ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 5 ᠤ᠋ ᠦᠳᠡ᠎ᠶ᠋ᠢᠨ ᠬᠣᠢᠨ᠎ᠠ ᠲᠡᠭᠦᠨ᠎ᠤ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠦᠪᠯᠡᠬᠦ᠎ᠳᠤ ᠣᠷᠣᠯᠴᠠᠬᠤ᠎ᠳᠠᠭᠠᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠨᠡᠩ ᠨᠠᠷᠢᠨ ᠪᠤᠳᠤᠯᠢᠶᠠᠨᠲᠠᠶ ᠣᠷᠴᠢᠨ ᠨᠥᠬᠥᠴᠡᠯ᠎ᠢ ᠠᠷᠭᠠᠴᠠᠭᠠᠵᠤ᠂ ᠨᠡᠩ ᠣᠯᠠᠨ ᠭᠦᠨ ᠳᠠᠪᠬᠤᠷᠭ᠎ᠠ᠎ᠶ᠋ᠢᠨ ᠵᠥᠷᠢᠴᠡᠯ᠎ᠢ ᠱᠢᠶ᠋ᠳᠪᠦᠷᠢᠯᠡᠬᠦ᠌ ᠵᠢ ᠱᠠᠭᠠᠷᠳᠠᠵᠤ ᠪᠤᠢ᠃ ᠵᠢᠶᠠᠩᠰᠦ ᠵᠡᠷᠭᠡ ᠠᠵᠤ ᠠᠬᠤᠢ᠎ᠶ᠋ᠢᠨ ᠲᠤᠮᠤ ᠮᠤᠵᠢ ᠥᠭᠡᠷᠡᠴᠢᠯᠡᠯᠲᠡ ᠨᠡᠭᠡᠭᠡᠯᠳᠡ᠎ᠶ᠋ᠢᠨ ᠡᠮᠦᠨ᠎ᠡ ᠡᠩᠨᠡᠭᠡᠨ᠎ᠳᠦ ᠶᠠᠪᠤᠵᠤ ᠪᠠᠢᠭ᠎ᠠ ᠪᠣᠯᠬᠣᠷ ᠱᠢᠨ᠎ᠡ ᠪᠠᠢᠳᠠᠯ᠎ᠢ ᠰᠤᠳᠤᠯᠬᠤ᠂ ᠱᠢᠨ᠎ᠡ ᠠᠰᠠᠭᠤᠳᠠᠯ᠎ᠢ ᠱᠢᠢᠳᠪᠦᠷᠢᠯᠡᠬᠦ᠌ ᠲᠠᠯ᠎ᠠ ᠪᠡᠷ ᠬᠦᠴᠦ᠍ ᠤᠷᠤᠭᠤᠯᠵᠤ ᠲᠤᠷᠱᠢᠯᠭ᠎ᠠ ᠬᠤᠷᠠᠮᠳᠤᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

3 ᠰᠠᠷ᠎ᠠ ᠵᠢᠨ 5 ᠤ᠋ ᠦᠳᠡ᠎ᠶ᠋ᠢᠨ ᠬᠣᠢᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠲᠡᠭᠦᠨ᠎ᠤ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠦᠪᠯᠡᠬᠦ᠎ᠳᠤ ᠣᠷᠣᠯᠴᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠶᠢᠨ ᠪᠦ᠋ᠸᠸ ᠭᠦ ᠰᠡᠬᠦᠳᠡᠷᠯᠡᠪᠡ
ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮᠬᠥᠷ ᠬᠥᠭ᠌ᠵᠢᠶᠡᠨ ᠲᠠᠢ ᠬᠢᠨᠠᠨ ᠵᠦᠪᠯᠡᠵᠦ᠂ ᠠᠭᠤᠷ ᠠᠮᠢᠰᠬᠤᠯ ᠬᠦᠭᠵᠢᠶᠡᠨ ᠲᠡᠢ ᠪᠠᠢᠯ᠎ᠠ᠃ ᠱ᠌ᠢ ᡁᠢ ᠵᠢᠶᠦ᠋ᠨ᠂ ᠵᠠᠩ ᠱᠢᠶᠤᠤ ᠬᠣᠩ᠂ ᠱ᠌ᠢ ᠯᠸᠢ᠂ ᠶᠠᠩ ᠾᠧᠩ ᠵᠢᠶᠦ᠋ᠨ᠂ ᠭᠤᠤ ᠳ᠋ᠸ ᠷᠦᠩ᠂ ᠵᠠᠩ ᠢᠦᠢ ᠹᠸᠢ ᠵᠡᠷᠭᠡ 6 ᠲᠥᠯᠥᠭᠡᠯᠡᠭ᠌ᠴᠢ ᠲᠤᠰ ᠲᠤᠰ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠶ᠋ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠣᠯᠤᠨ ᠠᠵᠤ ᠦᠢᠯᠡᠰ᠎ᠦᠨ ᠱᠢᠨ᠎ᠡ ᠵᠢ ᠡᠭᠦᠳᠬᠦ᠎ᠶ᠋ᠢᠨ ᠠᠭᠤᠰᠤᠯᠴᠠᠯ᠎ᠢ ᠠᠬᠢᠭᠤᠯᠬᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠬᠤ᠂ ᠡᠶ᠎ᠡ ᠵᠤᠬᠢᠴᠠᠩᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠳᠦᠭᠡᠨ ᠪᠠᠢᠭᠤᠯᠬᠤ᠂ ᠦᠷ᠎ᠡ᠎ᠶ᠋ᠢᠨ ᠦᠢᠯᠡᠰ᠎ᠦᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠂ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠵᠡᠷᠭᠡ ᠲᠠᠯ᠎ᠠ᠎ᠪᠠᠷ ᠦᠭᠡ ᠬᠡᠯᠡᠪᠡ᠃
ᠤᠯᠠᠨ᠎ᠤ ᠶᠠᠷᠢᠬᠤ ᠶ᠋ᠢ ᠰᠣᠨᠣᠰᠤᠭ᠍ᠰᠠᠨ᠎ᠤ ᠲᠠᠷᠠᠭ᠎ᠠ᠂ ᠰᠢ ᠵᠢᠨ ᠫᠢᠩ ᠶᠠᠷᠢᠶ᠎ᠠ ᠲᠠᠯᠪᠢᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠭ᠌ᠰᠡᠨ ᠪᠥᠭᠡᠳ ᠵᠢᠶᠠᠩᠰᠦ᠎ᠶ᠋ᠢᠨ ᠪᠣᠳᠠᠲᠠᠢ ᠪᠠᠢᠳᠠᠯ᠎ᠲᠠᠶ ᠤᠶᠠᠯᠳᠤᠭᠤᠯᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠰᠠᠢᠲᠤᠷ ᠠᠳᠭᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃
ᠰᠢ ᠵᠢᠨ ᠫᠢᠩ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠨᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠠᠵᠤ ᠠᠬᠤᠢ᠎ᠶ᠋ᠢᠨ ᠦᠷᠢᠰᠦᠯᠳᠦᠬᠦ᠌ ᠬᠦᠴᠦᠨ᠎ᠢ ᠴᠢᠩᠭᠠᠳᠭᠠᠬᠤ᠎ᠳᠤ ᠲᠤᠢᠯ᠎ᠤᠨ ᠴᠢᠬᠤᠯᠠ ᠶᠤᠮ᠂ ᠵᠢᠶᠠᠩᠰᠦ ᠡᠨᠡ ᠲᠠᠯ᠎ᠠ᠎ᠪᠠᠷ ᠰᠠᠭᠤᠷᠢ᠎ᠪᠠᠷ ᠨᠡᠯᠢᠶᠡᠳ ᠰᠠᠢ᠌ᠨ ᠪᠠᠢᠨ᠎ᠠ᠂ ᠡᠮᠦᠨ᠎ᠡ ᠡᠩᠨᠡᠭᠡᠨ᠎ᠳᠦ ᠶᠠᠪᠤᠬᠤ᠎ᠪᠠᠷ ᠴᠢᠷᠮᠠᠢᠬᠤ ᠬᠡᠷᠡᠭ᠌ᠲᠡᠢ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠤᠤᠭᠠᠯ ᠴᠢᠨᠠᠷᠳᠠᠢ ᠱᠢᠨ᠎ᠡ ᠵᠢ ᠡᠭᠦᠳᠬᠦ ᠪᠣᠯᠤᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠢᠯᠡᠰ᠎ᠦᠨ ᠬᠡᠯᠬᠢᠶ᠎ᠡ ᠪᠡᠯᠡ ᠮᠥᠩᠭᠥᠨ᠎ᠦ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠢᠣᠨᠳᠣᠣᠱᠢᠭᠤᠯᠤᠨ ᠬᠡᠷᠡᠭ᠌ᠯᠡᠬᠦ᠌᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠠᠷᠭ᠎ᠠ ᠵᠠᠮ᠎ᠢ ᠰᠦᠪᠡᠭ᠌ᠴᠢᠯᠡᠵᠦ᠍᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠢ᠎ᠶ᠋ᠢᠨ ᠠᠵᠤ ᠦᠢᠯᠡᠰ᠎ᠢ ᠤᠷᠢᠳᠴᠢᠯᠠᠨ ᠪᠠᠢᠷᠢᠯᠠᠭᠤᠯᠬᠤ ᠲᠠᠯ᠎ᠠ᠎ᠪᠠᠷ ᠱᠢᠨ᠎ᠡ ᠪᠠᠢᠳᠠᠯ᠎ᠢ ᠡᠭᠦᠳᠴᠦ᠍᠂ ᠥᠭᠡᠷᠡᠴᠢᠯᠡᠯᠲᠡ᠎ᠶ᠋ᠢ ᠤᠯᠠᠮ ᠭᠦᠨᠵᠡᠭᠡᠢᠷᠡᠭᠦᠯᠬᠦ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠬᠦᠯᠬᠦ᠎ᠳᠤ ᠬᠦᠯᠢᠶᠡᠰᠦᠯᠡᠯ ᠪᠤᠯᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠬᠤ ᠲᠠᠯ᠎ᠠ᠎ᠪᠠᠷ ᠱᠢᠨ᠎ᠡ ᠦᠷ᠎ᠡ ᠪᠦᠲᠦᠭᠡᠯ ᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠠᠵᠤ ᠠᠬᠤᠢ᠎ᠶᠢᠨ ᠲᠣᠮᠣ᠌ ᠮᠤᠵᠢ᠎ᠶᠢᠨ ᠬᠥᠭᠵᠢᠯᠲᠡ᠎ᠶᠢᠨ ᠰᠠᠭᠤᠷᠢ ᠲᠤᠬᠳᠠᠭᠤᠨ᠂ ᠭᠠᠳᠠᠭᠠᠳᠤ ᠴᠤᠬᠢᠯᠳᠠ᠎ᠶᠢ ᠡᠰᠡᠷᠭᠦᠴᠡᠬᠦ ᠴᠢᠳᠠᠪᠤᠷᠢ ᠪᠡᠷ ᠴᠢᠩᠭ᠎ᠠ ᠪᠠᠢᠪᠠᠯ ᠰᠠᠶᠢ ᠪᠦᠬᠦ ᠤᠯᠤᠰ᠎ᠤᠨ ᠠᠵᠤ ᠠᠬᠤᠢ᠎ᠶᠢᠨ ᠲᠣᠭᠲᠠᠭᠤᠨ ᠪᠠᠢᠳᠠᠯ᠎ᠢ ᠲᠤᠯᠭᠠᠭᠤᠷᠢᠯᠠᠵᠤ ᠴᠢᠳᠠᠨ᠎ᠠ᠃ ᠵᠢᠶᠠᠩᠰᠤ ᠠᠵᠤ ᠠᠬᠤᠢ᠎ᠶᠢᠨ ᠤᠶᠠᠨ ᠬᠠᠳᠠᠨ ᠴᠢᠨᠠᠷ᠎ᠢ ᠴᠢᠩᠭᠠᠳᠬᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠳᠣᠲᠣᠷ ᠲᠠᠮᠢᠷ᠎ᠢᠶᠠᠨ ᠰᠠᠢᠲᠤᠷ ᠪᠣᠯᠪᠠᠰᠤᠷᠠᠭᠤᠯᠤᠨ᠂ ᠥᠪᠡᠷ᠎ᠢ᠎ᠪᠡᠨ ᠬᠦᠴᠦᠷᠬᠡᠭᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠦ ᠪᠦᠬᠦ ᠲᠠᠯ᠎ᠠ᠎ᠪᠠᠷ ᠠᠭᠤᠰᠤᠯᠴᠠᠵᠤ᠂ ᠤᠯᠤᠰ᠎ᠤᠨ ᠳᠣᠲᠣᠭᠠᠳᠤ᠎ᠶᠢᠨ ᠶᠡᠬᠡ ᠤᠷᠴᠢᠯ᠎ᠢ ᠰᠠᠭᠠᠳ ᠦᠭᠡᠢ ᠨᠡᠪᠲᠡᠷᠡᠭᠦᠯᠬᠦ᠎ᠳᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ ᠪᠦᠬᠦ ᠪᠥᠮᠪᠥᠷᠴᠡᠭ᠎ᠦᠨ ᠵᠠᠬ᠎ᠠ ᠳᠡᠯᠭᠡᠭᠦᠷ᠎ᠢ ᠥᠷᠭᠡᠨ᠎ᠢᠶᠡᠷ ᠨᠡᠭᠡᠭᠡᠵᠦ᠂ ᠤᠯᠠᠨ ᠤᠯᠤᠰ᠎ᠤᠨ ᠣᠷᠴᠢᠯ ᠲᠡᠢ ᠨᠡᠩ ᠰᠠᠢᠲᠤᠷ ᠬᠣᠯᠪᠣᠯᠳᠤᠨ ᠨᠡᠪᠳᠡᠷᠡᠯᠴᠡᠬᠦ ᠬᠡᠷᠡᠭᠲᠡᠢ᠃ ᠬᠣᠷᠢᠭ᠎ᠠ ᠱᠤᠭᠤᠮ᠎ᠤᠨ ᠰᠡᠳᠬᠢᠬᠦᠢ᠎ᠪᠡᠷ ᠡᠯ᠎ᠡ ᠵᠦᠢᠯ᠎ᠦᠨ ᠠᠶᠤᠯ ᠲᠦᠭᠰᠢᠭᠦᠷᠢ᠎ᠶᠢ ᠰᠡᠷᠭᠡᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃
ᠰᠢ᠎ᠶᠢᠨ ᠫᠢᠩ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠪᠦᠬᠦ ᠠᠷᠠᠳ᠎ᠤᠨ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠮᠥᠨ᠃ ᠵᠢᠶᠠᠩᠰᠤ ᠰᠢᠨ᠎ᠡ ᠪᠠᠢᠳᠠᠯ ᠳᠣᠣᠷᠠᠬᠢ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠰᠢᠨ᠎ᠡ ᠬᠦᠰᠡᠯ ᠡᠷᠡᠮᠡᠯᠵᠡᠯ ᠪᠣᠯᠣᠨ ᠠᠷᠠᠳ᠎ᠤᠨ ᠠᠮᠢᠳᠤᠷᠠᠯ᠎ᠤᠨ ᠠᠵᠢᠯ᠎ᠤᠨ ᠰᠢᠨ᠎ᠡ ᠣᠨᠴᠠᠯᠢᠭ᠋᠎ᠢ ᠣᠨᠣᠪᠴᠢᠲᠠᠢ ᠡᠵᠡᠮᠳᠡᠵᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠬᠡᠷᠬᠢᠨ ᠪᠡᠶᠡᠯᠡᠭᠦᠯᠬᠦ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠬᠡᠷᠬᠢᠨ ᠨᠡᠮᠡᠭᠳᠡᠭᠦᠯᠬᠦ᠂ ᠦᠨᠳᠦᠰᠦᠨ ᠤᠯᠠᠨ ᠨᠡᠶ᠋ᠢᠲᠡ᠎ᠶᠢᠨ ᠦᠢᠯᠡᠴᠢᠯᠡᠭᠡ ᠪᠣᠯᠣᠨ ᠨᠡᠢᠭᠡᠮ᠎ᠦᠨ ᠪᠠᠲᠤᠯᠠᠭ᠎ᠠ᠎ᠶᠢᠨ ᠲᠦᠪᠰᠢᠨ᠎ᠢ ᠬᠡᠷᠬᠢᠨ ᠴᠢᠨᠠᠭᠰᠢᠳᠠ ᠳᠡᠭᠡᠭᠰᠢᠯᠡᠭᠦᠯᠬᠦ ᠵᠡᠷᠭᠡ ᠰᠡᠳᠦᠪ᠎ᠢ ᠢᠳᠡᠪᠬᠢᠲᠡᠢ ᠰᠠᠨᠠᠭᠠᠴᠢᠯᠠᠭ᠎ᠠ᠎ᠡᠴᠡ᠎ᠪᠠᠨ ᠲᠠᠢᠯᠪᠤᠷᠢᠯᠠᠵᠤ᠂ ᠪᠦᠬᠦ ᠠᠷᠠᠳ᠎ᠤᠨ ᠬᠠᠮᠲᠤ ᠪᠠᠷ ᠪᠠᠶᠠᠵᠢᠬᠤ᠎ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ᠎ᠢ ᠰᠦᠪᠡᠭᠴᠢᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃
ᠰᠢ᠎ᠶᠢᠨ ᠫᠢᠩ᠂ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ ᠬᠡᠳᠦᠢ ᠪᠦᠲᠦᠮᠵᠢᠲᠡᠶ ᠪᠣᠯᠬᠤ ᠲᠤᠲᠤᠮ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠲᠤᠯᠠᠭ᠎ᠠ ᠲᠡᠳᠦᠢ ᠬᠦᠴᠦᠲᠡᠢ ᠪᠣᠯᠣᠨ᠎ᠠ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠥᠷᠨᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠴᠢᠳᠠᠬᠤ ᠪᠣᠳᠠᠲᠤ ᠠᠮᠵᠢᠯᠳᠠ ᠪᠦᠲᠦᠮᠵᠢ᠎ᠶᠢ ᠡᠭᠦᠳᠬᠦ ᠬᠡᠷᠡᠭᠲᠡᠢ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ ᠪᠡᠷ ᠠᠳᠬᠤᠬᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠎ᠶᠢ ᠬᠠᠷᠢᠯᠴᠠᠨ ᠨᠡᠪᠳᠡᠷᠡᠬᠦᠯᠬᠦ ᠶ᠋ᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠭᠰᠠᠨ ᠪᠣᠳᠠᠲᠤ ᠦᠷ᠎ᠡ ᠪᠦᠲᠦᠮᠵᠢ᠎ᠪᠡᠷ ᠠᠷᠠᠳ᠎ᠤᠨ ᠢᠲᠡᠭᠡᠯ᠎ᠢ ᠣᠯᠵᠤ᠂ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠭᠡᠰᠢᠭᠦᠨ᠂ ᠲᠥᠪ ᠬᠤᠷᠢᠶ᠎ᠠ ᠵᠢᠨ ᠠᠯᠪᠠᠨ ᠲᠢᠨᠭᠬᠢᠮ᠎ᠤᠨ ᠡᠷᠬᠢᠯᠡᠭᠴᠢ ᠼᠠᠢ ᠴᠢ ᠤᠷᠤᠯᠴᠠᠵᠠᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ)