ᠬᠤ᠌ ᠬᠠᠢ ᠵᠢᠦᠸᠠᠨ᠄ ᠪᠥᠬᠥ᠌ ᠤᠯᠤᠰ ᠤ᠋ᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠬᠥᠯᠥᠨ ᠪᠣᠢᠷ ᠬᠣᠲᠠ ᠵᠢᠨ ᠬᠠᠢᠯᠠᠷ ᠬᠣᠶᠠᠳᠤᠭᠠᠷ ᠳᠤᠮᠳᠠᠳᠤ ᠰᠤᠷᠭᠠᠭᠤᠯᠢ ᠵᠢᠨ ᠪᠠᠭ᠍ᠰᠢ
2026-03-06 16:11:06
ᠵᠣᠬᠢᠶᠠᠭ᠍ᠴᠢ᠄
ᠰᠥᠩ ᠱᠤᠸᠠᠩ ᠮᠥᠩᠬᠡᠴᠢᠯᠠᠭᠤ
ᠣᠩᠱᠢᠭ᠍ᠰᠠᠨ ᠣᠳᠠᠭ᠎ᠠ᠄
★★★☆☆

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ᠎ᠳᠡᠬᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠲᠤᠬᠠᠢ ᠪᠠᠢᠷᠢᠯᠠᠭᠤᠯᠤᠯᠲᠠ ᠨᠢ ᠪᠣᠳᠠᠲᠠᠢ ᠳ᠋ᠤ ᠰᠠᠭᠤᠷᠢᠯᠠᠭ᠍ᠰᠠᠨ ᠵᠢᠡᠷ ᠪᠠᠷᠠᠬᠤ ᠦᠭᠡᠢ ᠪᠠᠰᠠ ᠠᠯᠤᠰ ᠬᠡᠳᠦ᠍ ᠵᠢᠨ ᠬᠥᠭ᠌ᠵᠢᠯᠲᠡ ᠳ᠋ᠤ ᠠᠩᠬᠠᠷᠤᠯ ᠵᠢᠡᠨ ᠬᠠᠨᠳᠤᠭᠤᠯᠵᠤ᠂ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ ᠭᠡᠳᠡᠭ ᠢ᠋ ᠪᠢ ᠮᠡᠳᠡᠷᠡᠪᠡ᠃


22.jpg


ᠰᠤᠷᠭᠠᠨ ᠬᠥᠮᠦᠵᠢᠯ ᠤ᠋ᠨ ᠨᠢᠭᠡᠳᠦᠭᠡᠷ ᠹᠷᠣᠨᠲ ᠲᠤ᠌ 30 ᠭᠠᠷᠤᠶ ᠵᠢᠯ ᠠᠵᠢᠯᠯᠠᠭᠰᠠᠨ ᠨᠠᠳᠠᠳ᠋ᠤ ᠠᠪᠴᠤ ᠬᠡᠯᠡᠪᠡᠯ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠨᠢ ᠬᠢᠴᠢᠶᠡᠯ ᠤ᠋ᠨ ᠲᠠᠩᠬᠢᠮ ᠳ᠋ᠤ ᠯᠡ ᠲᠡᠳᠦᠶ ᠪᠢᠰᠢ᠂ ᠪᠠᠰᠠ ᠬᠢᠴᠢᠶᠡᠯ ᠤ᠋ᠨ ᠭᠠᠳᠠᠨᠠᠬᠢ ᠠᠵᠢᠯᠯᠠᠭᠠᠨ ᠤ᠋ ᠳᠤᠮᠳᠠ ᠠᠭᠤᠰᠴᠤ᠌ ᠪᠠᠢᠳᠠᠭ ᠢ᠋ ᠣᠢᠯᠠᠭᠠᠵᠤ ᠮᠡᠳᠡᠪᠡ᠃ ᠪᠢ ᠰᠤᠷᠤᠭ᠍ᠴᠢᠳ ᠲᠠᠭᠠᠨ ᠤᠯᠤᠰ ᠵᠢᠡᠨ ᠬᠠᠢᠷᠠᠯᠠᠬᠤ ᠦᠵᠡᠯ ᠪᠠ ᠦᠨᠳᠦᠰᠦᠲᠡᠨ ᠤ᠋ ᠪᠦᠯᠬᠦᠮᠳᠡᠯ ᠤ᠋ᠨ ᠤᠴᠢᠷ ᠤᠳᠭ᠎ᠠ᠎ᠶ᠋ᠢ ᠬᠢᠴᠢᠶᠡᠯ ᠤᠷᠤᠬᠤ᠂ ᠳᠠᠰᠭᠠᠯ ᠬᠢᠯᠭᠡᠬᠦ ᠪᠣᠯᠭᠠᠨ ᠳ᠋ᠤ ᠣᠢᠯᠠᠭᠠᠭᠤᠯᠬᠤ᠎ᠪᠠᠷ ᠴᠢᠷᠮᠠᠢᠵᠤ᠂ ᠲᠡᠲᠡᠨ ᠢ᠋ ᠥᠪᠡᠷ ᠤ᠋ᠨ ᠤᠢᠯᠠᠭᠠᠭᠰᠠᠨ ᠵᠢᠡᠷ ᠵᠢᠡᠨ ᠲᠦᠷᠦᠭ᠌ᠲᠡᠯ ᠵᠢᠡᠨ ᠢᠯᠡᠳᠭᠡᠬᠦ᠌᠎ᠶ᠋ᠢ ᠵᠣᠷᠢᠭ᠍ᠵᠢᠭᠤᠯᠳᠠᠭ᠃ ᠪᠢ ᠬᠡᠦᠬᠡᠳ ᠤ᠋ᠳ ᠢ᠋ ᠰᠠᠨᠠᠭᠠᠴᠢᠯᠠᠭ᠎ᠠ ᠡᠴᠡ ᠪᠡᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ᠎ᠶ᠋ᠢ ᠬᠦᠰᠡᠵᠦ᠍ ᠪᠠᠢᠨ᠎ᠠ᠃

ᠬᠣᠢᠱᠢᠳᠠ᠂ ᠪᠢ ᠰᠤᠷᠭᠠᠨ ᠬᠥᠮᠦᠵᠢᠯ ᠤ᠋ᠨ ᠵᠢᠮ᠎ᠡ ᠶᠣᠰᠣ ᠪᠣᠯᠤᠨ ᠰᠤᠷᠤᠭ᠍ᠴᠢᠳ ᠤ᠋ᠨ ᠦᠰᠦᠨ ᠪᠣᠢᠵᠢᠯᠲᠠ ᠵᠢᠨ ᠣᠨᠴᠠᠯᠢᠭ ᠢ᠋ ᠦᠷᠭᠦᠯᠵᠢᠯᠡᠨ ᠵᠢᠷᠤᠮᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠪᠣᠯᠤᠨ ᠦᠢᠯᠡᠳᠦᠯᠭᠡ ᠵᠢᠨ ᠠᠵᠢᠯᠯᠠᠭ᠎ᠠ᠎ᠶ᠋ᠢ ᠪᠦᠲᠦᠮᠵᠢᠲᠡᠢ ᠥᠷᠨᠢᠭᠦᠯᠵᠦ᠍᠂ ᠰᠤᠷᠤᠭ᠍ᠴᠢᠳ ᠢ᠋ ᠬᠦᠳᠦᠯᠦᠨ ᠵᠢᠯᠣᠭᠣᠳᠴᠤ᠌ ᠪᠠᠢᠭᠠᠳ ᠤᠯᠤᠰ ᠭᠡᠷ ᠤ᠋ᠨ ᠬᠠᠢᠷ᠎ᠠ ᠰᠡᠳᠭᠢᠯᠭᠡ᠎ᠶ᠋ᠢ ᠨᠢ ᠵᠤᠵᠠᠭᠠᠳᠭᠠᠵᠤ᠂ ᠦᠨᠳᠦᠰᠦᠲᠡᠨ ᠤ᠋ ᠰᠡᠷᠭᠦᠨ ᠮᠠᠨᠳᠤᠯᠲᠠ ᠵᠢᠨ ᠶᠡᠬᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ ᠵᠢᠨ ᠱᠢᠨ᠎ᠡ ᠬᠥᠮᠦᠨ ᠢ᠋ ᠬᠥᠮᠦᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号