ᠨᠠᠷᠠᠨᠪᠢᠯᠢᠭ᠌᠄ ᠪᠦᠬᠦ᠌ ᠤᠯᠤᠰ ᠤ᠋ᠨ ᠤᠯᠤᠰ ᠲᠦᠷᠦ᠍ ᠵᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ ᠤ᠋ᠨ ᠪᠠᠭ᠍ᠰᠢ ᠵᠢᠨ ᠶᠡᠬᠡ ᠰᠤᠷᠭᠠᠭᠤᠯᠢ ᠵᠢᠨ ᠤᠭ᠍ᠰᠠᠭᠠᠲᠠᠨ ᠵᠦᠢ ᠬᠥᠮᠦᠨ ᠵᠦᠢ ᠵᠢᠨ ᠳᠡᠭᠡᠳᠦ ᠰᠤᠷᠭᠠᠭᠤᠯᠢ ᠵᠢᠨ ᠫᠷᠤᠹᠧᠰᠰᠤᠷ
2026-03-06 16:26:47
ᠵᠣᠬᠢᠶᠠᠭ᠍ᠴᠢ᠄
ᠪᠠᠢ ᠳ᠋ᠠᠨ ᠬᠠᠨ ᠴᠢᠩ ᠯᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ 《1571》 ᠠᠵᠢᠯ ᠤ᠋ᠨ ᠪᠠᠢᠷᠢᠯᠠᠭᠤᠯᠤᠯᠲᠠ ᠳ᠋ᠤ᠂ ᠡᠩ ᠲᠡᠷᠢᠭᠦᠨ ᠳ᠋ᠡᠬᠢ 《1》 ᠨᠢ ᠳᠠᠷᠤᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃ ᠥᠪᠥᠷ ᠮᠣᠩᠭᠣᠯ ᠤ᠋ᠨ ᠪᠣᠳᠠᠲᠤ ᠪᠠᠢᠳᠠᠯ ᠳ᠋ᠤ ᠰᠠᠭᠤᠷᠢᠯᠠᠨ᠂ ᠳᠥᠷᠪᠡᠨ ᠲᠠᠯ᠎ᠠ᠎ᠪᠠᠷ ᠣᠨᠢᠨ ᠳᠡᠭᠡᠷ᠎ᠡ᠎ᠨᠢ ᠬᠦᠴᠦᠯᠡᠵᠦ᠍᠂ ᠪᠣᠳᠠᠲᠠᠶ᠎ᠶ᠋ᠢ ᠡᠷᠬᠢᠮᠯᠡᠨ ᠠᠬᠢᠭᠤᠯᠬᠤ ᠶ᠋ᠢ ᠰᠠᠨᠠᠯ ᠪᠤᠯᠭᠠᠨ ᠲᠡᠪᠰᠢᠬᠦᠯᠵᠤ ᠪᠠᠢᠨ᠎ᠠ᠃ ᠥᠪᠥᠷ ᠮᠣᠩᠭᠣᠯ ᠤ᠋ᠨ ᠤᠨᠴᠠᠯᠢᠬ᠍ᠳᠤ ᠳᠠᠪᠠᠭᠤᠯᠢᠭ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌᠂ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ᠂ ᠬᠥᠭ᠌ᠵᠢᠯᠲᠡ ᠵᠢᠨ ᠦᠷ᠎ᠡ ᠪᠦᠲᠦᠭᠡᠯ ᠢ᠋ ᠬᠠᠮᠲᠤ᠎ᠪᠠᠷ ᠡᠳ᠋ᠯᠡᠬᠦ᠌ ᠳᠤᠮᠳᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠣᠳᠠᠰ ᠤ᠋ᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠦᠨ᠎ᠡ; ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠤᠶᠤᠨ ᠰᠠᠨᠠᠭᠠᠨ ᠤ᠋ ᠭᠡᠷ ᠣᠷᠣᠨ ᠢ᠋ ᠪᠠᠢᠭᠤᠯᠵᠤ᠂ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠵᠢᠨ ᠬᠥᠮᠦᠵᠢᠯ ᠢ᠋ ᠭᠦᠨᠵᠡᠭᠡᠢᠷᠡᠭᠦᠯᠦᠨ᠂ ᠦᠨᠳᠦᠰᠦᠲᠡᠨ᠎ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠦᠯᠢᠭᠡᠷ ᠢ᠋ ᠰᠠᠢᠲᠤᠷ ᠶᠠᠷᠢᠨ᠎ᠠ; ᠪᠠᠢᠩᠭᠤᠵᠢᠭᠰᠠᠨ ᠤᠷᠳᠤ ᠬᠤᠭᠤᠴᠠᠭᠠᠨ ᠤ᠋ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ᠎ᠶ᠋ᠢ ᠦᠨᠳᠦᠰᠦᠨ ᠱᠠᠲᠤᠨ ᠤ᠋ ᠵᠠᠰᠠᠯᠲᠠ᠂ ᠰᠣᠶᠣᠯ ᠤ᠋ᠨ ᠪᠠᠢᠭᠤᠯᠤᠯᠲᠠ᠂ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠵᠡᠷᠭᠡ ᠡᠯ᠎ᠡ ᠭᠣᠭ᠍ᠴᠣᠭ᠎ᠠ ᠳ᠋ᠤ ᠠᠭᠤᠰᠤᠯᠴᠠᠭᠤᠯᠵᠤ᠂ ᠦᠨᠳᠦᠰᠦᠲᠡᠨ᠎ᠨᠦᠭᠦᠳ ᠤ᠋ᠨ ᠤᠯᠠᠨ ᠲᠦᠮᠡᠨ ᠢ᠋ ᠬᠦᠳᠤᠯᠤᠨ ᠵᠢᠯᠣᠭᠣᠳᠴᠤ᠌ ᠵᠥᠪ ᠤᠨᠤᠪᠴᠢᠲᠠᠢ ᠤᠯᠤᠰ ᠤ᠋ᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ ᠤ᠋ ᠦᠵᠡᠯᠲᠡ᠂ ᠰᠣᠶᠣᠯ ᠤ᠋ᠨ ᠦᠵᠡᠯᠲᠡ᠂ ᠱᠠᠱᠢᠨ ᠰᠤᠷᠲᠠᠬᠤᠨ ᠤ᠋ ᠦᠵᠡᠯᠲᠡ᠎ᠲᠡᠶ ᠪᠣᠯᠭᠠᠨ᠎ᠠ; ᠪᠦᠯᠬᠦᠮᠳᠡᠨ ᠲᠡᠮᠡᠴᠡᠬᠦ᠌ ᠬᠦᠴᠦᠨ ᠢ᠋ ᠨᠢᠭ᠍ᠲᠠᠷᠠᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠤ᠋ ᠡᠷᠬᠢᠮ ᠳᠡᠭᠡᠳᠦ ᠢᠷᠠᠭᠤ ᠠᠯᠳᠠᠷ ᠢ᠋ ᠬᠠᠮᠠᠭᠠᠯᠠᠵᠤ᠂ ᠳᠤᠮᠳᠠᠳᠤ ᠤᠯᠤᠰ ᠤ᠋ᠨ ᠣᠨᠴᠠᠯᠢᠭ᠎ᠲᠠᠶ ᠣᠳᠣᠬᠢᠴᠢᠯᠠᠯᠳᠡ ᠵᠢᠨ  ᠥᠪᠥᠷ ᠮᠣᠩᠭᠣᠯ ᠤ᠋ᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠳ᠋ᠤ ᠬᠦᠴᠦᠨ ᠴᠢᠳᠠᠯ ᠵᠢᠡᠨ ᠡᠷᠭᠦᠨ᠎ᠡ᠃


4.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号