠᠨ ᠰᠣᠯᠢᠯᠴᠠᠨ ᠶᠠᠷᠢᠯᠴᠠᠵᠤ᠂ ᠬᠤᠷᠠᠯ᠎ᠤᠨ ᠠᠬᠤᠢ ᠲᠠᠯᠠᠪᠠᠢ᠎ᠵᠢᠨ ᠠᠭᠤᠷ ᠠᠮᠢᠰᠬᠤᠯ ᠮᠠᠰᠢ ᠬᠦᠷ ᠬᠥᠭ᠌ᠵᠢᠶᠡᠨ ᠲᠡᠢ ᠪᠠᠢᠯ᠎ᠠ᠃

ᠬᠠᠨ ᠵᠧᠩ ᠲᠥᠯᠥᠭᠡᠯᠡᠭ᠌ᠴᠢᠳ᠎ᠦᠨ ᠶᠠᠷᠢᠬᠤ ᠵᠢ ᠰᠣᠨᠣᠰᠤᠭ᠍ᠰᠠᠨ᠎ᠤ ᠳᠠᠷᠠᠭ᠎ᠠ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠲᠣᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ ᠰᠠᠢᠨ ᠢᠯᠡᠳᠭᠡᠯ ᠪᠣᠯᠵᠠᠶ᠂ ᠪᠢ ᠡᠨᠡ ᠬᠦ᠌ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠪᠡ᠃

ᠬᠠᠨ ᠵᠧᠩ᠂ 2025 ᠣᠨ᠎ᠳᠤ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠪᠠᠢᠳᠠᠯ᠎ᠤᠨ ᠡᠮᠦᠨ᠎ᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠯᠬᠡᠭ᠌ᠯᠡᠨ ᠲᠡᠮᠡᠴᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠶ ᠰᠡᠬᠦᠯ ᠬᠤᠷᠢᠶᠠᠵᠤ᠌᠂ ᠨᠠᠮ ᠪᠣᠯᠤᠨ ᠤᠯᠤᠰ᠎ᠤᠨ ᠠᠵᠢᠯ ᠦᠢᠯᠡᠰ ᠴᠢᠬᠤᠯᠠ ᠶᠡᠬᠡ ᠱᠢᠨ᠎ᠡ ᠠᠮᠵᠢᠯᠲᠠ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠡᠳᠡᠭᠡᠷ ᠬᠢᠯᠪᠠᠷ ᠪᠤᠰᠤ᠎ᠪᠠᠷ ᠤᠯᠤᠭᠰᠠᠨ ᠠᠮᠵᠢᠯᠲᠠ ᠪᠦᠲᠦᠮᠵᠢ᠎ᠵᠢᠨ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠡᠵᠡᠮᠳᠡᠵᠦ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ ᠭᠡᠵᠦ ᠢᠯᠡᠳᠭᠡᠪᠡ᠃

