ᠶᠦᠨ ᡁᠢ ᠾᠸᠤ᠄ ᠪᠦᠬᠦ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠲᠠᠷᠢᠶᠠᠴᠢᠨ ᠠᠵᠢᠯᠴᠢᠨ ᠤ᠋ ᠠᠷᠠᠳᠴᠢᠯᠠᠭ᠍ᠰᠠᠨ ᠨᠠᠮ ᠤ᠋ᠨ ᠲᠥᠪ ᠬᠣᠷᠢᠶᠠᠨ ᠤ᠋ ᠪᠠᠢᠩᠭᠤ ᠵᠢᠨ ᠭᠡᠱᠢᠭᠦᠨ
2026-03-06 16:17:36
ᠵᠣᠬᠢᠶᠠᠭ᠍ᠴᠢ᠄
ᠱᠢᠤᠢ ᠵᠢᠩ ᠬᠠᠨ ᠴᠢᠩ ᠯᠢ
ᠣᠩᠱᠢᠭ᠍ᠰᠠᠨ ᠣᠳᠠᠭ᠎ᠠ᠄
★★★☆☆

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠰᠣᠨᠣᠰᠤᠭᠠᠳ ᠮᠠᠰᠢ ᠵᠣᠷᠢᠭ᠍ᠵᠢᠪᠠ᠃ ᠥᠪᠥᠷ ᠮᠣᠩᠭᠣᠯ ᠳ᠋ᠤ ᠠᠵᠢᠯᠯᠠᠵᠤ ᠪᠠᠢᠭ᠎ᠠ ᠪᠦᠬᠦ᠌ ᠤᠯᠤᠰ ᠤ᠋ᠨ ᠤᠯᠤᠰ ᠲᠦᠷᠦ᠍ ᠵᠢᠨ ᠵᠥᠪᠯᠡᠯᠭᠡᠨ ᠤ᠋ ᠭᠡᠱᠢᠭᠦᠨ ᠪᠣᠯᠤᠭ᠍ᠰᠠᠨ ᠤ᠋ ᠬᠤᠪᠢ ᠳ᠋ᠤ᠂ ᠨᠠᠮ ᠪᠣᠯᠤᠨ ᠤᠯᠤᠰ ᠤ᠋ᠨ ᠠᠵᠢᠯ ᠤ᠋ᠨ ᠶᠡᠬᠡ ᠲᠠᠯ᠎ᠠ ᠵᠢᠨ ᠲᠣᠭᠣᠷᠢᠨ ᠳ᠋ᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠢ᠋ ᠪᠠᠲᠤ ᠡᠵᠡᠮᠳᠡᠵᠦ᠍᠂ ᠡᠷᠡᠰ ᠭᠤᠢᠪᠢᠰᠢ ᠦᠭᠡᠢ ᠪᠡᠷ ᠦᠨᠳᠦᠰᠦᠲᠡᠨ ᠤ᠋ ᠪᠦᠯᠬᠦᠮᠳᠡᠯ ᠤ᠋ᠨ ᠠᠬᠢᠭᠤᠯᠤᠬ᠍ᠴᠢ᠂ ᠰᠠᠬᠢᠬᠴᠢ᠂ ᠬᠠᠮᠠᠭᠠᠯᠠᠭ᠍ᠴᠢ ᠪᠣᠯᠬᠤ ᠬᠡᠷᠡᠭ᠌ᠲᠡᠢ ᠭᠡᠳᠡᠭ ᠢ᠋ ᠬᠦᠨ᠎ᠡ ᠤᠬᠠᠭᠠᠷᠠᠪᠠ᠃


3.jpg


ᠪᠢᠳᠡ ᠦᠨᠳᠦᠰᠦᠲᠡᠨ ᠤ᠋ ᠠᠵᠢᠯ ᠤ᠋ᠨ ᠵᠥᠪ ᠤᠯᠤᠰ ᠲᠥᠷᠥ ᠵᠢᠨ ᠴᠢᠭ᠌ᠯᠡᠯ ᠢ᠋ ᠡᠷᠬᠡᠪᠰᠢ ᠪᠠᠲᠤ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ《1571》ᠠᠵᠢᠯ ᠤ᠋ᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠨᠣᠯ ᠤ᠋ᠨ ᠰᠤᠳᠤᠯᠭᠠᠨ ᠢ᠋ ᠭᠦᠨᠵᠡᠭᠡᠢᠷᠡᠭᠦᠯᠵᠦ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠣᠨᠣᠯ ᠤ᠋ᠨ ᠱᠢᠰᠲ᠋ᠧᠮ ᠢ᠋ ᠪᠠᠢᠭᠤᠯᠬᠤ ᠬᠡᠷᠡᠭ᠌ᠲᠡᠶ; ᠠᠷᠠᠳ ᠲᠦᠮᠡᠨ ᠵᠢᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ ᠵᠢᠨ ᠳᠤᠮᠳᠠ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ᠎ᠶ᠋ᠢ ᠨᠡᠩ ᠴᠢᠬᠤᠯᠠᠴᠢᠯᠠᠵᠤ᠂ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠳ᠋ᠤ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ ᠨᠢ ᠠᠵᠢᠯᠯᠠᠭ᠎ᠠ ᠳ᠋ᠤ ᠪᠠᠢᠬᠤ ᠳᠡᠷᠭᠡᠳᠡ ᠪᠠᠢᠬᠤ᠎ᠶ᠋ᠢ ᠦᠨᠡᠨ ᠬᠦ᠌ ᠮᠡᠳᠡᠷᠡᠭᠦᠯᠬᠦ᠌ ᠬᠡᠷᠡᠭ᠌ᠲᠡᠢ; ᠤᠬᠠᠭᠤᠯᠭ᠎ᠠ ᠬᠥᠮᠦᠵᠢᠯ ᠢ᠋ ᠴᠢᠩᠭᠠᠳᠭᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ᠎ᠶ᠋ᠢ ᠬᠥᠮᠦᠰ ᠤ᠋ᠨ ᠰᠡᠳᠭᠢᠯ ᠳ᠋ᠤ ᠬᠠᠳᠠᠩᠱᠢᠭᠤᠯᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ ᠠᠨᠠᠷ ᠤ᠋ᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠤ᠋ ᠡᠷᠬᠢᠮ ᠳᠡᠭᠡᠳᠦ ᠢᠷᠠᠭᠤ ᠠᠯᠳᠠᠷ ᠢ᠋ ᠬᠠᠮᠲᠤ᠎ᠪᠠᠷ ᠰᠠᠢᠲᠤᠷ ᠬᠠᠮᠠᠭᠠᠯᠠᠵᠤ᠂ ᠦᠨᠳᠦᠰᠦᠲᠡᠨ ᠤ᠋ ᠪᠦᠯᠬᠦᠮᠳᠡᠯ ᠤ᠋ᠨ ᠴᠡᠴᠡᠭ ᠢ᠋ ᠡᠭᠦᠷᠢᠳᠡ ᠳᠡᠯᠭᠡᠷᠡᠭᠦᠯᠦᠨ ᠪᠠᠳᠠᠷᠠᠭᠤᠯᠬᠤ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号