ᠥᠪᠥᠷ ᠮᠣᠩᠭᠣᠯ ᠎ᠤᠨ ᠲᠥᠯᠥᠭᠡᠯᠡᠭ᠌ᠴᠢᠳ ᠎ᠦᠨ ᠪᠦᠯᠬᠦᠮ ᠵᠠᠰᠠᠭ ᠎ᠤᠨ ᠣᠷᠳᠣᠨ ᠎ᠤ ᠠᠵᠢᠯ ᠎ᠤᠨ ᠢᠯᠡᠳᠭᠡᠯ᠎ᠢ ᠬᠢᠨᠠᠨ ᠵᠥᠪᠯᠡᠪᠡ
2026-03-06 10:02:56
ᠵᠣᠬᠢᠶᠠᠭ᠍ᠴᠢ᠄
ᠯᠢ ᠬᠠᠨ ᠵᠠᠩ ᠺᠦᠢ
ᠣᠩᠱᠢᠭ᠍ᠰᠠᠨ ᠣᠳᠠᠭ᠎ᠠ᠄
★★★☆☆

ᠾᠧ ᠯᠢ ᠹᠸᠩ ᠬᠢᠨᠠᠨ ᠵᠦᠪᠯᠡᠬᠦ ᠳ᠋ᠤ ᠣᠷᠣᠯᠴᠠᠭᠰᠠᠨ ᠪᠦᠭᠡᠳ ᠦᠭᠡ ᠬᠡᠯᠡᠵᠡᠢ

ᠸᠠᠩ ᠸᠧᠢ ᠵᠦᠩ ᠬᠤᠷᠠᠯ᠎ᠢ ᠡᠷᠬᠢᠯᠡᠭᠰᠡᠨ ᠪᠦᠭᠡᠳ ᠦᠭᠡ ᠬᠡᠯᠡᠪᠡ      ᠪᠤᠤ ᠭᠠᠩ    ᠶᠠᠩ ᠵᠧᠨ ᠡᠦ ᠦᠭᠡ ᠬᠡᠯᠡᠵᠡᠢ


3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ  ᠬᠤᠷᠠᠯ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠦᠭᠦᠳᠡ ᠬᠤᠷᠠᠯ ᠬᠢᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠪᠡ᠃

ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ᠂ ᠲᠤᠮᠳᠠᠳᠤ ᠤᠯᠤᠰ᠎ᠤᠨ ᠡᠪ ᠬᠠᠮᠲᠤ ᠨᠠᠮ ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠦᠷᠦ᠍᠎ᠶ᠋ᠢᠨ ᠶᠠᠪᠤᠳᠠᠯ ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢᠳ ᠾᠧ ᠯᠢ ᠹᠸᠩ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠦᠭᠡ ᠬᠡᠯᠡᠵᠡᠢ᠃

ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠸᠧᠢ ᠵᠦᠩ ᠬᠤᠷᠠᠯ᠎ᠢ ᠡᠷᠬᠢᠯᠡᠭ᠌ᠰᠡᠨ ᠪᠥᠭᠡᠳ ᠦᠭᠡ ᠬᠡᠯᠡᠵᠦ᠍᠂ ᠪᠦᠦ ᠭᠠᠩ᠂ ᠶᠠᠩ ᠵᠧᠨ ᠡᠸ᠋ ᠵᠡᠷᠭᠡ ᠲᠥᠯᠥᠭᠡᠯᠡᠭ᠌ᠴᠢ ᠦᠭᠡ ᠬᠡᠯᠡᠪᠡ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠂ ᠤᠯᠤᠰ᠎ᠤᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠪᠣᠯᠤᠨ ᠶᠡᠬᠡ ᠬᠤᠷᠠᠯ᠎ᠤᠨ ᠲᠣᠪᠴᠢ ᠮᠡᠳᠡᠭᠡ᠎ᠶ᠋ᠢᠨ ᠳᠤᠭᠤᠢᠯᠠᠩ᠎ᠤᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠣᠷᠣᠯᠴᠠᠵᠤ ᠬᠢᠨᠠᠨ ᠵᠥᠪᠯᠡᠭ᠌ᠰᠡᠨ ᠰᠠᠨᠠᠯ᠎ᠢ ᠰᠣᠨᠣᠰᠴᠠᠢ᠃


QQ20260306-100236.png


3 ᠰᠠᠷ᠎ᠠ᠎ᠶ᠋ᠢᠨ 5 ᠤ᠋ ᠦᠳᠡ ᠎ᠶ᠋ᠢᠨ ᠬᠣᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ  ᠬᠤᠷᠠᠯ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠦᠭᠦᠳᠡ ᠬᠤᠷᠠᠯ ᠬᠢᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠪᠡ᠃

ᠲᠤᠰ ᠰᠤᠨᠢᠨ ᠤ᠋ ᠰᠤᠷᠪᠤᠯᠵᠢᠯᠠᠬᠴᠢ  ᠮᠠ ᠵᠢᠶᠠᠨ ᠪᠢᠩ ᠰᠡᠬᠦᠳᠡᠷᠯᠡᠪᠡ


ᠸᠠᠩ  ᠸᠧᠢ  ᠵᠦᠩ  ᠲᠥᠯᠥᠭᠡᠯᠡᠭ᠌ᠴᠢ ᠂  ᠶᠡᠷᠦᠩᠬᠡᠢ ᠰᠠᠢᠳ  ᠯᠢ ᠴᠢᠶᠠᠩ ᠎ᠤᠨ ᠬᠢᠭ᠌ᠰᠡᠨ  ᠵᠠᠰᠠᠭ ᠎ᠤᠨ ᠣᠷᠳᠣᠨ ᠎ᠤ ᠠᠵᠢᠯ ᠎ᠤᠨ ᠢᠯᠡᠳᠭᠡᠯ  ᠨᠢ  ᠰᠢ ᠵᠢᠨ ᠫᠢᠩ ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠮᠵᠢᠯᠲᠠ᠎ᠪᠠᠨ ᠳ᠋ᠦᠩᠨᠡᠭᠰᠠᠠ ᠨᠢ ᠪᠦᠬᠦ᠌ ᠲᠠᠯ᠎ᠠ ᠵᠢᠨ ᠪᠦᠭᠡᠳ ᠪᠤᠰᠤᠳᠴᠢ ᠪᠠᠢᠵᠤ᠂ ᠬᠠᠷᠠᠯᠲᠠ᠎ᠶ᠋ᠢᠨ ᠲᠤᠬᠠᠢ ᠲᠤᠬᠢᠷᠠᠭᠤᠯᠤᠯᠳᠠ ᠨᠢ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ ᠨᠢ ᠢᠳᠡᠪᠬᠢᠲᠡᠢ ᠪᠦᠭᠡᠳ ᠪᠦᠳᠦᠮᠵᠢᠳᠠᠢ ᠪᠠᠢᠵᠤ᠂ ᠡᠭᠦᠷᠭᠡ ᠵᠢᠨ ᠪᠠᠢᠷᠢᠯᠠᠭᠤᠯᠤᠯᠲᠠ ᠨᠢ ᠨᠠᠷᠢᠯᠢᠭ ᠤᠨᠤᠪᠴᠢᠲᠠᠢ ᠪᠦᠭᠡᠳ ᠪᠣᠳᠠᠲᠠᠢ᠎ᠶ᠋ᠢ ᠡᠷᠬᠢᠮᠯᠡᠵᠦ᠍᠂ ᠲᠤᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠵᠠᠮ ᠨᠡᠭᠡᠭᠡᠨ ᠤᠷᠤᠭ᠍ᠰᠢᠯᠠᠭ᠍ᠰᠠᠨ ᠰᠠᠢ᠌ᠨ ᠢᠯᠡᠳᠭᠡᠯ ᠪᠣᠯᠵᠠᠢ᠂ ᠪᠢ ᠪᠦᠷᠢᠮᠦᠰᠦᠨ ᠵᠥᠪᠱᠢᠶᠡᠷᠡᠵᠦ ᠪᠠᠢᠨ᠎ᠠ᠃ ᠲᠠᠪᠤᠨ ᠵᠢᠯ᠎ᠦᠨ ᠲᠤᠷᠰᠢ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠪᠥᠬᠥ᠌ ᠲᠠᠯ᠎ᠠ᠎ᠶ᠋ᠢ ᠶᠡᠷᠦᠩᠬᠡᠢᠯᠡᠨ ᠵᠢᠯᠣᠭᠣᠳᠴᠤ᠌᠂ ᠲᠣᠭ᠎ᠢ ᠡᠷᠭᠦᠨ ᠴᠢᠭ᠌ᠯᠡᠯ᠎ᠢ ᠲᠣᠭ᠍ᠲᠠᠭᠠᠵᠤ᠂ ᠰᠤᠳᠤ ᠭᠠᠷᠮᠠᠭᠠᠢ ᠤᠯᠤᠰ ᠲᠥᠷᠥ᠎ᠶ᠋ᠢᠨ ᠣᠶᠤᠨ ᠤᠬᠠᠭᠠᠨ᠎ᠢᠶᠠᠷ ᠤᠷᠢᠳ ᠡᠮᠦᠨ᠎ᠡ ᠪᠠᠢᠭ᠎ᠠ ᠥᠬᠡᠶ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠪᠠᠢᠳᠠᠯ᠎ᠢ ᠯᠠᠪᠳᠠᠭᠤᠨ ᠲᠣᠭ᠍ᠲᠠᠭᠤᠨ᠎ᠢᠶᠠᠷ ᠠᠷᠭᠠᠴᠠᠭᠠᠵᠤ᠂ ᠶᠡᠷᠦ᠍ ᠪᠤᠰᠤ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠷ ᠴᠢᠨᠠᠷ ᠰᠠᠢᠲᠠᠶ ᠬᠥᠭ᠌ᠵᠢᠯᠲᠡ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠡᠷᠡᠰ ᠬᠠᠲᠠᠭᠤ ᠲᠡᠮᠡᠴᠡᠯ᠎ᠦᠨ ᠵᠣᠷᠢᠭ ᠰᠠᠨᠠᠭ᠎ᠠ᠎ᠪᠠᠷ ᠡᠷᠡᠰ ᠬᠦᠴᠦᠲᠡᠶ ᠪᠡᠷ ᠠᠶᠤᠯ ᠲᠦᠭ᠌ᠰᠢᠭᠦᠷᠢ᠎ᠶ᠋ᠢ ᠠᠷᠢᠯᠭᠠᠵᠤ ᠥᠷᠢᠰᠥᠯᠳᠦᠭᠡᠨ᠎ᠢ ᠠᠷᠭᠠᠴᠠᠭᠠᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ ᠳᠤᠮᠳᠠ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠨᠡᠭᠡᠭᠡᠪᠡ᠃ ᠪᠢᠳᠡ 《 ᠬᠣᠶᠠᠷ ᠎ᠢ ᠲᠣᠭ᠍ᠲᠠᠭᠠᠭᠰᠠᠨ 》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ ᠪᠠ ᠪᠥᠬᠥ᠌ ᠤᠯᠤᠰ᠎ᠤᠨ ᠬᠣᠶᠠᠷ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠴᠢᠨᠠᠷ ᠰᠠᠢᠲᠠᠶ ᠬᠥᠭ᠌ᠵᠢᠯᠲᠡ᠎ᠭᠡᠬᠦ ᠡᠨᠡ ᠬᠦ᠌ ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ 《ᠬᠣᠶᠠᠷ ᠬᠠᠯᠬᠠᠪᠴᠢ 》᠂ 《 ᠬᠣᠶᠠᠷ ᠰᠠᠭᠤᠷᠢᠨ 》᠂ 《ᠨᠢᠭᠡ ᠪᠡᠬᠢᠯᠡᠯᠲᠡ》 ᠵᠢ ᠬᠦᠴᠦ᠍᠎ᠪᠡᠨ ᠲᠥᠪᠯᠡᠷᠡᠭᠦᠯᠦᠨ ᠪᠦᠲᠦᠭᠡᠨ ᠪᠠᠢᠭᠤᠯᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠲᠤᠰ ᠪᠠᠶ᠎ᠠ ᠵᠢᠨ ᠴᠢᠨᠠᠷ ᠰᠠᠢᠲᠠᠶ ᠬᠥᠭ᠌ᠵᠢᠯᠲᠡ᠎ᠪᠡᠷ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠠ ᠭᠡᠵᠡᠢ᠃

ᠪᠤᠤ ᠭᠠᠩ ᠲᠥᠯᠥᠭᠡᠯᠡᠭᠴᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳ᠋ᠤ ᠠᠮᠵᠢᠯᠲᠠ᠎ᠪᠠᠨ ᠳ᠋ᠦᠩᠨᠡᠭᠰᠡᠨ ᠨᠢ ᠦᠨᠡᠨ᠎ᠡᠴᠡ ᠵᠥᠪ᠎ᠢ ᠡᠷᠢᠵᠦ᠂ ᠬᠥᠮᠥᠰ᠎ᠢ ᠤᠷᠮᠠᠰᠢᠭᠤᠯᠤᠨ ᠵᠣᠷᠢᠭ᠍ᠵᠢᠭᠤᠯᠵᠤ᠂ ᠡᠭᠦᠷᠭᠡ ᠵᠢ ᠪᠠᠢᠷᠢᠯᠠᠭᠤᠯᠬᠤ᠎ᠳᠠᠭᠠᠨ ᠰᠢᠰᠲᠧᠮ᠎ᠲᠠᠢ ᠪᠦᠬᠦ ᠲᠠᠯ᠎ᠠ ᠵᠢᠨ᠂ ᠵᠦᠪ ᠤᠨᠤᠪᠴᠢᠲᠠᠢ ᠪᠣᠳᠠᠲᠠᠢ᠎ᠶᠢ ᠡᠷᠬᠢᠮᠯᠡᠵᠦ᠂ ᠲᠤᠭ᠎ᠢ ᠥᠨᠳᠥᠷ ᠮᠠᠨᠳᠤᠭᠤᠯᠤᠭᠰᠠᠨ᠂ ᠬᠥᠮᠥᠰ᠎ᠦᠨ ᠢᠳᠡᠬᠡᠯ ᠵᠤᠷᠢᠭ᠎ᠢ ᠬᠦᠪᠴᠢᠯᠡᠭᠰᠡᠨ᠂ ᠵᠢᠮ᠎ᠡ ᠶᠣᠰᠣ᠌᠎ᠶᠢ ᠬᠦᠨᠳᠦᠳᠬᠡᠭᠰᠡᠨ᠂ ᠵᠣᠬᠢᠶᠠᠯ᠎ᠤᠨ ᠰᠤᠷᠲᠠᠯ ᠡᠭᠡᠯ ᠪᠣᠷᠣᠭᠵᠢᠭᠤᠨ ᠰᠠᠢᠨ ᠢᠯᠡᠳᠬᠡᠯ ᠪᠤᠯᠵᠠᠢ᠃ ᠥᠪᠥᠷ ᠮᠣᠩᠭᠣᠯ ᠶᠡᠷᠦᠩᠬᠡᠢ ᠱᠦᠵᠢ ᠰᠢ᠎ᠶᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠪᠢᠳᠡᠨ᠎ᠳᠦ ᠤᠯᠭᠤᠭᠰᠠᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠠᠵᠢᠯ ᠎ᠤᠨ ᠢᠯᠡᠳᠬᠡᠯ ᠎ᠦᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠮ ᠪᠣᠯᠣᠨ ᠤᠯᠤᠰ ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠬᠤᠪᠢ ᠨᠡᠮᠡᠷᠢ ᠦᠵᠡᠭᠦᠯᠤᠨ᠎ᠡ᠃ ᠨᠢᠭᠡ᠎ᠳᠦ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠢ ᠬᠠᠮᠠᠭᠠᠯᠠᠵᠤ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ ᠎ᠢ ᠭᠣᠣᠯᠳᠠᠯᠭ᠎ᠠ᠎ᠲᠠᠢ ᠰᠠᠢᠲᠤᠷ ᠬᠢᠵᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ ᠎ᠶᠢ ᠪᠠᠭᠤᠷᠠᠭᠤᠯᠵᠤ ᠪᠤᠬᠢᠷᠳᠤᠯ᠎ᠢ ᠪᠠᠭᠠᠰᠬᠠᠬᠤ ᠡᠭᠦᠷᠭᠡ᠎ᠶᠢ ᠰᠠᠢᠲᠤᠷ ᠪᠡᠶᠡᠯᠡᠭᠦᠯᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ ᠪᠣᠯᠣᠨ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠲᠤᠷᠰᠢᠯᠲᠠ᠎ᠶᠢᠨ ᠣᠷᠣᠨ᠎ᠢ ᠡᠬᠦᠳᠦᠨ ᠪᠠᠶ᠋ᠢᠭᠤᠯᠤᠨ᠎ᠠ᠃ ᠬᠣᠶᠠᠷ᠎ᠲᠤ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠬᠠᠮᠠᠭᠠᠯᠠᠵᠤ᠂ ᠡᠯᠡᠰᠦᠨ ᠴᠦᠯ ᠭᠤᠪᠢ ᠴᠦᠯᠯᠡᠷᠬᠡᠭ ᠭᠠᠵᠠᠷ᠎ᠤᠨ ᠲᠣᠮᠣ᠌ ᠰᠠᠭᠤᠷᠢᠨ ᠵᠢᠴᠢ ᠭᠠᠳᠠᠭ᠍ᠰᠢ ᠬᠦᠷᠭᠡᠬᠦ ᠨᠡᠪᠲᠡᠷᠡᠬᠦ ᠵᠠᠮ᠎ᠤᠨ ᠪᠦᠲᠦᠭᠡᠨ ᠪᠠᠢᠭᠤᠯᠤᠯᠲᠠ᠎ᠶᠢ ᠭᠣᠣᠯᠳᠠᠯᠭ᠎ᠠ᠎ᠲᠠᠢ ᠲᠦᠷᠭᠡᠳᠬᠡᠵᠦ᠂ ᠣᠷᠳᠣᠰ᠎ᠤᠨ ᠤᠯᠤᠰ᠎ᠤᠨ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠣᠷᠣᠨ᠎ᠢ ᠰᠠᠢᠲᠤᠷ ᠪᠠᠶ᠋ᠢᠭᠤᠯᠤᠨ᠎ᠠ᠃ ᠭᠤᠷᠪᠠ᠎ᠳᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠬᠠᠮᠠᠭᠠᠯᠠᠵᠤ᠂ ᠮᠠᠯ ᠠᠵᠤ ᠠᠬᠤᠢ ᠲᠠᠷᠢᠶᠠᠯᠠᠩ ᠎ᠤᠨ 《ᠡᠭᠦᠯᠳᠡᠷ ᠪᠠ ᠦᠷ᠎ᠡ》 ᠵᠢᠨ ᠢᠨᠵᠧᠨᠧᠷᠢᠩ ᠪᠤᠯᠤᠨ ᠭᠣᠣᠯ ᠪᠣᠯᠬᠤ ᠠᠮᠤ ᠲᠣᠰᠣᠨ᠎ᠤ ᠲᠠᠷᠢᠮᠠᠯ᠎ᠤᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠂ ᠰᠦ᠎ᠶᠢᠨ ᠦᠢᠯᠡᠰ᠎ᠢ ᠬᠥᠭᠵᠢᠭᠦᠯᠬᠦ᠂ ᠮᠢᠬᠠᠨ ᠤ᠋ ᠦᠬᠡᠷ ᠮᠢᠬᠠᠨ ᠤ᠋ ᠬᠣᠨᠢᠨ᠎ᠤ ᠭᠠᠷᠤᠯᠲᠠ᠎ᠶᠢ ᠨᠡᠮᠡᠭᠳᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠂ ᠡᠪᠡᠰᠦ ᠪᠣᠷᠳᠣᠭ᠎ᠠ᠎ᠶᠢᠨ ᠬᠠᠩᠭᠠᠯᠭ᠎ᠠ᠎ᠶᠢ ᠳᠡᠭᠡᠭᠰᠢᠯᠡᠭᠦᠯᠬᠦ ᠠᠵᠢᠯᠯᠠᠭ᠎ᠠ᠎ᠶᠢ ᠭᠣᠣᠯᠳᠠᠯᠭ᠎ᠠ᠎ᠲᠠᠢ ᠬᠡᠷᠡᠭᠵᠢᠭᠦᠯᠦᠨ᠎ᠡ᠃ ᠳᠥᠷᠪᠡ᠎ᠳᠦ᠂ ᠤᠯᠤᠰ᠎ᠤᠨ ᠠᠵᠤ ᠦᠢᠯᠡᠰ᠎ᠦᠨ ᠠᠮᠤᠷ ᠲᠦᠪᠰᠢᠨ᠎ᠢ ᠬᠠᠮᠠᠭᠠᠯᠠᠵᠤ᠂ ᠬᠦᠨᠭᠭᠡᠨ ᠬᠣᠪᠣᠷ ᠰᠢᠷᠣᠢ ᠵᠢᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠨ ᠬᠡᠯᠬᠢᠶ᠎ᠡ᠎ᠶᠢ ᠴᠢᠩᠭᠠᠳᠬᠠᠬᠤ ᠪᠠ ᠳᠤᠮᠳᠠ ᠬᠦᠨᠳᠦ ᠬᠣᠪᠣᠷ ᠰᠢᠷᠣᠢ᠎ᠶᠢ ᠨᠡᠭᠡᠭᠡᠨ ᠠᠰᠢᠭ᠍ᠯᠠᠬᠤ ᠎ᠶᠢ ᠭᠣᠣᠯᠳᠠᠯᠭ᠎ᠠ᠎ᠲᠠᠢ ᠴᠢᠩᠭᠠᠳᠬᠠᠵᠤ᠂ ᠪᠣᠬᠢᠷᠲᠤᠯ ᠦᠭᠡᠢ ᠪᠣᠳᠣᠯᠲᠠ᠎ᠶᠢᠨ ᠬᠦᠴᠦᠨ᠎ᠦ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠦᠨ᠎ᠡ᠃ ᠲᠠᠪᠤ᠎ᠳᠤ᠂ ᠤᠯᠤᠰ᠎ᠤᠨ ᠬᠢᠯᠢ ᠬᠢᠵᠠᠭᠠᠷ᠎ᠤᠨ ᠠᠮᠤᠷ ᠲᠦᠪᠰᠢᠨ᠎ᠢ ᠰᠠᠢᠲᠤᠷ ᠬᠠᠮᠠᠭᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠤᠨ ᠠᠵᠢᠯ᠎ᠢᠶᠠᠨ ᠠᠬᠢᠭᠤᠯᠵᠤ᠂ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠪᠠ ᠠᠶᠤᠯᠭᠦᠢ ᠦᠢᠯᠡᠳᠪᠦᠷᠢᠯᠡᠯ᠎ᠢ ᠰᠠᠢᠲᠤᠷ ᠠᠳᠬᠤᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠨ᠎ᠠ ᠭᠡᠪᠡ᠃

ᠶᠠᠩ ᠵᠧᠨ ᠦ᠋ ᠲᠥᠯᠥᠭᠡᠯᠡᠭᠴᠢ ᠂ ᠵᠠᠰᠠᠭ ᠎ᠤᠨ ᠣᠷᠳᠣᠨ ᠎ᠤ ᠠᠵᠢᠯ ᠎ᠤᠨ ᠢᠯᠡᠳᠬᠡᠯ ᠎ᠢ ᠰᠠᠢᠰᠢᠶᠠᠨ ᠵᠥᠪᠰᠢᠶᠡᠷᠡᠵᠦ ᠪᠠᠢᠨ᠎ᠠ᠃  ᠢᠯᠡᠳᠬᠡᠯ  ᠨᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠥᠩᠭᠡᠷᠡᠭᠰᠡᠨ ᠨᠢᠭᠡ ᠵᠢᠯ ᠎ᠦᠨ ᠠᠵᠢᠯ ᠎ᠢ᠎ᠳ᠋ᠦᠨᠭᠨᠡᠬᠦ᠎ᠳᠡᠭᠡᠨ ᠪᠦᠬᠦ ᠲᠠᠯ᠎ᠠ ᠵᠢᠨ ᠪᠦᠬᠡᠳ ᠪᠤᠰᠤᠳᠴᠢ᠂ ᠦᠨᠡᠨ᠎ᠡᠴᠡ ᠵᠥᠪ᠎ᠢ ᠡᠷᠢᠵᠤ᠂ ᠢᠷᠡᠬᠦ ᠨᠢᠭᠡ ᠵᠢᠯ᠎ᠦᠨ ᠡᠭᠦᠷᠭᠡ᠎ᠶᠢ ᠪᠠᠢᠷᠢᠯᠠᠭᠤᠯᠬᠤ᠎ᠳᠠᠭᠠᠨ ᠵᠦᠪ ᠤᠨᠤᠪᠴᠢᠲᠠᠢ ᠪᠣᠳᠠᠲᠠᠢ᠎ᠶᠢ ᠡᠷᠬᠢᠮᠯᠡᠨ᠂ ᠠᠷᠭ᠎ᠠ ᠬᠡᠮᠵᠢᠶ᠎ᠡ  ᠨᠢ ᠬᠦᠴᠦᠲᠡᠢ ᠪᠠᠢᠵᠤ᠂ ᠲᠤᠭ ᠎ᠢ ᠥᠨᠳᠥᠷ ᠮᠠᠨᠳᠤᠭᠤᠯᠤᠭᠰᠠᠨ᠂ ᠬᠦᠴᠦᠨ ᠴᠢᠳᠠᠯ ᠎ᠢ ᠨᠢᠭ᠍ᠲᠠᠷᠠᠭᠤᠯᠤᠭᠰᠠᠨ᠂ ᠬᠥᠮᠥᠰ ᠎ᠢ ᠤᠷᠮᠠᠰᠢᠭᠤᠯᠤᠨ ᠵᠤᠷᠢᠬᠵᠢᠭᠤᠯᠤᠬᠰᠠᠨ ᠰᠠᠢᠨ ᠢᠯᠡᠳᠬᠡᠯ ᠪᠤᠯᠵᠠᠢ᠃ ᠥᠩᠭᠡᠷᠡᠭᠰᠡᠨ ᠨᠢᠭᠡ ᠵᠢᠯ ᠎ᠳᠦ᠂  ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠣᠲᠣᠭᠠᠳᠤ ᠬᠦᠴᠢᠷᠳᠡᠯ᠎ᠢ ᠢᠯᠠᠨ ᠳᠠᠪᠠᠵᠤ᠂ ᠭᠠᠳᠠᠭᠠᠳᠤ ᠳᠠᠷᠤᠯᠲᠠ ᠎ᠶᠢ ᠲᠠᠭᠠᠭᠠᠵᠤ᠂ 《ᠲᠠᠪᠤ᠎ᠶᠢ ᠨᠢᠭᠡ ᠴᠣᠭᠴᠠᠵᠢᠭᠤᠯᠤᠬᠰᠠᠨ》 ᠶᠡᠷᠦᠩᠬᠡᠢ ᠪᠠᠢᠷᠢᠰᠢᠭᠤᠯᠤᠯᠲᠠ ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂  《ᠲᠦᠷᠪᠡᠨ ᠪᠦᠬᠦ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢ ᠵᠣᠬᠢᠴᠠᠩᠭᠤᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠦ᠋ᠨ  ᠲᠡᠭᠦᠰ ᠠᠮᠵᠢᠯᠲᠠ ᠲᠠᠢ ᠰᠡᠬᠦᠯ ᠬᠤᠷᠢᠶᠠᠬᠤ ᠵᠢ ᠪᠡᠶᠡᠯᠡᠭᠦᠯᠵᠦ᠂ ᠨᠠᠮ ᠪᠠ ᠤᠯᠤᠰ᠎ᠤᠨ ᠡᠯ᠎ᠡ ᠵᠦᠢᠯ ᠎ᠦᠨ ᠠᠵᠢᠯ ᠦᠢᠯᠡᠰ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠪᠠ᠃ ᠡᠳᠡᠭᠡᠷ ᠠᠮᠵᠢᠯᠲᠠ ᠎ᠶᠢ ᠣᠯᠣᠭᠰᠠᠨ ᠎ᠤ ᠦᠨᠳᠦᠰᠦ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠠᠯᠠᠭᠤᠷ ᠎ᠢ ᠡᠵᠡᠮᠳᠡᠨ ᠠᠶᠠᠯᠠᠯ᠎ᠢ ᠵᠢᠯᠤᠭᠤᠳᠤᠭᠰᠠᠨ᠎ᠳᠤ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠃ 《ᠬᠣᠶᠠᠷ᠎ᠢ ᠲᠣᠭᠲᠠᠭᠠᠭᠰᠠᠨ 》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂《 ᠬᠣᠶᠠᠷ᠎ᠢ ᠬᠠᠮᠠᠭᠠᠯᠠᠬᠤ 》 ᠶ᠋ᠢ ᠡᠷᠡᠰ ᠪᠡᠶᠡᠯᠡᠬᠦᠯᠦᠨ᠎ᠠ ᠭᠡᠵᠡᠢ᠃

ᠶᠠᠩ ᠵᠢᠨ᠂ ᠰᠦᠬᠡ᠂ ᠴᠢ ᠹᠧᠢ ᠶᠦᠨ᠂ ᠭᠦᠸᠧ ᠢᠦᠢ ᠹᠧᠩ᠂ ᠳᠦ ᠭᠠᠩ᠂ ᠵᠢᠨ ᡁᠢ ᠵᠢᠶᠦ᠋ᠨ᠂ ᠯᠥᠸᠧ ᠴᠢᠩ᠂ ᠬᠥᠩ ᠮᠢᠩ ᠵᠦ᠍᠂ ᠮᠧᠩ ᠹᠠᠨ ᠶᠢᠩ᠂ ᠾᠧ ᠬᠠᠢ ᠳ᠋ᠦᠩ᠂ ᠰᠢᠦᠢ ᠵᠢᠶᠠᠨ ᠰᠢᠩ᠂ ᠵᠣᠣ ᠬᠣᠶ ᠵᠢᠶᠧ᠂ ᠬᠥᠩ ᠰᠢᠦᠸᠠᠢ ᠹᠧᠩ᠂ ᠾᠧ ᠮᠠᠢᠯᠠᠰᠦ ᠵᠡᠷᠭᠡ ᠲᠥᠯᠥᠭᠡᠯᠡᠭᠴᠢ ᠬᠢᠨᠠᠨ ᠵᠦᠪᠯᠡᠬᠦ ᠦᠭᠡ ᠬᠡᠯᠡᠵᠦ᠂ ᠲᠤᠬᠠᠢ᠎ᠶᠢᠨ ᠲᠠᠯᠠᠪᠤᠷ ᠬᠥᠷ ᠬᠥᠭᠵᠢᠶᠡᠨ᠎ᠢᠶᠡᠷ ᠪᠢᠯᠬᠠᠵᠤ᠂ ᠣᠯᠠᠨ᠎ᠢᠶᠠᠷ᠎ᠢᠶᠠᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠎ᠢ ᠪᠦᠷᠢᠮᠦᠰᠦᠨ ᠵᠥᠪᠰᠢᠶᠡᠷᠡᠵᠦ ᠪᠠᠢᠬᠤ ᠎ᠪᠠᠨ ᠰᠠᠨᠠᠯ ᠨᠢᠭᠡᠲᠡᠢ ᠢᠯᠡᠳᠬᠡᠵᠡᠭᠡᠭᠰᠡᠨ ᠪᠥᠭᠡᠳ ᠲᠣᠰ ᠲᠣᠰ᠎ᠤᠨ ᠠᠵᠢᠯ᠎ᠤᠨ ᠪᠣᠳᠠᠲᠤ ᠪᠠᠢᠳᠠᠯ ᠎ᠲᠠᠢ᠎ᠪᠠᠨ ᠤᠶᠠᠯᠳᠤᠭᠤᠯᠵᠤ᠂ ᠵᠠᠰᠠᠭ᠎ᠤᠨ ᠣᠷᠳᠣᠨ ᠎ᠤ ᠠᠵᠢᠯ᠎ᠤᠨ ᠢᠯᠡᠳᠬᠡᠯ᠎ᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠠᠯ᠎ᠠ ᠪᠡᠷ ᠰᠠᠨᠠᠯ ᠰᠠᠨᠠᠭᠤᠯᠭ᠎ᠠ ᠳᠤᠷᠠᠳᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号