ᠬᠠᠨ ᠵᠧᠩ᠂ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ 《ᠬᠣᠶᠠᠷ᠎ᠢ ᠲᠣᠭ᠍ᠲᠠᠭᠠᠬᠰᠠᠨ》᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠎ᠵᠢᠨ ᠪᠠᠢᠳᠠᠯ᠎ᠤᠨ ᠲᠤᠬᠠᠢ ᠱᠢᠨᠵᠢᠯᠡᠬᠦ᠌ ᠤᠬᠠᠭᠠᠨᠴᠢ ᠮᠠᠭᠠᠳᠯᠠᠯᠲᠠ ᠳᠡᠭᠡᠷ᠎ᠡ ᠨᠢᠭᠡᠳᠭᠡᠵᠦ᠍᠂ ᠨᠠᠮ᠎ᠤᠨ ᠲᠥᠪ ᠬᠤᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠵᠤ ᠠᠩᠬᠠᠨ᠎ᠤ ᠠᠯᠬᠤᠮ᠎ᠢ ᠰᠠᠢᠳᠤᠷ ᠠᠯᠬᠤᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠳᠤᠲᠤᠷ ᠲᠠᠮᠢᠷ᠎ᠵᠢᠡᠨ ᠬᠠᠲᠠᠭᠤᠵᠢᠯᠲᠠᠢ ᠲᠠᠪᠳᠠᠨ ᠪᠣᠯᠪᠠᠰᠤᠷᠠᠭᠤᠯᠬᠤ᠎ᠶ᠋ᠢ ᠪᠠᠷᠢᠮᠲᠠᠯᠠᠵᠤ᠂ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ ᠰᠠᠢᠲᠤᠷ ᠬᠢᠵᠦ᠍᠂ ᠭᠠᠳᠠᠭᠠᠳᠤ ᠥᠷᠢᠰᠥᠯᠳᠦᠭᠡᠨ᠎ᠢ ᠢᠳᠡᠪᠬᠢᠲᠡᠢ ᠠᠷᠭᠠᠴᠡᠭᠠᠬᠤ ᠬᠡᠷᠡᠭ᠌ᠲᠡᠢ᠃ ᠥᠭᠡᠷᠡᠴᠢᠯᠡᠯᠲᠡ ᠨᠡᠭᠡᠭᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠤᠨ ᠠᠮᠢᠵᠢᠷᠠᠯ᠎ᠤᠨ ᠬᠦᠴᠦᠨ᠎ᠢ ᠴᠢᠩᠭᠠᠳᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠬᠦ᠌ ᠬᠡᠷᠡᠭ᠌ᠲᠡᠶ᠃ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠨᠡᠨ ᠬᠦ᠌ ᠨᠡᠮᠡᠭ᠌ᠳᠡᠭᠦᠯᠵᠦ᠍᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠦᠨ᠎ᠳᠦ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠨᠡᠩ ᠰᠠᠢᠲᠤᠷ ᠡᠳ᠋ᠯᠡᠭᠦᠯᠬᠦ ᠬᠡᠷᠡᠭ᠌ᠲᠡᠢ᠃ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠭᠠᠳᠠᠭᠠᠳᠤ ᠬᠠᠷᠢᠯᠴᠠᠭ᠎ᠠ᠎ᠵᠢᠨ ᠠᠵᠢᠯ᠎ᠢ ᠤᠬᠠᠭᠠᠯᠠᠨ ᠲᠦᠯᠦᠪᠯᠡᠵᠤ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠰᠠᠢ᠌ᠨ ᠰᠠᠢᠬᠠᠨ ᠣᠷᠴᠢᠨ ᠲᠣᠭᠣᠷᠢᠨ ᠪᠠ ᠠᠱᠢᠭ᠍ᠲᠠᠢ ᠨᠥᠬᠥᠴᠡᠯ᠎ᠢ ᠪᠦᠷᠢᠯᠳᠦᠭᠦᠯᠵᠦ᠍ ᠥᠭ᠌ᠬᠦ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠠᠨ ᠵᠧᠩ ᠱᠠᠨᠳᠦ᠋ᠩ᠎ᠦᠨ ᠡᠯ᠎ᠡ ᠲᠠᠯ᠎ᠠ᠎ᠶ᠋ᠢᠨ ᠠᠵᠢᠯ᠎ᠤᠨ ᠣᠯᠤᠭ᠍ᠰᠠᠨ ᠱᠢᠨ᠎ᠡ ᠠᠮᠵᠢᠯᠲᠠ᠎ᠶ᠋ᠢ ᠭᠦᠶ᠋ᠴᠡᠳ ᠨᠤᠲᠠᠯᠠᠵᠤ᠂ ᠱᠠᠨᠳᠦ᠋ᠩ ᠮᠤᠵᠢ᠎ᠶ᠋ᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠱᠠᠨᠳᠦ᠋ᠩ᠎ᠳᠦ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ 《ᠡᠮᠦᠨ᠎ᠡ᠎ᠨᠢ ᠬᠣᠱᠢᠭᠤᠷᠠᠵᠤ᠂ ᠭᠤᠤᠯ ᠡᠬᠦᠷᠬᠡ ᠵᠢ ᠡᠬᠦᠷᠬᠡᠯᠡᠬᠦ》 ᠳ᠋ᠤ᠌ ᠠᠩᠬᠠᠷᠤᠯ᠎ᠢᠶᠡᠨ ᠲᠦᠪᠯᠡᠷᠡᠬᠦᠯᠦᠨ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠴᠢᠨᠠᠷ ᠰᠠᠢᠲᠠᠶ ᠬᠥᠭ᠌ᠵᠢᠯᠲᠡ᠎ᠶ᠋ᠢᠨ ᠬᠣᠱᠢᠭᠤᠴᠢ ᠣᠷᠣᠨ᠎ᠢ ᠲᠦᠷᠭᠡᠳᠭᠡᠨ ᠪᠠᠢᠭᠤᠯᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠥᠨᠳᠥᠷᠯᠢᠭ᠎ᠢ ᠴᠣᠭ᠍ᠴᠠᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠱᠠᠨᠳᠦ᠋ᠩ᠎ᠦᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠵᠢ ᠬᠦᠰᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号