ᠾᠧ ᠯᠢ ᠹᠧᠩ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠪᠠ
2026-03-06 09:54:14
ᠵᠣᠬᠢᠶᠠᠭ᠍ᠴᠢ᠄
ᠼᠦᠢ ᠨᠠᠨ ᠵᠠᠩ ᠺᠦᠢ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 5 ᠤ᠋  ᠦᠳᠡ᠎ᠶ᠋ᠢᠨ ᠬᠣᠢᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢᠳ ᠾᠧ ᠯᠢ ᠹᠸᠩ ᠲᠡᠭᠦᠨ᠎ᠦ ᠪᠠᠢᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

ᠾᠧ ᠯᠢ ᠹᠧᠩ ᠬᠢᠨᠠᠨ ᠵᠦᠪᠯᠡᠬᠦ᠎ᠳᠠᠭᠡᠨ᠂ ᠵᠠᠰᠠᠭ ᠎ᠤᠨ ᠣᠷᠳᠣᠨ᠎ᠤ ᠠᠵᠢᠯ᠎ᠤᠨ ᠢᠯᠡᠳᠭᠡᠯ ᠪᠠ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢᠨ ᠲᠥᠰᠦᠯ ᠎ᠢ ᠪᠦᠷᠢᠮᠦᠰᠦᠨ ᠵᠥᠪᠱᠢᠶᠡᠷᠡᠵᠦ ᠪᠠᠢᠨ᠎ᠠ᠃ ᠥᠩᠭᠡᠷᠡᠭ᠌ᠰᠡᠨ ᠨᠢᠭᠡ ᠵᠢᠯ ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ 5 ᠵᠢᠯ᠎ᠨᠢ ᠴᠥᠮ ᠲᠤᠢᠯ᠎ᠤᠨ ᠵᠢᠷ᠎ᠤᠨ ᠪᠤᠰᠤ᠎ᠶ᠋ᠢᠨ ᠪᠥᠭᠡᠳ ᠲᠤᠢᠯ᠎ᠤᠨ ᠶᠡᠷᠦ᠍ ᠪᠤᠰᠤ᠎ᠶ᠋ᠢᠨ ᠶᠤᠮ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠲᠣᠭ᠍ᠲᠠᠭᠤᠨ᠎ᠢᠶᠠᠷ ᠡᠯ᠎ᠡ ᠵᠦᠶ᠋ᠯ᠎ᠦᠨ ᠲᠠᠭᠠᠷᠢᠯᠲᠠ ᠥᠷᠢᠰᠥᠯᠳᠦᠭᠡᠨ᠎ᠢ ᠠᠷᠭᠠᠴᠠᠭᠠᠵᠤ᠂ ᠳᠠᠪᠬᠤᠷ ᠳᠠᠪᠬᠤᠷ ᠬᠦᠴᠢᠷ ᠪᠡᠷᠬᠡᠱᠢᠶᠡᠯ᠎ᠢ ᠢᠯᠡᠨ ᠳᠠᠪᠠᠵᠤ᠂ ᠪᠥᠬᠥ᠌ ᠵᠢᠯ᠎ᠦᠨ ᠭᠤᠤᠯ ᠬᠠᠷᠠᠯᠲᠠ ᠡᠭᠦᠷᠭᠡ᠎ᠪᠡᠨ ᠤᠷᠤᠭ᠍ᠰᠢᠲᠠᠶ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ 》 ᠲᠡᠭᠦᠰ ᠠᠮᠵᠢᠯᠲᠠ᠎ᠲᠠᠶ ᠰᠡᠬᠦᠯ ᠬᠤᠷᠢᠶᠠᠵᠤ᠂ ᠨᠠᠮ ᠪᠣᠯᠤᠨ ᠤᠯᠤᠰ᠎ᠤᠨ ᠠᠵᠢᠯ ᠦᠶ᠋ᠯᠡᠰ ᠴᠢᠬᠤᠯᠠ ᠶᠡᠬᠡ ᠱᠢᠨ᠎ᠡ ᠠᠮᠵᠢᠯᠲᠠ ᠤᠯᠪᠠ᠃ ᠪᠢᠳᠡ 《ᠬᠣᠶᠠᠷ ᠎ᠢ ᠲᠣᠭ᠍ᠲᠠᠭᠠᠭᠰᠠᠨ 》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠮ᠎ᠤᠨ ᠲᠥᠪ ᠬᠤᠷᠢᠶ᠎ᠠ ᠵᠢᠨ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠰᠠᠢᠲᠤᠷ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃ ᠥᠪᠥᠷ ᠮᠣᠩᠭᠣᠯ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂  ᠵᠠᠰᠠᠭ᠎ᠤᠨ ᠠᠵᠢᠯ ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠥᠷᠨᠢᠭᠦᠯᠵᠦ᠍᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠬᠤ ᠬᠡᠷᠡᠭ᠌ᠲᠡᠢ ᠭᠡᠵᠡᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号