ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠬᠢᠨᠠᠨ ᠵᠥᠪᠯᠡᠪᠡ
2026-03-06 10:19:19
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆


ᠵᠠᠩ ᠶᠠᠨ ᠺᠦᠨ ᠣᠷᠣᠯᠴᠠᠵᠠᠢ

3 ᠰᠠᠷ᠎ᠠ᠎ᠶ᠋ᠢᠨ 5᠎ᠤ᠋ ᠦᠳᠡ᠎ᠶ᠋ᠢᠨ ᠬᠣᠢᠨ᠎ᠠ᠂ ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷ ᠥᠪᠡᠷ᠎ᠦᠨ ᠪᠠᠢᠭ᠎ᠠ ᠡᠲᠡᠭᠡᠳ ᠢᠯᠭᠠᠯ ᠎ᠤᠨ ᠳᠤᠭᠤᠢᠯᠠᠩ ᠎ᠳᠠᠭᠠᠨ ᠪᠦᠬᠦ᠌ ᠤᠯᠤᠰ ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ ᠶ᠋ᠢᠨ ᠬᠤᠷᠢᠶ᠎ᠠ ᠎ᠵᠢᠨ ᠠᠵᠢᠯ ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ ᠎ᠤᠨ  ᠪᠠᠢᠳᠠᠯ ᠎ᠤᠨ ᠲᠤᠬᠠᠢ ᠮᠡᠳᠡᠭᠦᠯᠦᠯᠲᠡ᠎ᠶ᠋ᠢ ᠬᠢᠨᠠᠨ ᠵᠥᠪᠯᠡᠪᠡ᠃ ᠪᠦᠬᠦ᠌ ᠤᠯᠤᠰ᠎ᠤᠨ ᠤᠯᠤᠰ ᠲᠦᠷᠦ᠍ ᠎ᠶ᠋ᠢᠨ ᠵᠥᠪᠯᠡᠯᠭᠡᠨ ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍ ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠦᠭᠡ ᠬᠡᠯᠡᠵᠡᠢ᠃

ᠵᠠᠩ ᠶᠠᠨ ᠺᠦᠨ᠂ ᠲᠡᠷᠢᠭᠦᠯᠡᠭ᠌ᠴᠢ ᠸᠠᠩ ᠬᠤ᠌ ᠨᠢᠩ᠎ᠤᠨ ᠬᠢᠭ᠌ᠰᠡᠨ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠵᠢᠨ ᠪᠦᠬᠦ ᠠᠭᠤᠯᠭ᠎ᠠ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠳ᠋ᠦᠨᠭᠨᠡᠭᠰᠡᠨ ᠨᠢ ᠪᠤᠰᠤᠳᠴᠢ ᠪᠦᠭᠡᠳ ᠪᠦᠬᠦ᠌ ᠲᠠᠯ᠎ᠠ᠎ᠶ᠋ᠢᠨ ᠪᠠᠢᠵᠦ᠂ ᠲᠣᠭ᠎ᠠ ᠪᠠᠷᠢᠮᠲᠠ ᠨᠠᠷᠢᠨ ᠪᠣᠳᠠᠲᠠᠢ᠂ 2026 ᠣᠨ᠎ᠤ ᠠᠵᠢᠯ᠎ᠢ ᠪᠠᠢᠷᠢᠯᠠᠭᠤᠯᠤᠭ᠍ᠰᠠᠨ ᠨᠢ ᠬᠠᠷᠠᠯᠲᠠ ᠲᠣᠳᠣᠷᠬᠠᠢ᠂ ᠭᠣᠣᠯᠳᠠᠯᠭ᠎ᠠ ᠲᠤᠪᠤᠢ᠌ᠮ᠎ᠠ ᠪᠠᠢᠵᠤ᠂ ᠲᠤᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠬᠠᠮᠲᠤ᠎ᠶ᠋ᠢᠨ ᠲᠠᠨᠢᠯᠲᠠ ᠎ᠶ᠋ᠢ ᠨᠢᠭ᠍ᠲᠠᠷᠠᠭᠤᠯᠤᠭ᠍ᠰᠠᠨ᠂ ᠬᠥᠮᠦᠰ ᠎ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠰᠠᠢ᠌ᠨ ᠮᠡᠳᠡᠭᠦᠯᠦᠯᠲᠡ ᠪᠣᠯᠵᠠᠢ᠃ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠎ᠳᠦ ᠠᠮᠵᠢᠯᠲᠠ ᠪᠦᠲᠦᠮᠵᠢ᠎ᠪᠡᠨ ᠳ᠋ᠦᠩᠨᠡᠬᠦ᠌᠎ᠳᠡᠭᠡᠨ ᠦᠨᠡᠨ᠎ᠢ ᠪᠠᠷᠢᠮᠲᠠᠯᠠᠵᠤ᠂ ᠬᠣᠢᠱᠢᠳᠠ ᠎ᠶ᠋ᠢᠨ ᠠᠵᠢᠯ ᠎ᠤᠨ ᠲᠤᠬᠠᠢ ᠰᠠᠨᠠᠭᠤᠯᠭ᠎ᠠ ᠨᠢ ᠦᠨᠡᠨ ᠬᠦ᠌ ᠬᠡᠷᠡᠭᠵᠢᠭᠦᠯᠦᠰᠢᠲᠡᠢ ᠪᠠᠢᠨ᠎ᠠ᠃ ᠬᠣᠶᠠᠷ ᠮᠡᠳᠡᠭᠦᠯᠦᠯᠲᠡ᠎ᠵᠢ ᠪᠦᠷᠢᠮᠦᠰᠤᠨ ᠵᠥᠪᠱᠢᠶᠡᠷᠡᠵᠦ᠍ ᠪᠠᠢᠨ᠎ᠠ ᠭᠡᠪᠡ᠃

ᠵᠠᠩ ᠶᠠᠨ ᠺᠦᠨ᠂ ᠥᠩᠭᠡᠷᠡᠭ᠌ᠰᠡᠨ ᠨᠢᠭᠡ ᠵᠢᠯ᠎ᠳᠦ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠤᠷᠢᠶ᠎ᠠ ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ ᠎ᠤᠨ ᠮᠠᠶᠢᠭ ᠎ᠤᠨ ᠣᠳᠣᠬᠢᠴᠢᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠵᠥᠪᠯᠡᠯᠭᠡ ᠬᠢᠵᠦ᠍ ᠵᠠᠰᠠᠭ ᠎ᠤᠨ ᠶᠠᠪᠤᠳᠠᠯ ᠎ᠢ ᠵᠥᠪᠯᠡᠵᠦ᠍᠂ ᠨᠢᠭᠡᠳᠦᠮᠡᠯ ᠹᠷᠣᠨᠲ᠎ᠤᠨ ᠬᠥᠮᠦᠰ᠎ᠦᠨ ᠰᠡᠳᠭᠢᠯ ᠎ᠢ ᠨᠢᠭ᠍ᠲᠠᠷᠠᠭᠤᠯᠵᠦ᠂ ᠬᠦᠴᠦᠨ ᠴᠢᠳᠠᠯ᠎ᠢ᠋ᠢᠡᠨ ᠲᠦᠪᠯᠡᠷᠡᠭᠦᠯᠬᠦ ᠦᠢᠯᠡᠳᠦᠯ᠎ᠢ ᠪᠠᠳᠠᠷᠠᠭᠤᠯᠵᠤ᠂ ᠴᠢᠩ ᠰᠡᠳᠭᠢᠯ᠎ᠡᠴᠡ᠎ᠪᠡᠨ ᠠᠷᠠᠳ ᠲᠦᠮᠡᠨ᠎ᠦ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ ᠲᠦᠮᠡᠨ᠎ᠳᠦ ᠦᠢᠯᠡᠴᠢᠯᠡᠵᠦ᠍᠂ ᠣᠷᠣᠨ ᠨᠤᠲᠤᠭ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠤ ᠵᠢᠱ᠌ᠢᠢ᠎ᠡ ᠦᠵᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠤ᠋ ᠬᠢᠨ ᠮᠡᠳᠡᠭᠦᠯᠦᠯᠲᠡ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ ᠎ᠦ ᠠᠵᠢᠯ ᠎ᠳᠠᠬᠢ ᠨᠠᠮ ᠎ᠤᠨ ᠪᠦᠬᠦ᠌ ᠲᠠᠯ᠎ᠠ ᠎ᠶ᠋ᠢᠨ ᠤᠳᠤᠷᠢᠳᠤᠯᠭ᠎ᠠ ᠎ᠶ᠋ᠢ ᠪᠠᠷᠢᠮᠲᠠᠯᠠᠵᠤ᠂ ᠥᠪᠥᠷ ᠮᠣᠩᠭᠣᠯ᠎ᠤᠨ ᠪᠣᠳᠠᠲᠤ ᠪᠠᠶ᠋ᠢᠳᠠᠯ ᠎ᠲᠠᠶ ᠤᠶᠠᠯᠳᠤᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠭᠤᠤᠯ ᠱᠤᠭᠤᠮ᠎ᠤᠨ ᠲᠣᠭᠣᠷᠢᠨ ᠎ᠳᠤ᠂ ᠶᠡᠷᠦᠩᠬᠡᠶ ᠱᠦᠵᠢ  ᠰᠢ ᠵᠢᠨ ᠫᠢᠩ ᠪᠣᠯᠤᠨ ᠨᠠᠮ ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠤᠯᠭᠤᠭᠰᠠᠨ 《ᠬᠣᠶᠠᠷ ᠬᠠᠯᠬᠠᠪᠴᠢ 》᠂ 《 ᠬᠣᠶᠠᠷ ᠰᠠᠭᠤᠷᠢᠨ》᠂ 《 ᠨᠢᠭᠡ ᠪᠡᠬᠢᠯᠡᠯᠲᠡ 》 ᠎ᠵᠢ ᠪᠥᠲᠥᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠵᠢ ᠭᠦᠨᠵᠡᠭᠡᠢ ᠨᠠᠢᠳᠠᠪᠤᠷᠢᠵᠢᠭᠤᠯᠵᠤ᠂ ᠭᠦᠨᠵᠡᠭᠡᠶ ᠵᠥᠪᠯᠡᠯᠭᠡ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠨ᠂ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠳᠡᠪᠰᠢᠭᠦᠯᠦᠨ ᠠᠷᠭ᠎ᠠ ᠪᠤᠳᠤᠯᠭ᠎ᠠ ᠡᠷᠭᠦᠵᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠵᠢ ᠦᠷᠨᠢᠭᠦᠯᠵᠦ᠂ ᠥᠨᠳᠥᠷ ᠲᠦᠪᠱᠢᠨ ᠪᠥᠬᠥᠶ ᠲᠤᠱᠢᠶᠠᠯ᠎ᠬᠠᠷᠢᠭᠤᠴᠠᠯᠭ᠎ᠠ ᠪᠠᠨ ᠭᠦᠶ᠋ᠴᠡᠳᠭᠡᠬᠦ᠌᠎ᠪᠡᠷ 《 ᠠᠷᠪᠠᠨ ᠲᠠᠪᠤᠳᠤᠭᠠᠷ ᠲᠠᠪᠤᠨ ᠵᠢᠯ 》 ᠎ᠤ᠋ᠨ ᠰᠠᠢᠨ ᠡᠬᠢᠯᠡᠯᠲᠡ ᠎ᠳᠦ ᠬᠦᠴᠦᠨ ᠨᠡᠮᠡᠷᠢᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠎ᠳᠤ ᠬᠥᠮᠦᠰ᠎ᠦᠨ ᠰᠡᠳᠭᠢᠯ ᠎ᠢ ᠨᠢᠭ᠍ᠲᠠᠷᠠᠭᠤᠯᠵᠤ᠂ ᠬᠠᠮᠲᠤ ᠎ᠶ᠋ᠢᠨ ᠲᠠᠨᠢᠯᠲᠠ ᠎ᠶ᠋ᠢ ᠨᠢᠭ᠍ᠲᠠᠷᠠᠭᠤᠯᠵᠤ᠂ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠨ᠎ᠠ ᠭᠡᠪᠡ᠃

ᠭᠡᠱᠢᠭᠦᠳ᠂ ᠬᠣᠶᠠᠷ ᠮᠡᠳᠡᠭᠦᠯᠦᠯᠲᠡ᠎ᠶ᠋ᠢᠨ ᠵᠣᠭ᠍ᠰᠣᠴᠠ ᠥᠨᠳᠥᠷ ᠪᠥᠭᠡᠳ ᠠᠯᠤᠰ ᠬᠡᠲᠦ᠍᠎ᠶ᠋ᠢᠨ ᠪᠠᠢᠵᠤ᠂ ᠬᠥᠮᠦᠰ ᠎ᠢ ᠵᠣᠷᠢᠭ᠍ᠵᠢᠭᠤᠯᠤᠨ ᠤᠷᠤᠭ᠍ᠰᠢᠯᠠᠭᠤᠯᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠦᠶ᠋ᠯᠡᠳᠦᠯᠭᠡᠲᠦ ᠴᠢᠨᠠᠷ᠂ ᠵᠢᠯᠣᠭᠣᠳᠭᠤ ᠴᠢᠨᠠᠷ᠎ᠲᠠᠶ ᠪᠠᠢᠵᠤ᠂ ᠦᠵᠡᠯ ᠰᠠᠨᠠᠭᠠᠨ᠎ᠤ ᠲᠣᠭ᠎ᠢ ᠥᠨᠳᠥᠷ ᠮᠠᠨᠳᠤᠭᠤᠯᠤᠭ᠍ᠰᠠᠨ᠂ ᠥᠷᠭᠡᠨ ᠳᠡᠯᠭᠡᠷ᠎ᠢᠶᠡᠷ ᠰᠡᠳᠭᠢᠯ ᠎ᠢ ᠨᠢᠭᠡᠳᠭᠡᠨ ᠬᠦᠴᠦ᠍᠎ᠵᠢ ᠬᠠᠮᠲᠤᠳᠭᠠᠭ᠍ᠰᠠᠨ᠂ ᠠᠵᠢᠯ ᠎ᠢᠶᠠᠨ ᠯᠠᠪᠳᠠᠭᠤᠨ ᠪᠠᠲᠤᠲᠠᠶ ᠲᠥᠯᠥᠪᠯᠡᠭ᠌ᠰᠡᠨ᠂ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ ᠰᠠᠢᠨ ᠮᠡᠳᠡᠭᠦᠯᠦᠯᠲᠡ ᠪᠣᠯᠵᠠᠢ ᠭᠡᠵᠦ ᠦᠵᠡᠪᠡ᠃ ᠤᠯᠠᠨ᠎ᠢᠶᠠᠷ᠎ᠢᠶᠠᠨ᠂ ᠮᠡᠳᠡᠭᠦᠯᠦᠯᠲᠡ᠎ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠭᠣᠣᠯ ᠶᠡᠬᠡ ᠲᠠᠯ᠎ᠠ ᠎ᠶ᠋ᠢᠨ ᠲᠣᠭᠣᠷᠢᠨ ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠵᠠᠩᠭᠢᠯᠠᠭ᠎ᠠ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠵᠠᠰᠠᠭ᠎ᠤᠨ ᠶᠠᠪᠤᠳᠠᠯ ᠎ᠢ ᠵᠥᠪᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ《1571》 ᠠᠵᠢᠯ ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠬᠡᠷᠡᠭ᠌ᠴᠡᠭᠡ᠎ᠲᠡᠶ ᠰᠠᠨᠠᠯ ᠰᠠᠨᠠᠭᠤᠯᠭ᠎ᠠ ᠳᠤᠷᠠᠳᠴᠤ᠌᠂ ᠪᠦᠲᠦᠮᠵᠢᠲᠡᠢ ᠠᠷᠭ᠎ᠠ ᠪᠤᠳᠤᠯᠭ᠎ᠠ ᠳᠡᠪᠱᠢᠭᠦᠯᠵᠦ᠍᠂ ᠠᠱᠢᠭ᠍ᠲᠠᠢ ᠶᠠᠪᠤᠳᠠᠯ᠎ᠢ ᠪᠦᠲᠦᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠡᠬᠢᠯᠡᠭᠦᠯᠬᠦ᠌᠎ᠳᠦ ᠥᠷᠭᠡᠨ ᠳᠡᠯᠭᠡᠷ ᠬᠠᠮᠲᠤ ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠠ ᠭᠡᠵᠦ᠍ ᠢᠯᠡᠳᠭᠡᠵᠡᠭᠡᠪᠡ᠃

ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠠᠶ ᠴᠢᠩ ᠶᠤᠸᠠᠨ᠂ ᠬᠦᠦᠳᠠᠭᠤᠯᠠ᠂ ᠰᠦᠨ ᠵᠢᠶᠦ᠋ᠨ ᠴᠢᠩ᠂ ᠠᠨ ᠷᠦᠨ ᠱᠧᠩ᠂ ᠵᠢᠨ ᠵᠤᠸᠠᠩ᠂ ᠢᠦᠶ ᠷᠧᠨ ᠵᠢᠶᠧ᠎ᠨᠡᠷ ᠲᠣᠰ ᠲᠣᠰ᠎ᠦᠨ ᠪᠠᠢᠭ᠎ᠠ ᠳᠤᠭᠤᠢᠯᠠᠩ ᠎ᠤᠨ ᠵᠢᠡᠨ ᠬᠢᠨᠠᠨ ᠵᠥᠪᠯᠡᠬᠦ᠌ ᠎ᠳᠦ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号