ᠰᠢ ᠵᠢᠨ ᠫᠢᠩ ᠸᠠᠩ ᠬᠣ᠌ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ᠎ᠨᠡᠷ ᠲᠡᠷᠢᠭᠦᠯᠡᠭ᠌ᠴᠢᠳ᠎ᠤᠨ ᠲᠠᠢᠰᠠᠨ᠎ᠳᠤ ᠰᠠᠭᠠᠲᠠᠵᠠᠢ
ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠡ ᠵᠣᠣ ᠯᠸ ᠵᠢᠶ ᠶᠡᠬᠡ ᠬᠤᠷᠠᠯ᠎ᠢ ᠡᠷᠭᠢᠯᠡᠪᠡ
《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢᠨ ᠲᠥᠰᠦᠯ ᠢ᠋ ᠬᠢᠨᠠᠨ ᠪᠠᠢᠴᠠᠭᠠᠪᠠ
ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠤᠨ ᠲᠤᠬᠠᠢ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠤᠨ ᠲᠤᠬᠠᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ ᠵᠡᠷᠭᠡ᠎ᠶ᠋ᠢ ᠰᠣᠨᠣᠰᠪᠠ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ 5 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠨ ᠶᠡᠬᠡ ᠬᠤᠷᠠᠯ᠎ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠳᠠᠷᠬᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠎ᠡ᠃

3 ᠰᠠᠷ᠎ᠠ ᠵᠢᠨ 5 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ ᠤᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠳᠥᠷᠪᠡᠳᠦᠭᠡᠷ ᠬᠤᠷᠠᠯ ᠪᠡᠭᠡᠵᠢᠩ ᠦᠨ ᠠᠷᠠᠳ ᠤᠨ ᠶᠡᠬᠡ ᠬᠤᠷᠠᠯ ᠤᠨ ᠲᠠᠩᠬᠢᠮ ᠳᠤ ᠡᠬᠢᠯᠡᠪᠡ ᠃ ᠨᠠᠮ ᠪᠠ ᠲᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠸᠠᠩ ᠬᠣ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠶᠡᠭᠡ ᠬᠤᠷᠠᠯ᠎ᠳᠤ ᠰᠠᠭᠠᠲᠠᠵᠠᠢ᠃
ᠰᠢᠨᠬᠤᠸᠨ ᠬᠤᠷᠢᠶ᠎ᠠ ᠵᠢᠨ ᠰᠤᠷᠪᠤᠯᠵᠢᠯᠠᠭᠴᠢ ᠰᠢᠶᠸ ᠬᠤᠸᠠᠨᠤ᠋ᠤᠢ ᠰᠡᠬᠦᠳᠡᠷᠯᠡᠪᠡ
ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠲᠦᠮᠡᠨ ᠬᠥᠮᠦᠨ᠎ᠦ ᠶᠣᠰᠣᠯᠠᠯ᠎ᠤᠨ ᠲᠠᠩᠬᠢᠮ ᠲᠥᠪ ᠬᠢᠴᠢᠶᠡᠩᠭᠦᠢ ᠪᠥᠭᠡᠳ ᠬᠦᠷ ᠬᠥᠭ᠌ᠵᠢᠶᠡᠨ ᠲᠠᠢ ᠠᠭᠤᠷ ᠠᠮᠢᠰᠬᠤᠯ᠎ᠢᠶᠡᠷ ᠪᠢᠯᠬᠠᠵᠤ᠂ ᠲᠡᠷᠢᠭᠦᠯᠡᠭ᠌ᠴᠢᠳ᠎ᠦᠨ ᠲᠠᠢᠰᠠᠨ᠎ᠤ ᠬᠦᠰᠢᠭᠡ ᠵᠢᠨ ᠭᠣᠣᠯ ᠳᠤᠮᠳᠠ ᠡᠯᠭᠦᠭ᠌ᠰᠡᠨ ᠤᠯᠤᠰ᠎ᠤᠨ ᠰᠦᠯᠳᠡ ᠬᠤᠷᠴᠠ ᠤᠯᠠᠭᠠᠨ ᠲᠤᠭ᠎ᠤᠨ ᠳᠤᠮᠳᠠ ᠬᠡᠷᠡᠯ ᠰᠠᠴᠤᠷᠠᠨ ᠬᠠᠷᠠᠬᠳᠠᠨ᠎ᠠ᠃
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠤᠤ ᠯᠸ ᠵᠶ᠋ᠢ ᠶᠡᠬᠡ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠧᠯᠠᠢ᠌ᠲ᠋ᠢ·ᠵᠠᠺᠸᠯ᠂ ᠯᠢᠦ ᠴᠢ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃
ᠰᠢ ᠵᠢᠨ ᠫᠢᠩ᠂ ᠯᠢ ᠴᠢᠶᠠᠩ᠂ ᠸᠠᠩ ᠬᠣ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ 2878 ᠲᠥᠯᠥᠭᠡᠯᠡᠭ᠌ᠴᠢ ᠣᠷᠣᠯᠴᠠᠬᠤ ᠶᠣᠰᠣᠲᠠᠢ᠃ 5 ᠤ᠋ ᠦᠳᠡ᠎ᠶ᠋ᠢᠨ ᠡᠮᠦᠨᠡᠬᠢ ᠬᠤᠷᠠᠯ᠎ᠳᠤ 2765 ᠬᠥᠮᠦᠨ ᠣᠷᠣᠯᠴᠠᠵᠤ᠂ 113 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃
ᠦᠳᠡ᠎ᠶ᠋ᠢᠨ ᠡᠮᠦᠨᠡᠬᠢ 9 ᠴᠠᠭ᠎ᠲᠤ᠂ ᠵᠣᠣ ᠯᠸ ᠵᠢᠶ᠄ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠬᠢᠯᠡᠯ᠎ᠠ ᠭᠡᠵᠦ ᠵᠠᠷᠯᠠᠪᠠ᠃ ᠪᠦᠭᠦᠳᠡᠭᠡᠷ᠎ᠢᠶᠡᠨ ᠪᠣᠰᠴᠤ᠌ ᠵᠣᠭ᠍ᠰᠣᠨ ᠤᠯᠤᠰ᠎ᠤᠨ ᠰᠦᠯᠳᠡ ᠳᠠᠭᠤᠤ᠎ᠶ᠋ᠢ ᠬᠠᠩᠭᠢᠨᠠᠲᠠᠯ᠎ᠠ ᠳᠠᠭᠤᠯᠠᠪᠠ᠃
ᠬᠤᠷᠠᠯ᠎ᠤᠨ ᠵᠥᠪᠯᠡᠬᠦ᠌ ᠵᠦᠶ᠋ᠯ᠎ᠢ ᠦᠨᠳᠦᠰᠦᠯᠡᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠶ ᠰᠠᠢᠳ ᠯᠢ ᠴᠢᠶᠠᠩ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠡᠮᠦᠨ᠎ᠡ᠎ᠡᠴᠡ ᠶᠡᠬᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃ ᠢᠯᠡᠳᠭᠡᠯ ᠨᠢ ᠳᠥᠷᠪᠡᠨ ᠬᠡᠰᠡᠭ᠎ᠢᠶᠡᠷ ᠪᠦᠷᠢᠯᠳᠦᠪᠡ᠄ ᠨᠢᠭᠡ᠂ 2025 ᠣᠨ᠎ᠤ ᠠᠵᠢᠯ᠎ᠤᠨ ᠡᠷᠭᠢᠴᠡᠭᠦᠯᠦᠯ; ᠬᠣᠶᠠᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠭᠣᠣᠯ ᠬᠠᠷᠠᠯᠲᠠ ᠪᠣᠯᠤᠨ ᠴᠢᠬᠤᠯᠠ ᠶᠡᠬᠡ ᠡᠭᠦᠷᠭᠡ; ᠭᠤᠷᠪᠠ᠂ 2026 ᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ; ᠳᠥᠷᠪᠡ᠂ 2026 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ᠃

3 ᠰᠠᠷ᠎ᠠ ᠵᠢᠨ 5 ᠤ᠋ ᠦᠳᠡ ᠵᠢᠨ ᠡᠮᠦᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠶ ᠰᠠᠢᠳ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃
ᠰᠢᠨᠬᠤᠸᠨ ᠬᠤᠷᠢᠶ᠎ᠠ ᠵᠢᠨ ᠰᠤᠷᠪᠤᠯᠵᠢᠯᠠᠭᠴᠢ ᠬᠤᠸᠠᠩ ᠵᠢᠩ ᠸᠸᠨ ᠰᠡᠬᠦᠳᠡᠷᠯᠡᠪᠡ
ᠯᠢ ᠴᠢᠶᠠᠩ ᠢᠯᠡᠳᠭᠡᠯ᠎ᠳᠡᠭᠡᠨ᠂ 2025 ᠣᠨ ᠪᠣᠯ ᠲᠤᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠣᠯᠤᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠭᠦᠨᠵᠡᠭᠡᠢ ᠨᠠᠷᠢᠨ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠮᠡᠬᠡᠢᠯᠡᠨ ᠲᠡᠮᠡᠴᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠤᠢᠪᠢᠰᠢ ᠦᠭᠡᠢ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠯᠠᠪᠳᠠᠭᠤᠨ ᠪᠠᠲᠤᠲᠠᠢ ᠠᠯᠬᠤᠮ᠎ᠢ ᠠᠯᠬᠤᠪᠠ ᠭᠡᠵᠦ ᠵᠢᠭᠠᠵᠤ ᠭᠠᠷᠭᠠᠪᠠ᠃
ᠯᠢ ᠴᠢᠶᠠᠩ ᠢᠯᠡᠳᠭᠡᠯ᠎ᠳᠡᠭᠡᠨ᠂ ᠨᠢᠭᠡ ᠵᠢᠯ᠎ᠦᠨ ᠲᠤᠷᠰᠢ᠂ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠭᠤᠤᠯᠳᠠᠭᠤ ᠳᠤᠤᠷᠠᠬᠢ ᠠᠵᠢᠯ᠎ᠤᠳ᠎ᠢ ᠬᠢᠵᠡᠢ᠄ ᠨᠢᠭᠡ᠎ᠳᠦ᠂ ᠨᠠᠩ ᠢᠳᠡᠪᠬᠢᠲᠡᠶ ᠪᠦᠬᠡᠳ ᠪᠦᠳᠦᠮᠵᠢᠳᠠᠢ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠠᠵᠤ ᠠᠬᠤᠶ᠎ᠶ᠋ᠢᠨ ᠡᠷᠬᠢᠯᠳᠡ᠎ᠵᠢ ᠬᠦᠴᠦᠯᠡᠨ ᠲᠣᠭ᠍ᠲᠠᠪᠤᠷᠢᠵᠢᠭᠤᠯᠪᠠ; ᠬᠣᠶᠠᠷ᠎ᠲᠤ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠪᠠ; ᠭᠤᠷᠪᠠ᠎ᠳᠤ᠂ ᠥᠭᠡᠷᠡᠴᠢᠯᠡᠯᠲᠡ ᠨᠡᠭᠡᠭᠡᠯᠲᠡ᠎ᠶ᠋ᠢ ᠤᠯᠠᠮ ᠭᠦᠨᠵᠡᠭᠡᠢᠷᠡᠭᠦᠯᠵᠦ᠍᠂ ᠤᠯᠤᠰ ᠠᠷᠠᠳ᠎ᠤᠨ ᠠᠵᠤ ᠠᠬᠤᠢ᠎ᠶ᠋ᠢᠨ ᠡᠷᠬᠢᠯᠳᠠ ᠵᠢ ᠱᠢᠯᠤᠭᠤᠳᠭᠠᠪᠠ; ᠳᠥᠷᠪᠡ᠎ᠳᠦ᠂ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠣᠲᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠪᠠ; ᠲᠠᠪᠤ᠎ᠳᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠦᠨᠡᠨ ᠬᠦ᠌ ᠰᠠᠢᠲᠤᠷ ᠠᠳᠭᠤᠵᠤ᠂ ᠨᠡᠢᠭᠡᠮ᠎ᠦᠨ ᠦᠢᠯᠡᠰ᠎ᠢ ᠢᠳᠡᠪᠬᠢᠲᠡᠢ ᠬᠥᠭ᠌ᠵᠢᠭᠦᠯᠪᠡ; ᠵᠢᠷᠭᠤᠭ᠎ᠠ᠎ᠳᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠬᠡᠨ ᠪᠠᠢᠭᠤᠯᠤᠯᠲᠠ᠎ᠶ᠋ᠢ ᠲᠦᠷᠭᠡᠳᠭᠡᠵᠦ᠍ ᠂ ᠪᠣᠬᠢᠷᠲᠤᠯ ᠦᠬᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠪᠠ; ᠲᠤᠯᠤᠭ᠎ᠠ᠎ᠳᠤ᠂ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠢᠭᠡᠮ᠎ᠦᠨ ᠵᠠᠰᠠᠯᠲᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠦᠨ ᠲᠡᠭᠦᠯᠳᠡᠷᠵᠢᠭᠦᠯᠪᠡ ᠭᠡᠵᠦ ᠵᠢᠭᠠᠵᠤ ᠭᠠᠷᠭᠠᠪᠠ᠃

3 ᠰᠠᠷ᠎ᠠ ᠵᠢᠨ 5 ᠤ᠋ ᠦᠳᠡ ᠵᠢᠨ ᠡᠮᠦᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠤᠤ ᠯᠸ ᠵᠢᠢ ᠡᠬᠢᠯᠡᠯᠳᠡ ᠵᠢᠨ ᠬᠤᠷᠠᠯ᠎ᠢ ᠡᠷᠬᠢᠯᠡᠪᠡ᠃
ᠰᠢᠨᠬᠤᠸᠨ ᠬᠤᠷᠢᠶ᠎ᠠ ᠵᠢᠨ ᠰᠤᠷᠪᠤᠯᠵᠢᠯᠠᠭᠴᠢ ᠱᠸᠨ ᠬᠤᠩ ᠰᠡᠬᠦᠳᠡᠷᠯᠡᠪᠡ
ᠯᠢ ᠴᠢᠶᠠᠩ ᠢᠯᠡᠳᠭᠡᠯ᠎ᠳᠡᠭᠡᠨ᠂ ᠥᠩᠭᠡᠷᠡᠭ᠌ᠰᠡᠨ 5 ᠵᠢᠯ᠎ᠳᠦ ᠨᠠᠮ ᠪᠣᠯᠤᠨ ᠤᠯᠤᠰ᠎ᠤᠨ ᠠᠵᠢᠯ ᠦᠢᠯᠡᠰ ᠴᠢᠬᠤᠯᠠ ᠶᠡᠬᠡ ᠱᠢᠨ᠎ᠡ ᠠᠮᠵᠢᠯᠲᠠ ᠣᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨᠦ ᠰᠠᠢ᠌ᠨ ᠰᠠᠢᠬᠠᠨ ᠡᠬᠢᠯᠡᠯᠲᠡ᠎ᠵᠢ ᠪᠡᠶᠡᠯᠡᠬᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ 《ᠬᠥᠲᠥᠯᠪᠦᠷᠢ》᠎ᠳ᠋ᠤ ᠲᠣᠭ᠍ᠲᠠᠭᠠᠭ᠍ᠰᠠᠨ 20 ᠵᠦᠶ᠋ᠯ᠎ᠦᠨ ᠭᠤᠤᠯ ᠭᠦᠶ᠋ᠴᠡᠳᠭᠡᠯ ᠲᠣᠭ᠎ᠠ᠂ 17 ᠲᠠᠯ᠎ᠠ᠎ᠶ᠋ᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ 102 ᠵᠦᠶ᠋ᠯ᠎ᠦᠨ ᠴᠢᠬᠤᠯᠠ ᠶᠡᠬᠡ ᠢᠨᠵᠧᠨᠧᠷᠢᠩ᠎ᠦᠨ ᠲᠥᠷᠥᠯ ᠵᠦᠶ᠋ᠯ᠎ᠢ ᠠᠮᠵᠢᠯᠲᠠ᠎ᠲᠠᠶ ᠪᠡᠶᠡᠯᠡᠭᠦᠯᠪᠡ ᠭᠡᠵᠦ ᠵᠢᠭᠠᠵᠤ ᠭᠠᠷᠭᠠᠪᠠ᠃
ᠯᠢ ᠴᠢᠶᠠᠩ ᠢᠯᠡᠳᠭᠡᠯ᠎ᠳᠡᠭᠡᠨ᠂《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠨᠠᠭᠤᠯᠭ᠎ᠠ》 ᠵᠢ ᠦᠨᠳᠦᠰᠦᠯᠡᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ (ᠲᠥᠰᠦᠯ)》 ᠵᠢ ᠨᠠᠢᠷᠠᠭᠤᠯᠤᠨ ᠵᠣᠬᠢᠶᠠᠵᠤ᠂ ᠶᠡᠬᠡ ᠬᠤᠷᠠᠯ᠎ᠳᠤ ᠬᠢᠨᠠᠨ ᠪᠠᠢᠴᠠᠭᠠᠯᠭᠠᠬᠤ᠎ᠪᠠᠷ ᠳᠡᠪᠱᠢᠭᠦᠯᠪᠡ᠃ ᠨᠠᠮ᠎ᠤᠨ ᠲᠥᠪ ᠬᠣᠷᠢᠶ᠎ᠠ᠎ᠶᠢᠨ《ᠰᠠᠨᠠᠭᠤᠯᠭ᠎ᠠ》᠎ᠳ᠋ᠤ ᠲᠣᠳᠣᠷᠬᠠᠢᠯᠠᠭ᠍ᠰᠠᠨ ᠭᠤᠤᠯ ᠬᠠᠷᠠᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂《ᠬᠥᠲᠥᠯᠪᠦᠷᠢ (ᠲᠥᠰᠦᠯ)》 ᠳ᠋ᠤ 20 ᠵᠦᠶ᠋ᠯ᠎ᠦᠨ ᠭᠤᠤᠯ ᠭᠦᠶ᠋ᠴᠡᠳᠭᠡᠯ ᠲᠣᠭ᠎ᠠ᠎ᠶ᠋ᠢ ᠨᠠᠷᠢᠯᠢᠬ᠍ᠵᠢᠭᠤᠯᠤᠨ ᠳᠤᠷᠠᠳᠪᠠ; ᠬᠦᠷᠢᠶ᠎ᠡ ᠴᠠᠷᠠᠭ᠎ᠠ ᠬᠤᠪᠢᠶᠠᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭ᠌ᠵᠢᠯᠲᠡ᠎ᠶ᠋ᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠲᠣᠳᠣᠷᠬᠠᠢᠯᠠᠨ ᠥᠭᠦᠯᠡᠵᠦ᠍᠂ ᠳᠥᠷᠪᠡᠨ ᠲᠠᠯ᠎ᠠ᠎ᠶ᠋ᠢ ᠳᠣᠪᠣᠢᠯᠭᠠᠨ ᠢᠯᠡᠷᠡᠭᠦᠯᠪᠡ᠄ ᠨᠢᠭᠡ᠎ᠳᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠵᠢ ᠲᠤᠪᠤᠢᠯᠭᠠᠪᠠ᠂ ᠬᠣᠶᠠᠷ᠎ᠲᠤ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠬᠦᠴᠦᠷᠬᠡᠭ᠌ᠵᠢᠭᠦᠯᠬᠦ᠎ᠵᠢ ᠳᠤᠪᠤᠢᠯᠭᠠᠪᠠ᠂ ᠭᠤᠷᠪᠠ᠎ᠳᠤ ᠪᠥᠬᠥ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠵᠢ ᠳᠣᠪᠣᠢᠯᠭᠠᠪᠠ᠂ ᠳᠥᠷᠪᠡ᠎ᠳᠦ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠳᠣᠪᠣᠢᠯᠭᠠᠪᠠ; 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠣᠳᠠᠲᠠᠢ ᠳ᠋ᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠶᠢᠨ ᠲᠤᠭᠤᠷᠢᠨ᠎ᠳᠤ᠂ ᠪᠠᠢᠯᠳᠤᠬᠤ ᠪᠤᠳᠤᠯᠭ᠎ᠠ᠎ᠶ᠋ᠢᠨ ᠴᠢᠨᠠᠷ᠂ ᠬᠦᠳᠦᠯᠦᠨ ᠳᠠᠭᠠᠭᠤᠯᠬᠤ ᠴᠢᠨᠠᠷ ᠪᠠ ᠦᠷᠭᠦᠯᠵᠢᠯᠡᠬᠦ᠌ ᠴᠢᠨᠠᠷ᠎ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ 《ᠬᠥᠲᠥᠯᠪᠦᠷᠢ (ᠲᠥᠰᠦᠯ)》᠎ᠳ᠋ᠤ 6 ᠲᠠᠯ᠎ᠠ᠎ᠶ᠋ᠢᠨ 109 ᠵᠦᠢᠯ᠎ᠦᠨ ᠴᠢᠬᠤᠯᠠ ᠶᠡᠬᠡ ᠢᠨᠵᠧᠨᠧᠷᠢᠩ᠎ᠢ ᠳᠤᠷᠠᠳᠤᠨ ᠭᠠᠷᠭᠠᠪᠠ ᠭᠡᠵᠦ ᠵᠢᠭᠠᠵᠤ ᠭᠠᠷᠭᠠᠪᠠ᠃
ᠯᠢ ᠴᠢᠶᠠᠩ ᠢᠯᠡᠳᠭᠡᠯ᠎ᠳᠡᠭᠡᠨ᠂ ᠡᠨᠡ ᠵᠢᠯ᠎ᠦᠨ ᠬᠥᠭ᠌ᠵᠢᠯᠲᠡ᠎ᠶ᠋ᠢᠨ ᠭᠤᠤᠯ ᠵᠢᠱ᠌ᠢᠭ᠌ᠰᠡᠨ ᠬᠠᠷᠠᠯᠲᠠ ᠪᠣᠯ᠄ ᠠᠵᠤ ᠠᠬᠤᠶ᠎ᠵᠢ 4.5% — 5% ᠪᠡᠷ ᠨᠡᠮᠡᠭ᠌ᠳᠡᠭᠦᠯᠵᠦ᠍᠂ ᠪᠣᠳᠠᠲᠠᠶ ᠠᠵᠢᠯ᠎ᠤᠨ ᠳᠤᠮᠳᠠ ᠨᠠᠩ ᠰᠠᠢᠨ ᠦᠷ᠎ᠡ ᠳ᠋ᠦᠩ ᠤᠯᠬᠤ᠎ᠪᠠᠷ ᠴᠢᠷᠮᠠᠢᠨ᠎ᠠ; ᠬᠣᠲᠠ ᠪᠠᠯᠭᠠᠰᠤ᠎ᠶ᠋ᠢᠨ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 5.5% ᠣᠷᠴᠢᠮ᠎ᠳᠤ ᠪᠠᠢᠯᠭᠠᠵᠤ᠂ ᠬᠣᠲᠠ ᠪᠠᠯᠭᠠᠰᠤ᠎ᠶ᠋ᠢᠨ 1200 ᠲᠦᠮᠡ᠎ᠡᠴᠡ ᠳᠡᠭᠡᠭ᠌ᠰᠢ ᠬᠦᠮᠦᠨ᠎ᠳᠤ ᠱᠢᠨ᠎ᠡ᠎ᠪᠡᠷ ᠠᠵᠢᠯ ᠣᠯᠭᠣᠨ᠎ᠡ; ᠰᠠᠭᠤᠭᠠᠯᠢ ᠠᠷᠠᠳ᠎ᠤᠨ ᠬᠡᠷᠡᠭ᠌ᠯᠡᠭᠡ᠎ᠵᠢᠨ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ᠎ᠶ᠋ᠢ 2% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠠ ᠠᠵᠤ ᠠᠬᠤᠢ᠎ᠶ᠋ᠢᠨ ᠨᠡᠮᠡᠭ᠌ᠳᠡᠯ᠎ᠢ ᠠᠳᠠᠯᠢ ᠠᠯᠬᠤᠮ᠎ᠳᠤ ᠪᠠᠢᠯᠭᠠᠨ᠎ᠠ; ᠤᠯᠤᠰ᠎ᠤᠨ ᠬᠣᠭᠣᠷᠣᠨᠳᠣᠬᠢ ᠣᠷᠣᠯᠭ᠎ᠠ ᠵᠠᠷᠤᠯᠭ᠎ᠠ᠎ᠵᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ᠎ᠤ ᠤᠨᠠᠯᠲᠠ᠎ᠵᠢ 1.4 ᠲᠦᠮᠡᠨ ᠳ᠋ᠦᠩᠱᠢᠭᠤᠷ ᠵᠢᠩ ᠣᠷᠴᠢᠮ᠎ᠳᠤ ᠬᠦᠷᠭᠡᠨ᠎ᠡ; ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠨᠭᠬᠡᠢ ᠦᠷᠲᠡᠭ᠎ᠦᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 3.8% ᠣᠷᠴᠢᠮ ᠪᠠᠭᠤᠷᠠᠭᠤᠯᠤᠨ᠎ᠠ ᠭᠡᠵᠦ ᠳᠤᠷᠠᠳᠤᠨ ᠭᠠᠷᠭᠠᠪᠠ᠃
ᠯᠢ ᠴᠢᠶᠠᠩ ᠢᠯᠡᠳᠭᠡᠯ᠎ᠳᠡᠭᠡᠨ᠂ ᠨᠠᠮ᠎ᠤᠨ ᠲᠥᠪ ᠬᠣᠷᠢᠢ᠎ᠠ ᠡᠨᠡ ᠵᠢᠯ᠎ᠦᠨ ᠠᠵᠢᠯ᠎ᠤᠨ ᠲᠤᠬᠠᠢ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠬᠦ ᠬᠡᠷᠡᠭᠲᠡᠢ᠄ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠪᠠᠢᠭᠤᠯᠤᠨ᠎ᠠ; ᠱᠢᠨ᠎ᠡ ᠬᠥᠳᠡᠯᠭᠡᠬᠦ ᠡᠨᠧᠷᠭᠢ᠎ᠶ᠋ᠢ ᠱᠠᠯᠠᠪᠳᠠᠨ ᠪᠣᠢᠵᠢᠭᠤᠯᠤᠨ ᠪᠤᠵᠠᠭᠠᠢᠷᠠᠭᠤᠯᠤᠨ᠎ᠠ; ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ᠎ᠡ; ᠭᠣᠣᠯᠳᠠᠯᠭ᠎ᠠ᠎ᠲᠠᠶ ᠬᠦᠷᠢᠶ᠎ᠠ ᠴᠠᠷᠠᠭ᠎ᠠ ᠵᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ; ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠤᠯᠠᠮ ᠥᠷᠭᠡᠳᠭᠡᠨ᠎ᠡ; ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ; ᠱᠢᠨ᠎ᠡ ᠬᠡᠯᠪᠡᠷᠢ᠎ᠵᠢᠨ ᠬᠤᠲᠠ ᠪᠠᠯᠭᠠᠰᠤᠵᠢᠯᠲᠠ ᠪᠠ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠤᠨ᠎ᠠ; ᠨᠡᠩ ᠶᠡᠬᠡ ᠡᠷᠴᠢᠮ᠎ᠢᠶᠡᠷ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠤᠨ᠎ᠠ; ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠤᠨ᠎ᠠ; ᠭᠣᠣᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠠ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ ᠭᠡᠵᠦ ᠳᠤᠷᠠᠳᠤᠨ ᠭᠠᠷᠭᠠᠪᠠ᠃
ᠢᠯᠡᠳᠭᠡᠯ᠎ᠳᠦ᠂ ᠯᠢ ᠴᠢᠶᠠᠩ ᠪᠠᠰᠠ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠂ ᠦᠨᠳᠦᠰᠦᠲᠡᠨ᠂ ᠱᠠᠱᠢᠨ ᠰᠤᠷᠲᠠᠬᠤᠨ ᠪᠠ ᠬᠠᠷᠢᠶᠠᠲᠤ᠎ᠨᠠᠷ᠎ᠤᠨ ᠠᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠂ ᠱᠢᠶᠠᠩᠭᠠᠩ᠂ ᠣᠣᠮᠧᠨ᠎ᠦ ᠬᠥᠭ᠌ᠵᠢᠯᠲᠡ ᠪᠠ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠬᠠᠷᠢᠴᠠᠭ᠎ᠠ ᠵᠢᠴᠢ ᠮᠠᠨ᠎ᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠦᠷᠦ᠍᠎ᠶ᠋ᠢᠨ ᠪᠤᠳᠤᠯᠭ᠎ᠠ ᠵᠡᠷᠭᠡ᠎ᠶ᠋ᠢᠨ ᠲᠤᠬᠠᠢ ᠲᠣᠳᠣᠷᠬᠠᠢᠯᠠᠨ ᠥᠭᠦᠯᠡᠵᠡᠢ᠃
ᠬᠤᠷᠠᠯ᠎ᠤᠨ ᠵᠥᠪᠯᠡᠬᠦ᠌ ᠵᠦᠢᠯᠡᠰ᠎ᠢ ᠦᠨᠳᠦᠰᠦᠯᠡᠨ᠂ ᠶᠡᠬᠡ ᠬᠤᠷᠠᠯ᠎ᠡᠴᠡ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠤᠨ ᠮᠡᠳᠡᠭᠦᠯᠦᠯᠲᠡ ᠵᠢᠴᠢ 2026 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠮᠡᠳᠡᠭᠦᠯᠦᠯᠲᠡ ᠵᠢᠴᠢ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠬᠤ ᠪᠤᠯᠤᠨ᠎ᠠ᠃
ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠨᠠᠢᠳᠠᠯᠭ᠎ᠠ᠎ᠪᠠᠷ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠳᠡᠳ᠋ ᠬᠣᠷᠢᠶᠠᠨ ᠳᠠᠷᠤᠭ᠎ᠠ ᠯᠢ ᠬᠣᠩ ᠵᠥᠩ ᠲᠣᠰ ᠲᠣᠰ ᠠᠮᠢ ᠠᠬᠤᠶ᠎ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠦᠨ ᠲᠤᠬᠠᠶ ᠲᠣᠳᠣᠷᠬᠠᠢᠯᠠᠯᠲᠠ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠦᠨ ᠲᠤᠬᠠᠶ ᠲᠣᠳᠣᠷᠬᠠᠢᠯᠠᠯᠲᠠ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠦᠨ ᠲᠤᠬᠠᠶ ᠲᠣᠳᠣᠷᠬᠠᠢᠯᠠᠯᠲᠠ ᠬᠢᠪᠠ᠃
ᠠᠮᠢ ᠠᠬᠤᠢᠤᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠦᠨ ᠲᠤᠬᠠᠢ ᠲᠣᠳᠣᠷᠬᠠᠢᠯᠠᠯᠲᠠ᠎ᠳᠤ᠂ ᠠᠮᠢ ᠠᠬᠤᠢᠤᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠲᠤᠭᠤᠷᠪᠢᠬᠤ᠎ᠳᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠤᠨᠤᠯ᠂ ᠲᠦᠷᠢᠮ᠂ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠬᠠᠤᠯᠢ᠎ᠵᠢᠨ ᠪᠢᠴᠢᠭ ᠪᠤᠯᠭᠠᠬᠤ ᠬᠡᠯᠪᠡᠷᠢ ᠪᠡᠷ ᠲᠤᠳᠤᠷᠬᠠᠢᠯᠠᠨ ᠲᠣᠭ᠍ᠲᠠᠭᠠᠵᠤ᠂ ᠠᠮᠢ ᠠᠬᠤᠢᠤᠷᠴᠢᠨ ᠲᠤᠭᠤᠷᠢᠨ᠎ᠤ ᠬᠠᠤᠯᠢ ᠴᠠᠭᠠᠵᠠ᠎ᠶ᠋ᠢᠨ ᠲᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠬᠦ᠌ ᠨᠢ ᠴᠢᠬᠤᠯᠠ ᠶᠡᠬᠡ ᠪᠥᠭᠡᠳ ᠠᠯᠤᠰ ᠭᠡᠳᠤ᠎ᠶ᠋ᠢᠨ ᠠᠴᠢ ᠬᠣᠯᠪᠣᠭ᠍ᠳᠠᠯ᠎ᠲᠠᠶ ᠶᠤᠮ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠲᠤᠭᠤᠷᠪᠢᠬᠤ ᠵᠢᠯᠣᠭᠣᠳᠭᠤ ᠦᠵᠡᠯ ᠰᠠᠨᠠᠭ᠎ᠠ ᠪᠣᠯ᠄ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠢ᠋ᠢᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠦ᠂ 《ᠲᠠᠪᠤ᠎ᠶ᠋ᠢ ᠨᠢᠭᠡ ᠴᠤᠭ᠍ᠴᠠᠵᠢᠭᠤᠯᠤᠬᠰᠠᠨ》 ᠶᠡᠷᠦᠩᠬᠡᠶ ᠪᠠᠢᠷᠢᠰᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠠ 《ᠳᠥᠷᠪᠡᠨ ᠪᠥᠬᠥ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠲᠠ᠎ᠶ᠋ᠢ ᠵᠣᠬᠢᠴᠠᠩᠭᠤᠶ ᠠᠬᠢᠭᠤᠯᠬᠤ᠎ᠲᠠᠶ ᠨᠢᠭ᠍ᠲᠠ ᠤᠶᠠᠯᠳᠤᠭᠤᠯᠵᠤ᠂ ᠨᠡᠩ ᠪᠦᠷᠢᠨ ᠲᠡᠭᠦᠯᠳᠡᠷ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠬᠤ᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠤᠯᠤᠰ᠎ᠢ ᠪᠦᠲᠦᠭᠡᠨ ᠪᠠᠢᠭᠤᠯᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠳᠦᠯᠭᠡ᠎ᠶ᠋ᠢᠨ ᠲᠤᠷᠱᠢᠯᠭ᠎ᠠ᠎ᠪᠠᠨ ᠳ᠋ᠦᠩᠨᠡᠵᠦ᠂ ᠴᠠᠭ ᠦᠶ᠎ᠡ᠎ᠶ᠋ᠢᠨ ᠱᠠᠭᠠᠷᠳᠠᠯᠭ᠎ᠠ᠎ᠳᠤ ᠵᠣᠬᠢᠴᠠᠵᠤ᠂ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠲᠦᠪᠱᠢᠨ᠎ᠪᠦᠬᠦᠢ ᠬᠠᠮᠠᠭᠠᠯᠠᠯᠲᠠ᠎ᠶ᠋ᠢ ᠵᠡᠷᠭᠡ᠎ᠪᠡᠷ ᠠᠬᠢᠭᠤᠯᠵᠤ᠂ ᠮᠠᠨ᠎ᠤ ᠤᠯᠤᠰ᠎ᠤᠨ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠪᠣᠬᠢᠷᠲᠤᠯ᠎ᠢ ᠰᠡᠷᠭᠡᠢᠯᠡᠨ ᠵᠠᠰᠠᠬᠤ᠂ ᠠᠮᠢ ᠠᠬᠤᠶ᠎ᠶ᠋ᠢᠨ ᠬᠠᠮᠠᠭᠠᠯᠠᠯᠲᠠ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠵᠡᠷᠭᠡ ᠲᠠᠯ᠎ᠠ᠎ᠶ᠋ᠢᠨ ᠠᠮᠢ ᠠᠬᠤᠶ ᠣᠷᠴᠢᠨ ᠲᠣᠭᠣᠷᠢᠨ᠎ᠤ ᠬᠠᠤᠯᠢ ᠴᠠᠭᠠᠵᠠ ᠪᠠᠢᠭᠤᠯᠤᠯ ᠲᠤᠭᠲᠠᠴᠠ ᠪᠠ ᠵᠢᠷᠤᠮ ᠲᠦᠷᠢᠮ᠎ᠢ ᠪᠥᠬᠥ᠌ ᠲᠠᠯ᠎ᠠ᠎ᠪᠠᠷ ᠱᠢᠰᠲ᠋ᠧᠮ᠎ᠲᠡᠶ ᠨᠠᠢᠷᠠᠭᠤᠯᠤᠨ ᠲᠤᠭᠤᠷᠪᠢᠵᠤ ᠵᠠᠰᠠᠪᠤᠷᠢ ᠣᠷᠣᠭᠤᠯᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠭ᠍ᠰᠠᠨ᠂ ᠳᠤᠮᠳᠠᠳᠤ ᠤᠯᠤᠰ᠎ᠤᠨ ᠣᠨᠴᠠᠯᠢᠭ᠎ᠲᠠᠶ᠂ ᠴᠠᠭ ᠦᠶ᠎ᠡ᠎ᠶ᠋ᠢᠨ ᠣᠨᠴᠠᠯᠢᠭ᠎ᠢ ᠢᠯᠡᠷᠡᠭᠦᠯᠦᠭᠰᠡᠨ᠂ ᠠᠷᠠᠳ ᠲᠦᠮᠡᠨ᠎ᠦ ᠬᠦᠰᠡᠯ ᠰᠠᠨᠠᠭ᠎ᠠ᠎ᠶ᠋ᠢ ᠲᠤᠰᠭᠠᠭᠰᠠᠨ᠂ ᠱᠢᠰᠲ᠋ᠧᠮ᠎ᠲᠡᠶ ᠵᠢᠷᠤᠮᠵᠢᠭᠤᠯᠤᠨ ᠵᠣᠬᠢᠴᠠᠭᠤᠯᠤᠭᠰᠠᠨ ᠠᠮᠢ ᠠᠬᠤᠶ ᠣᠷᠴᠢᠨ ᠲᠣᠭᠣᠷᠢᠨ᠎ᠤ ᠲᠤᠬᠠᠢ ᠨᠢᠬᠡᠨ ᠬᠤᠪᠢ ᠬᠠᠤᠯᠢ᠎ᠶ᠋ᠢᠨ ᠪᠢᠴᠢᠭ᠎ᠢ ᠪᠦᠷᠢᠯᠳᠦᠭᠦᠯᠵᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠎ᠵᠢᠨ ᠲᠦᠯᠦᠭᠡ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠦᠷᠢᠨ ᠲᠡᠭᠦᠯᠳᠡᠷ ᠠᠮᠢ ᠠᠬᠤᠢ ᠣᠷᠴᠢᠨ ᠲᠣᠭᠣᠷᠢᠨ᠎ᠤ ᠬᠠᠤᠯᠢ ᠪᠡᠷ ᠵᠠᠰᠠᠬᠤᠪᠠᠲᠤᠯᠠᠭᠠ ᠬᠠᠩᠭᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃ ᠲᠣᠳᠣᠷᠬᠠᠢᠯᠠᠯᠲᠠ᠎ᠶ᠋ᠢ ᠦᠨᠳᠦᠰᠦᠯᠡᠪᠡᠯ᠂ ᠲᠥᠰᠦᠯ᠎ᠨᠢ ᠨᠡᠢᠲᠡ 5 ᠠᠩᠬᠢ᠂ 1242 ᠵᠦᠶ᠋ᠯ ᠪᠠᠢᠵᠤ᠂ ᠡᠯ᠎ᠡ ᠠᠩᠬᠢ ᠵᠢ ᠶᠡᠷᠦᠩᠬᠡᠶ ᠲᠦᠷᠢᠮ᠂ ᠪᠣᠬᠢᠷᠲᠤᠯ᠎ᠢ ᠰᠡᠷᠭᠡᠢᠯᠡᠨ ᠵᠠᠰᠠᠬᠤ᠂ ᠠᠮᠢ ᠠᠬᠤᠶ᠎ᠶ᠋ᠢ ᠬᠠᠮᠠᠭᠠᠯᠠᠬᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠂ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ ᠪᠠ ᠳᠠᠭᠠᠯᠳᠤᠭᠤᠯᠤᠯ ᠲᠦᠷᠢᠮ ᠵᠡᠷᠭᠡ ᠲᠡᠰ ᠳᠠᠷᠠᠭᠠᠯᠠᠯᠵᠢᠡᠷ ᠵᠢᠭᠰᠠᠭᠠᠪᠠ ᠃
ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠦᠨ ᠲᠤᠬᠠᠶ ᠲᠣᠳᠣᠷᠬᠠᠢᠯᠠᠯᠲᠠ᠎ᠳᠤ᠂ ᠨᠠᠮ᠎ᠤᠨ ᠲᠥᠪ ᠬᠤᠷᠢᠶ᠎ᠠ᠎ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠎ᠳᠤ ᠰᠠᠭᠤᠷᠢᠯᠠᠵᠤ᠂ ᠦᠨᠳᠦᠰᠦᠨ ᠬᠠᠤᠯᠢ᠎ᠶ᠋ᠢᠨ ᠲᠣᠭ᠍ᠲᠠᠭᠠᠯ᠂ ᠵᠠᠷᠴᠢᠮ ᠪᠣᠯᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠬᠤ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠪᠤᠳᠠᠳᠠᠢ ᠵᠢ ᠡᠷᠬᠢᠮᠯᠡᠭᠰᠡᠨ ᠬᠠᠤᠯᠢ ᠪᠡᠷ ᠵᠠᠰᠠᠬᠤᠰᠠᠭᠤᠷᠢᠶ᠋ᠢ ᠪᠡᠬᠢᠵᠢᠭᠦᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠵᠤ᠂ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠦᠨ ᠲᠥᠯᠥᠭᠡ ᠪᠦᠯᠬᠦᠮᠳᠡᠨ ᠲᠡᠮᠡᠴᠡᠬᠦ᠌᠎ᠶ᠋ᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠬᠠᠤᠯᠢ ᠲᠣᠭ᠍ᠲᠠᠭᠠᠬᠤ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠦᠨᠳᠦᠰᠦᠲᠡᠨ᠎ᠦ ᠠᠵᠢᠯ᠎ᠤᠨ ᠣᠯᠤᠭ᠍ᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠤᠨ ᠠᠮᠵᠢᠯᠲᠠ᠎ᠲᠠᠶ ᠲᠤᠷᠱᠢᠯᠭ᠎ᠠ᠎ᠶ᠋ᠢ ᠨᠠᠷᠢᠨ ᠬᠢᠨᠠᠮᠠᠭᠠᠢ ᠳ᠋ᠦᠩᠨᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ᠍ ᠵᠢᠭᠠᠵᠤ ᠭᠠᠷᠭᠠᠪᠠ᠃ ᠲᠥᠰᠦᠯ᠎ᠳᠦ 《ᠣᠷᠣᠱᠢᠯ + 7 ᠪᠦᠯᠦᠭ》 ᠤ᠋ᠨ ᠪᠦᠲᠦᠴᠡ ᠵᠢ ᠬᠡᠷᠡᠭᠯᠡᠵᠦ᠍᠂ ᠨᠡᠢᠲᠡ 64 ᠵᠦᠶ᠋ᠯᠵᠢᠡᠷ ᠪᠦᠷᠢᠯᠳᠦᠪᠡ᠃
ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠬᠠᠤᠯᠢ᠎ᠶᠢᠨ ᠲᠥᠰᠥᠯ᠎ᠦᠨ ᠲᠤᠬᠠᠢ ᠲᠣᠳᠣᠷᠬᠠᠢᠯᠠᠯᠲᠠ᠎ᠳᠤ᠂ ᠤᠷᠲᠤ ᠬᠤᠭᠤᠴᠠᠭᠠᠨ᠎ᠤ ᠲᠤᠷᠰᠢᠬᠢ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠠᠵᠢᠯ᠎ᠤᠨ ᠠᠮᠵᠢᠯᠲᠠ ᠲᠠᠢ ᠲᠤᠷᠰᠢᠯᠭ᠎ᠠ᠎ᠶᠢ ᠨᠠᠷᠢᠨ ᠬᠢᠨᠠᠮᠠᠭᠠᠢ ᠳ᠋ᠦᠩᠨᠡᠵᠦ᠂ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠬᠠᠤᠯᠢ᠎ᠶᠢ ᠲᠣᠭᠲᠠᠭᠠᠵᠤ᠂ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠠᠵᠢᠯ᠎ᠳᠤ ᠪᠠᠷᠢᠮᠲᠠᠯᠠᠬᠤ ᠶᠣᠰᠣᠲᠠᠢ ᠵᠢᠯᠤᠭᠣᠳᠬᠤ ᠦᠵᠡᠯ ᠰᠠᠨᠠᠭ᠎ᠠ ᠪᠠ ᠵᠠᠷᠴᠢᠮ᠎ᠤᠨ ᠣᠢᠯᠠᠭᠠᠭᠳᠠᠬᠤᠨ᠎ᠢ ᠲᠣᠳᠣᠷᠬᠠᠢ ᠪᠣᠯᠭᠠᠵᠤ᠂ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠂ ᠬᠢᠨᠠᠨ ᠪᠠᠢᠴᠠᠭᠠᠬᠤ ᠪᠠ ᠵᠥᠪᠰᠢᠶᠡᠷᠡᠬᠦ᠂ ᠬᠡᠷᠡᠭᠵᠢᠭᠦᠯᠬᠦ ᠵᠢᠴᠢ ᠲᠡᠭᠦᠨ᠎ᠳᠦ ᠬᠢᠨᠠᠯᠲᠠ ᠲᠠᠯᠪᠢᠬᠤ ᠵᠡᠷᠭᠡ ᠪᠣᠳᠠᠲᠠᠢ ᠲᠡᠰ ᠳᠠᠷᠠᠭᠠᠯᠠᠯ᠎ᠳᠤ ᠪᠦᠬᠦ ᠲᠠᠯ᠎ᠠ᠎ᠶᠢᠨ ᠰᠢᠰᠲᠧᠮ᠎ᠲᠠᠢ ᠲᠣᠭᠲᠠᠭᠠᠯ ᠭᠠᠷᠭᠠᠵᠤ᠂ ᠬᠠᠤᠯᠢ᠎ᠪᠠᠷ ᠵᠠᠰᠠᠬᠤ ᠵᠠᠮ ᠳᠡᠭᠡᠷ᠎ᠡ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ ᠪᠠ ᠪᠦᠲᠦᠮᠵᠢᠲᠡᠶ ᠬᠡᠷᠡᠭᠵᠢᠭᠦᠯᠬᠦ᠎ᠳᠦ ᠬᠦᠴᠦᠲᠡᠢ ᠳᠦᠷᠢᠮ᠎ᠦᠨ ᠪᠠᠲᠤᠯᠠᠭ᠎ᠠ ᠬᠠᠨᠭᠭᠠᠨ᠎ᠠ᠃ ᠬᠠᠤᠯᠢ ᠵᠢ ᠲᠣᠭᠲᠠᠭᠠᠬᠤ᠎ᠳᠤ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠭᠦᠢᠴᠡᠳ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠷᠲᠤ ᠬᠤᠭᠤᠴᠠᠭᠠᠨ᠎ᠤ ᠲᠤᠷᠰᠢᠬᠢ ᠢᠯᠠᠩᠭᠤᠶ᠎ᠠ ᠰᠢᠨ᠎ᠡ ᠴᠠᠭ ᠦᠶ᠎ᠡ᠎ᠡᠴᠡ ᠨᠠᠭᠠᠰᠢᠬᠢ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠠᠵᠢᠯ᠎ᠤᠨ ᠠᠮᠵᠢᠯᠲᠠ ᠲᠠᠢ ᠲᠤᠷᠰᠢᠯᠭ᠎ᠠ᠎ᠶᠢ ᠳ᠋ᠦᠩᠨᠡᠵᠦ᠂ ᠦᠨᠳᠦᠰᠦᠨ ᠬᠠᠤᠯᠢ᠎ᠪᠠᠷ ᠦᠨᠳᠦᠰᠦᠯᠡᠯ ᠪᠣᠯᠭᠠᠵᠤ᠂ ᠤᠯᠠᠨ ᠵᠢᠯ᠎ᠦᠨ ᠲᠤᠷᠰᠢ ᠬᠡᠷᠡᠭᠵᠢᠭᠦᠯᠵᠦ ᠢᠷᠡᠭᠰᠡᠨ ᠪᠦᠲᠦᠮᠵᠢᠲᠡᠢ ᠠᠷᠭ᠎ᠠ ᠬᠢᠳᠡᠯ᠎ᠢ ᠬᠠᠤᠯᠢ ᠴᠠᠭᠠᠵᠠ ᠳᠦᠷᠢᠮ ᠵᠢᠷᠤᠮ ᠪᠣᠯᠭᠠᠨ ᠲᠣᠭᠲᠠᠭᠠᠵᠤ᠂ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠠᠵᠢᠯ᠎ᠤᠨ ᠬᠠᠤᠯᠢᠵᠢᠯᠳᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠪᠠᠢᠯᠳᠤᠬᠤ ᠪᠣᠳᠣᠯᠭ᠎ᠠ᠎ᠶᠢᠨ ᠤᠳᠤᠷᠢᠳᠤᠮᠵᠢ᠎ᠶᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠤᠯᠤᠰ᠎ᠤᠨ ᠪᠠᠢᠭᠤᠯᠤᠯ᠎ᠤᠨ ᠳᠠᠪᠠᠭᠤᠯᠢᠭ᠋ ᠪᠣᠯᠣᠨ ᠵᠠᠰᠠᠯᠲᠠ᠎ᠶᠢᠨ ᠦᠷ᠎ᠡ ᠪᠦᠲᠦᠮᠵᠢ᠎ᠶᠢ ᠨᠡᠩ ᠰᠠᠢᠲᠤᠷ ᠪᠠᠳᠠᠷᠠᠭᠤᠯᠬᠤ ᠬᠡᠷᠡᠭᠳᠡᠢ ᠭᠡᠵᠤ ᠵᠢᠭᠠᠵᠤ ᠭᠠᠷᠭᠠᠪᠠ᠃ ᠲᠥᠰᠥᠯ ᠨᠢ 6 ᠪᠦᠯᠦᠭ ᠲᠠᠢ᠂ ᠨᠡᠢ᠍ᠢᠳᠡ 38 ᠵᠦᠢᠯ᠎ᠪᠤᠢ᠃
ᠲᠡᠷᠢᠭᠦᠯᠡᠭᠴᠢᠳ᠎ᠤᠨ ᠲᠠᠢᠰᠠᠨ᠎ᠳᠤ ᠰᠠᠭᠠᠲᠠᠭᠰᠠᠳ᠎ᠲᠤ ᠪᠠᠰᠠ᠄ ᠸᠠᠩ ᠢ᠂ ᠶᠢᠨ ᠯᠢ᠂ ᠱᠢ᠎ᠲᠠᠢ ᠹᠧᠩ᠂ ᠯᠢᠦ ᠭᠦᠸᠧ ᠵᠥᠩ᠂ ᠯᠢ ᠭᠠᠨ ᠵᠢᠶᠧ᠂ ᠯᠢ ᠱᠥ᠍ ᠯᠧᠢ᠂ ᠾᠧ ᠯᠢ ᠹᠧᠩ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠎ᠶᠢᠨ ᠭᠦᠸᠧ᠂ ᠸᠠᠩ ᠰᠢᠶᠣᠣ ᠬᠣᠩ᠂ ᠵᠠᠩ ᠱᠧᠩ ᠮᠢᠨ᠂ ᠦ᠋ ᠵᠧᠩ ᠯᠦᠩ᠂ ᠱᠸᠠ ᠢ ᠴᠢᠨ᠂ ᠵᠠᠩ ᠵᠢᠶᠦ᠋ᠨ᠂ ᠶᠢᠩ ᠶᠦᠩ᠂ ᠬ᠍ᠤ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠢᠭᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠥ᠍ ᠬᠣᠶ᠂ ᠱᠣᠸ᠋ ᠬᠣᠩ᠂ ᠭᠣᠸ᠋ ᠶᠦᠨ ᠯᠦᠩ᠂ ᠮᠦ᠍ ᠬᠣᠩ᠂ ᠰᠢᠶᠠᠨ ᠬᠣᠶ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠰᠢᠨ᠂ ᠶᠠᠩ ᠵᠧᠨ ᠨᠠᠷ ᠪᠤᠢ᠃
ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠼᠸᠨ ᠬᠤᠤ ᠬᠤᠢ ᠬᠤᠷᠠᠯ᠎ᠳᠤ ᠰᠤᠯᠠ ᠣᠷᠣᠯᠴᠠᠭᠰᠠᠨ ᠪᠥᠭᠡᠳ ᠲᠡᠷᠢᠭᠦᠯᠡᠭᠴᠢᠳ᠎ᠤᠨ ᠲᠠᠢᠰᠠᠨ᠎ᠳᠤ ᠰᠠᠭᠠᠲᠠᠪᠠ᠃
ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠶᠡᠬᠡ ᠬᠤᠷᠠᠯ᠎ᠳᠤ ᠰᠤᠯᠠ ᠣᠷᠣᠯᠴᠠᠪᠠ᠃
ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ᠎ᠦᠨ ᠬᠣᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ᠎ᠳᠤ ᠰᠤᠯᠠ ᠣᠷᠣᠯᠴᠠᠭᠰᠠᠨ ᠪᠤᠶᠤ ᠶᠡᠬᠡ ᠬᠤᠷᠠᠯ᠎ᠢ ᠰᠤᠯᠠ ᠰᠣᠨᠣᠰᠪᠠ᠃
ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶᠢᠨ ᠡᠯᠴᠢᠨ ᠰᠠᠢᠳ ᠨᠠᠷ ᠶᠡᠬᠡ ᠬᠤᠷᠠᠯ᠎ᠢ ᠰᠤᠯᠠ ᠰᠣᠨᠣᠰᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ)